ᠰᠦᠩ ᠯᠢᠶᠣᠤ ᠶᠢᠨ ᠤᠰᠤᠨ ᠠᠰᠢᠭᠯᠠᠯᠲᠠ ᠶᠢᠨ ᠵᠥᠪᠯᠡᠯ ᠴᠠᠭᠳᠠᠨ ᠪᠠᠶᠢᠴᠠᠭᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/15
     ᠲᠤᠰ ᠥᠷᠲᠡᠭᠡᠨ ᠤ ᠮᠡᠳᠡᠭᠡ ᠰᠢᠨ᠎ᠡ ᠪᠠᠶᠢᠳᠠᠯ ᠳᠣᠣᠷᠠᠬᠢ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠪᠣᠯᠣᠨ ᠰᠦᠩ ᠯᠢᠶᠣᠣ ᠶᠢᠨ ᠤᠰᠤᠨ ᠠᠰᠢᠭᠯᠠᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠴᠠᠭᠳᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ 6 ᠰᠠᠷ᠎ᠠ ᠶᠢᠨ 13  ᠤ ᠡᠳᠦᠷ᠂ ᠰᠦᠩ ᠯᠢᠶᠣᠣ ᠶᠢᠨ ᠤᠰᠤᠨ ᠠᠰᠢᠭᠯᠠᠯᠲᠠ ᠶᠢᠨ ᠵᠥᠪᠯᠡᠯ ᠳᠥᠷᠪᠡᠳᠦᠭᠡᠷ ᠡᠭᠡᠯᠵᠢ ᠶᠢᠨ ᠲᠣᠭᠤᠷᠢᠨ ᠴᠠᠭᠳᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠨ ᠫᠧᠩ ᠲᠤᠬᠠᠢ ᠶᠢᠨ ᠲᠠᠯᠠᠪᠠᠢ ᠳᠤ ᠬᠢᠴᠢᠶᠡᠯ ᠣᠷᠣᠪᠠ᠃      ᠠᠨ ᠫᠧᠩ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ︽ᠴᠢᠨᠠᠷ ᠰᠠᠶᠢᠲᠠᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢ ᠬᠡᠷᠬᠢᠨ ᠰᠠᠶᠢᠲᠤᠷ ᠪᠢᠴᠢᠬᠦ ᠪᠤᠢ︾ ᠭᠡᠬᠦ ᠰᠡᠳᠦᠪ ᠢᠶᠠᠷ ᠴᠢᠨᠠᠷ ᠰᠠᠶᠢᠲᠠᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢᠨ ᠶᠡᠷᠦᠩᠬᠡᠢ ᠱᠠᠭᠠᠷᠳᠠᠯᠭ᠎ᠠ᠂ ᠴᠢᠨᠠᠷ ᠰᠠᠶᠢᠲᠠᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢ ᠰᠠᠶᠢᠲᠤᠷ ᠪᠢᠴᠢᠬᠦ ᠳᠤ ᠠᠩᠬᠠᠷᠬᠤ ᠴᠢᠬᠤᠯᠠᠲᠠᠢ ᠵᠦᠢᠯᠡᠰ᠂ ᠤᠭ ᠵᠣᠬᠢᠶᠠᠯ ᠢ ᠬᠡᠰᠡᠭ ᠬᠤᠪᠢᠶᠠᠨ ᠵᠠᠳᠠᠯᠬᠤ ᠵᠡᠷᠭᠡ ᠭᠤᠷᠪᠠᠨ ᠲᠠᠯ᠎ᠠ ᠠᠴᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠳᠤ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠯᠲᠠ ᠬᠢᠵᠡᠢ᠃      ᠬᠤᠷᠠᠯ ᠠᠴᠠ᠂ ᠲᠣᠭᠤᠷᠢᠨ ᠴᠠᠭᠳᠠᠬᠤ ᠮᠡᠳᠡᠭᠦᠯᠦᠯᠲᠡ ᠶᠢ ᠰᠠᠶᠢᠲᠤᠷ ᠪᠢᠴᠢᠬᠦ ᠪᠣᠯ ᠲᠣᠭᠤᠷᠢᠨ ᠴᠠᠭᠳᠠᠬᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠮᠥᠨ᠂ ᠲᠣᠭᠤᠷᠢᠨ ᠴᠠᠭᠳᠠᠬᠤ ᠠᠵᠢᠯ ᠤᠨ ᠪᠦᠲᠦᠮᠵᠢᠲᠡᠢ ᠬᠢᠨᠠᠯᠲᠠ ᠲᠠᠯᠪᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠴᠢᠳᠠᠬᠤ ᠡᠰᠡᠬᠦ᠂ ᠵᠢᠱᠢᠭᠰᠡᠨ ᠠᠵᠢᠯ ᠤᠨ ᠬᠠᠷᠠᠯᠲᠠ ᠳᠠᠭᠠᠨ ᠬᠦᠷᠴᠦ ᠴᠢᠳᠠᠬᠤ ᠡᠰᠡᠬᠦ ᠶᠢᠨ ᠤᠷᠢᠲᠠᠯ ᠪᠠ ᠰᠠᠭᠤᠷᠢ ᠮᠥᠨ᠃ ᠴᠢᠨᠠᠷ ᠰᠠᠶᠢᠲᠠᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠨᠢ ︽ᠳᠥᠷᠪᠡ ᠶᠢ ᠨᠠᠶᠢᠳᠠᠪᠤᠷᠢᠵᠢᠭᠤᠯᠬᠤ︾ ᠪᠠᠷ ᠭᠤᠣᠯᠯᠠᠭᠤᠯᠤᠨ ᠠᠰᠠᠭᠤᠳᠠᠯ ᠢ ᠲᠤᠰᠬᠠᠵᠤ᠂ ᠤᠯᠤᠰ ᠲᠦᠷᠦ ᠶᠢᠨ ᠵᠣᠭᠰᠣᠴᠠ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠂ ᠠᠷᠠᠳ ᠲᠦᠮᠡᠨ ᠤ ᠵᠣᠭᠰᠣᠯᠲᠠ ᠪᠣᠯᠣᠨ ᠬᠦᠷᠢᠶ᠎ᠡ ᠴᠠᠷᠠᠭ᠎ᠠ ᠶᠢᠨ ᠣᠨᠴᠠᠯᠢᠭ ᠢ ᠲᠣᠪᠤᠶᠢᠯᠭᠠᠨ ᠢᠯᠡᠷᠡᠭᠦᠯᠵᠦ᠂ ᠠᠰᠠᠭᠤᠳᠠᠯ ᠢ ᠵᠠᠳᠠᠯᠬᠤ᠂ ᠪᠣᠯᠪᠠᠰᠤᠷᠠᠭᠤᠯᠬᠤ᠂ ᠲᠥᠷᠥᠯᠵᠢᠭᠦᠯᠬᠦ ᠪᠠ ᠵᠢᠭᠰᠠᠭᠠᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠡᠷᠢᠵᠦ ᠢᠯᠡᠷᠡᠭᠦᠯᠬᠦ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠤᠷᠤᠯᠴᠠᠯᠭ᠎ᠠ ᠪᠣᠯᠪᠠᠰᠤᠷᠠᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠵᠢᠷᠤᠮᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠦᠩ ᠯᠢᠶᠣᠣ ᠶᠢᠨ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠭᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠠᠵᠢᠯᠲᠠᠳ ᠪᠣᠯᠪᠠᠰᠤᠷᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号