2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠵᠤᠷᠰᠢᠯᠲᠤ | ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ | ᠲᠢᠩᠬᠢᠮ ᠤᠨ ᠳᠠᠷᠤᠭ᠎ᠠ ᠵᠠᠩ ᠾᠧ ᠭᠤᠣᠯ ᠰᠡᠳᠦᠪᠲᠦ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠠᠭᠤᠭᠠᠯᠢ ᠲᠣᠭᠤᠷᠢᠭ | ᠬᠢᠭᠡᠳ ᠠᠳᠠᠯ ᠠᠬᠤᠢ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠧᠢ ᠵᠧᠨ ᠬᠤᠸᠠ᠂ ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠤᠯᠢ ᠲᠣᠭᠲᠠᠭᠠᠬᠤ ᠬᠤᠶᠠᠳᠤᠭᠠᠷ ᠭᠠᠵᠠᠷ ᠤᠨ ᠳᠡᠳ᠋ ᠳᠠᠷᠤᠭ᠎ᠠ | ᠶᠤᠸᠠᠨ ᠮᠧᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠤᠯᠵᠢᠯᠠᠭᠴᠢᠳ ᠤᠨ | ᠠᠰᠠᠭᠤᠯᠲᠠ ᠨᠤᠭᠤᠳ ᠢ ᠬᠠᠷᠢᠭᠤᠯᠵᠠᠢ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ | ᠤᠨ ᠲᠥᠷᠥ ᠶᠢᠨ ᠪᠣᠳᠣᠯᠭ᠎ᠠ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠵᠤᠷᠰᠢᠯᠲᠤ ᠬᠤᠷᠠᠯ ᠳᠡᠭᠡᠷᠡᠬᠢ | ᠨᠡᠶᠢᠲᠡᠯᠡᠯᠲᠡ ᠶᠢᠨ ᠦᠭᠡ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ | ᠳᠠᠷᠤᠭ᠎ᠠ ᠵᠠᠩ ᠾᠧ | ᠣᠷᠣᠨ ᠰᠠᠭᠤᠴᠠ ᠶᠢᠨ ᠠᠳᠠᠯ ᠠᠬᠤᠢ ᠨᠢ ᠪᠥᠬᠦ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠠᠬᠢᠭᠤᠯᠬᠤ ᠯᠤᠭ᠎ᠠ ᠬᠤᠯᠪᠣᠭᠳᠠᠳᠠᠭ᠂ ᠣᠷᠣᠨ ᠰᠠᠭᠤᠴᠠ ᠶᠢᠨ ᠠᠳᠠᠯ ᠠᠬᠤᠢ ᠶᠢᠨ | ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠨᠢ ᠪᠥᠬᠦ ᠣᠷᠣᠨ ᠤ | ᠠᠳᠠᠯ ᠠᠬᠤᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠥᠬᠦ ᠣᠷᠣᠨ ᠤ ᠠᠳᠠᠯ | ᠠᠬᠤᠢ ᠶᠢᠨ ᠵᠠᠰᠠᠯᠲᠠ ᠶᠢᠨ ᠲᠤᠰᠬᠠᠢ ᠠᠵᠢᠯ ᠢ ᠠᠬᠢᠭᠤᠯᠬᠤ᠂ ᠠᠳᠠᠯ ᠠᠬᠤᠢ ᠶᠢᠨ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠳᠠᠯ | ᠠᠬᠤᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠠᠳᠠᠯ | ᠠᠬᠤᠢ ᠶᠢᠨ ᠬᠠᠮᠢᠶᠠᠷᠤᠯᠲᠠ ᠳᠤ ᠵᠠᠷᠢᠮ ᠰᠢᠨ᠎ᠡ ᠪᠠᠶᠢᠳᠠᠯ᠂ ᠰᠢᠨ᠎ᠡ ᠠᠰᠠᠭᠤᠳᠠᠯ ᠤᠳ ᠢᠯᠡᠷᠡᠵᠦ᠂ ᠵᠠᠷᠢᠮ ᠡᠬᠢ | ᠡᠭᠦᠰᠦᠯ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠲᠠᠰᠤᠷᠠᠯᠲᠠ ᠦᠭᠡᠢ ᠲᠣᠪᠣᠶᠢᠮ᠎ᠠ ᠢᠯᠡᠷᠡᠵᠦ᠂ ᠬᠡᠰᠡᠭ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠥᠮᠴᠢᠲᠠᠳ ᠤᠨ ᠺᠣᠮᠢᠰ ᠪᠠᠶᠢᠭᠤᠯᠬᠤ ᠳᠤ ᠬᠦᠴᠢᠷᠲᠡᠢ᠂ | ᠦᠢᠯᠡᠳᠦᠯ ᠢ ᠨᠢ ᠪᠠᠳᠠᠷᠠᠭᠤᠯᠬᠤ ᠳᠤ ᠬᠦᠴᠢᠷᠲᠡᠢ ᠪᠠᠶᠢᠨ᠎ᠠ︔ ᠬᠡᠰᠡᠭ ᠡᠷᠲᠡᠨ ᠤ ᠪᠠ ᠬᠠᠭᠤᠴᠢᠨ ᠰᠠᠭᠤᠭᠠᠯᠢ | ᠲᠣᠭᠤᠷᠢᠭ ᠤᠨ ᠪᠡᠯᠡᠳᠬᠡᠮᠵᠢ ᠨᠦᠭᠦᠳ ᠨᠢ ᠬᠠᠭᠤᠴᠢᠷᠠᠵᠤ᠂ ᠰᠡᠯᠪᠢᠨ ᠵᠠᠰᠠᠬᠤ ᠳᠤ ᠬᠦᠴᠢᠷᠲᠡᠢ ᠠᠴᠠ ᠪᠣᠯᠵᠤ | ᠵᠥᠷᠢᠴᠡᠯ ᠵᠢᠭᠤᠷᠠᠯᠳᠤᠭᠠᠨ ᠠᠮᠠᠷᠬᠠᠨ ᠡᠭᠦᠰᠴᠦ ᠪᠠᠶᠢᠨ᠎ᠠ︔ ᠬᠡᠰᠡᠭ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠲᠣᠳᠣᠷᠬᠠᠢ ᠦᠭᠡᠢ᠂ ᠠᠳᠠᠯ ᠠᠬᠤᠢ ᠶᠢᠨ ᠦᠢᠯᠡᠴᠢᠯᠡᠭᠡ | ᠡᠮᠬᠢ ᠳᠢᠭᠯᠢᠮ ᠦᠭᠡᠢ᠂ ᠬᠠᠮᠢᠶᠠᠷᠤᠯᠲᠠ ᠬᠦᠴᠢᠷᠲᠡᠢ ᠵᠡᠷᠭᠡ ᠠᠰᠠᠭᠤᠳᠠᠯ ᠤᠳ ᠡᠳᠦᠷ ᠢᠷᠡᠬᠦᠶ᠎ᠡ ᠲᠣᠪᠣᠶᠢᠮ᠎ᠠ ᠪᠣᠯᠵᠤ | ᠪᠠᠶᠢᠨ᠎ᠠ᠃ | 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠭᠰᠡᠨ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠳᠤ ᠠᠳᠠᠯᠢ ᠪᠤᠰᠤ | ᠬᠠᠷᠠᠭᠠᠰᠤ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤ ᠠᠯᠢ ᠣᠯᠠᠨ ᠵᠢᠷᠤᠮᠵᠢᠯ ᠪᠠ | ᠲᠣᠬᠢᠷᠠᠭᠤᠯᠤᠯᠲᠠ ᠬᠢᠭᠰᠡᠨ ᠪᠠᠶᠢᠯ᠎ᠠ᠃ ᠤᠯᠤᠰ ᠤᠨ ᠬᠠᠤᠯᠢ ᠳᠦᠷᠢᠮ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ | ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠥᠮᠴᠢᠲᠡᠨ ᠪᠠ ᠠᠳᠠᠯ ᠠᠬᠤᠢ ᠶᠢᠨ | ᠦᠢᠯᠡᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠪᠠ | ᠠᠵᠢᠯᠯᠠᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠮᠦᠨᠡᠬᠢ ᠬᠤᠭᠤᠴᠠᠭᠠᠨ ᠳᠤ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠨᠤᠲᠠᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ︽ᠳᠦᠷᠢᠮ ︵ᠵᠠᠰᠠᠪᠤᠷᠢ ᠣᠷᠤᠭᠤᠯᠬᠤ ᠲᠥᠰᠥᠯ︶︾ ᠤᠨ | ᠬᠢᠨᠠᠭᠤᠯᠬᠤ ᠨᠣᠣᠷᠠᠭ ᠢ ᠲᠤᠭᠤᠷᠪᠢᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ | ᠬᠢᠨᠠᠭᠤᠯᠬᠤ ᠨᠣᠣᠷᠠᠭ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠵᠣᠬᠢᠴᠠᠭᠤᠯᠭ᠎ᠠ ᠪᠠ ᠵᠠᠰᠠᠪᠤᠷᠢ ᠣᠷᠣᠭᠤᠯᠵᠤ᠂ ᠡᠯ᠎ᠡ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠡᠯ᠎ᠡ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ | ᠵᠢᠴᠢ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠳᠠᠬᠢᠨ ᠳᠠᠪᠲᠠᠨ ᠰᠤᠳᠤᠯᠤᠨ | ᠨᠤᠲᠠᠯᠠᠬᠤ ᠪᠠᠷ ᠳᠠᠮᠵᠢᠭᠠᠳ 2021 ᠣᠨ ᠤ 9 ᠳ᠋ᠦ᠋ᠭᠡᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠶᠠᠷᠢᠯᠴᠠᠭᠤᠯᠤᠨ | ᠪᠠᠲᠤᠯᠠᠭᠤᠯᠤᠭᠠᠳ 2021 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠳᠡᠭᠡᠷ᠎ᠡ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ︾ ᠢ ᠪᠠᠲᠤᠯᠠᠭᠤᠯᠪᠠ᠃ | ᠰᠢᠨ᠎ᠡ ︽ᠳᠦᠷᠢᠮ︾ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠬᠤᠪᠢᠶᠠᠷᠢᠯᠠᠬᠤ᠂ ᠠᠳᠠᠯ | ᠠᠬᠤᠢ ᠶᠢᠨ ᠬᠠᠮᠢᠶᠠᠷᠤᠯᠲᠠ ᠶᠢᠨ ᠺᠣᠮᠢᠰ ᠪᠠᠶᠢᠭᠤᠯᠬᠤ᠂ ᠠᠳᠠᠯ ᠠᠬᠤᠢ ᠶᠢᠨ ᠡᠮᠦᠨᠡᠬᠢ ᠬᠤᠭᠤᠴᠠᠭᠠᠨ ᠤ ᠬᠠᠮᠢᠶᠠᠷᠤᠯᠲᠠ᠂ | ᠭᠡᠷ ᠪᠠᠶᠢᠰᠢᠩ ᠢ ᠵᠠᠰᠠᠨ ᠴᠢᠮᠡᠭᠯᠡᠬᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠲᠤᠰᠬᠠᠢ | ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠬᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ | ᠬᠠᠷᠢᠭᠤᠴᠠᠯᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠠᠯ᠎ᠠ ᠠᠴᠠ ᠠᠳᠠᠯ ᠠᠬᠤᠢ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠠᠭᠤᠯᠭ᠎ᠠ ᠳᠤ ᠵᠠᠰᠠᠪᠤᠷᠢ ᠣᠷᠣᠭᠤᠯᠵᠠᠢ᠃ | ᠨᠢᠭᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠲᠤᠬᠠᠢ᠃ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠪᠣᠯ ᠠᠳᠠᠯ ᠠᠬᠤᠢ ᠶᠢᠨ ᠬᠠᠮᠢᠶᠠᠷᠤᠯᠲᠠ ᠶᠢᠨ | ᠠᠵᠢᠯ ᠢ ᠥᠷᠨᠢᠭᠦᠯᠬᠦ ᠶᠢᠨ ᠰᠠᠭᠤᠷᠢ ᠪᠠ ᠤᠷᠢᠲᠠᠯ ᠮᠥᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠬᠤᠪᠢᠶᠠᠷᠢᠯᠠᠯ ᠤᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ | ᠲᠣᠭᠲᠠᠭᠠᠨ᠎ᠠ ᠭᠡᠵᠦ ᠲᠦᠷᠦ ᠶᠢᠨ ᠶᠠᠪᠤᠳᠠᠯ ᠤᠨ ᠬᠤᠷᠢᠶᠠᠨ ᠤ ︽ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ | ᠳᠤ ᠲᠣᠳᠣᠷᠬᠠᠢ ᠲᠣᠭᠲᠠᠭᠠᠵᠠᠢ᠃ ᠲᠣᠰ ᠤᠳᠠᠭᠠᠨ ᠤ ᠵᠠᠰᠠᠪᠤᠷᠢ ᠣᠷᠤᠭᠤᠯᠬᠤ ᠲᠣᠬᠢᠶᠠᠯ ᠢ ᠠᠰᠢᠭᠯᠠᠨ᠂ ᠪᠢᠳᠡ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠳᠤ ᠲᠣᠭᠲᠠᠭᠠᠯ ᠭᠠᠷᠭᠠᠯ᠎ᠠ᠂ ᠡᠭᠦᠨ ᠳᠤ | ᠭᠤᠣᠯᠳᠠᠭᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠵᠠᠷᠴᠢᠮ᠂ ᠰᠢᠨ᠎ᠡ ᠪᠠᠷ | ᠪᠠᠶᠢᠭᠤᠯᠤᠭᠳᠠᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ᠂ ᠨᠢᠭᠡᠨᠲᠡ | ᠠᠰᠢᠭᠯᠠᠯᠲᠠ ᠳᠤ ᠣᠷᠣᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠪᠠ | ᠲᠣᠬᠢᠷᠠᠭᠤᠯᠤᠯᠲᠠ ᠭᠡᠬᠦ ᠭᠤᠷᠪᠠᠨ ᠬᠡᠰᠡᠭ ᠢ ᠪᠠᠭᠲᠠᠭᠠᠪᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠬᠤᠪᠢᠶᠠᠷᠢᠯᠠᠯ ᠨᠢ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠠᠰᠢᠭᠲᠠᠢ ᠪᠠᠶᠢᠯᠭᠠᠬᠤ ᠪᠠᠷ | ᠵᠠᠷᠴᠢᠮ ᠪᠣᠯᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ | ᠦᠨᠡᠮᠯᠡᠯ ᠳᠤ ᠲᠣᠭᠲᠠᠭᠠᠭᠰᠠᠨ ᠬᠡᠷᠡᠭᠯᠡᠬᠦ ᠭᠠᠵᠠᠷ ᠤᠨ ᠬᠡᠪᠴᠢᠶ᠎ᠡ ᠪᠠᠷ ᠰᠠᠭᠤᠷᠢ ᠪᠣᠯᠭᠠᠵᠤ᠂ ᠭᠠᠵᠠᠷ ᠰᠢᠷᠣᠢ ᠬᠡᠷᠡᠭᠯᠡᠬᠦ | ᠡᠷᠬᠡ ᠶᠢᠨ ᠬᠠᠷᠢᠶᠠᠯᠠᠭᠳᠠᠬᠤ ᠬᠡᠪᠴᠢᠶ᠎ᠡ᠂ ᠪᠠᠷᠢᠯᠭ᠎ᠠ ᠶᠢᠨ ᠵᠦᠢᠯᠡᠰ ᠤᠨ ᠬᠡᠪᠴᠢᠶ᠎ᠡ᠂ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ ᠲᠥᠬᠦᠭᠡᠷᠦᠮᠵᠢ᠂ ᠪᠠᠶᠢᠭᠠᠯᠢ ᠶᠢᠨ ᠵᠠᠭᠠᠭ ᠬᠢᠵᠠᠭᠠᠷ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠠᠢ︔ ᠠᠳᠠᠯ ᠠᠬᠤᠢ ᠶᠢᠨ ᠬᠠᠮᠢᠶᠠᠷᠤᠯᠲᠠ ᠳᠤ ᠬᠡᠷᠡᠭᠯᠡᠬᠦ ᠭᠡᠷ | ᠪᠠᠶᠢᠰᠢᠩ᠂ ᠤᠰᠤ᠂ ᠴᠠᠬᠢᠯᠭᠠᠨ᠂ ᠢᠯᠴᠢ ᠬᠠᠩᠭᠠᠬᠤ᠂ ᠭᠠᠯ ᠤᠨᠲᠠᠷᠠᠭᠠᠬᠤ ᠵᠡᠷᠭᠡ ᠢᠵᠢ ᠪᠦᠷᠢᠳᠦᠭᠰᠡᠨ ᠪᠡᠯᠡᠳᠬᠡᠮᠵᠢ ᠪᠠ | ᠬᠠᠮᠢᠶ᠎ᠠ ᠪᠦᠬᠦᠢ ᠲᠠᠯᠠᠪᠤᠷ ᠭᠠᠵᠠᠷ ᠤᠨ ᠬᠠᠮᠲᠤ ᠪᠠᠷ ᠬᠡᠷᠡᠭᠯᠡᠬᠦ ᠶᠢ ᠰᠠᠯᠭᠠᠵᠤ ᠪᠣᠯᠬᠤ ᠦᠭᠡᠢ ᠪᠣᠯ᠂ ᠠᠳᠠᠯ ᠠᠬᠤᠢ ᠶᠢᠨ | ᠬᠠᠮᠢᠶᠠᠷᠤᠯᠲᠠ ᠶᠢᠨ ᠨᠢᠭᠡ ᠣᠷᠣᠨ ᠪᠦᠰᠡ ᠳᠤ ᠬᠤᠪᠢᠶᠠᠷᠢᠯᠠᠵᠤ ᠥᠭᠭᠦᠨ᠎ᠡ︔ ᠲᠤᠰᠠᠭᠠᠷᠯᠠᠨ ᠬᠡᠷᠡᠭᠯᠡᠵᠦ ᠪᠣᠯᠬᠤ ᠶᠢ ᠨᠢ | ᠠᠳᠠᠯ ᠠᠬᠤᠢ ᠶᠢᠨ ᠬᠠᠮᠢᠶᠠᠷᠤᠯᠲᠠ ᠶᠢᠨ ᠠᠳᠠᠯᠢ ᠪᠤᠰᠤ ᠣᠷᠣᠨ ᠪᠦᠰᠡ ᠳᠤ ᠬᠤᠪᠢᠶᠠᠷᠢᠯᠠᠨ ᠥᠭᠴᠦ ᠪᠣᠯᠣᠨ᠎ᠠ᠃ | ᠰᠢᠨ᠎ᠡ ᠪᠠᠷ ᠪᠠᠶᠢᠭᠤᠯᠤᠭᠳᠠᠭᠰᠠᠨ ᠠᠳᠠᠯ ᠠᠬᠤᠢ ᠶᠢᠨ ᠣᠷᠣᠨ ᠪᠦᠰᠡ ᠶᠢ ᠬᠤᠪᠢᠶᠠᠷᠢᠯᠠᠬᠤ ᠭᠤᠣᠯ ᠴᠣᠭᠴᠠ ᠪᠣᠯ | ᠪᠦᠲᠦᠭᠡᠨ ᠪᠠᠶᠢᠭᠤᠯᠤᠭᠰᠠᠨ ᠨᠢᠭᠡᠴᠡ ᠪᠣᠯᠣᠨ᠎ᠠ᠂ ᠪᠦᠲᠦᠭᠡᠨ ᠪᠠᠶᠢᠭᠤᠯᠤᠭᠰᠠᠨ ᠨᠢᠭᠡᠴᠡ ᠨᠢ ᠬᠤᠪᠢᠶᠠᠷᠢᠯᠠᠬᠤ | ᠵᠠᠷᠴᠢᠮ ᠤᠨ ᠰᠠᠭᠤᠷᠢᠨ ᠳᠡᠭᠡᠷ᠎ᠡ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ | ᠦᠨᠡᠮᠯᠡᠯ ᠪᠤᠶᠤ ᠲᠠᠸᠠᠷ ᠤᠨ ᠭᠡᠷ ᠪᠠᠶᠢᠰᠢᠩ ᠤᠨ ᠪᠡᠯᠡᠨ ᠭᠡᠷ ᠪᠠᠶᠢᠰᠢᠩ ᠢ ᠪᠣᠷᠣᠯᠠᠭᠤᠯᠬᠤ ᠠᠴᠠ ᠡᠮᠦᠨ᠎ᠡ᠂ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠭᠰᠠᠨ ᠮᠠᠲ᠋ᠧᠷᠢᠶᠠᠯ ᠢᠶᠠᠨ ᠠᠳᠠᠯ | ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠤᠨ᠎ᠠ᠃ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠳᠠᠩᠰᠠᠯᠠᠭᠤᠯᠤᠭᠰᠠᠨ ᠪᠠᠶᠢᠳᠠᠯ ᠢ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠮᠡᠳᠡᠭᠳᠡᠬᠦ | ᠬᠡᠷᠡᠭᠲᠡᠢ᠃ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠬᠤᠪᠢᠶᠠᠷᠢᠯᠠᠯ ᠪᠠ ᠲᠣᠬᠢᠷᠠᠭᠤᠯᠤᠯᠲᠠ ᠬᠢᠬᠦ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠬᠤᠪᠢᠶᠠᠷᠢᠯᠠᠯ ᠤᠨ ᠭᠤᠣᠯ ᠴᠣᠭᠴᠠ ᠪᠣᠯ ᠬᠤᠰᠢᠭᠤ ᠰᠢᠶᠠᠨ ᠤ ᠱᠠᠲᠤᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ᠎ᠠ᠂ ᠮᠥᠨ ᠬᠦ ᠬᠤᠪᠢᠶᠠᠷᠢᠯᠠᠬᠤ ᠵᠠᠷᠴᠢᠮ ᠤᠨ | ᠰᠠᠭᠤᠷᠢᠨ ᠳᠡᠭᠡᠷ᠎ᠡ᠂ ᠥᠮᠴᠢᠲᠠᠳ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠬᠤᠪᠢᠶᠠᠷᠢᠯᠠᠬᠤ ᠪᠤᠶᠤ ᠲᠣᠬᠢᠷᠠᠭᠤᠯᠤᠯᠲᠠ | ᠬᠢᠨ᠎ᠡ᠃ | ᠬᠤᠶᠠᠷ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠲᠤᠬᠠᠢ᠃ ᠵᠠᠷᠢᠮ ᠣᠷᠣᠨ ᠰᠠᠭᠤᠴᠠ ᠶᠢᠨ | ᠲᠣᠭᠤᠷᠢᠭ ᠤᠨ ᠥᠮᠴᠢᠲᠠᠳ ᠤᠨ ᠥᠪᠡᠷᠲᠡᠭᠡᠨ ᠵᠠᠰᠠᠬᠤ ᠤᠬᠠᠮᠰᠠᠷ ᠳᠣᠷᠤᠢ᠂ ᠢᠳᠡᠪᠬᠢᠵᠢᠯ ᠦᠭᠡᠢ᠂ ᠥᠮᠴᠢᠲᠠᠳ ᠤᠨ | ᠶᠡᠭᠡ ᠬᠤᠷᠠᠯ ᠢ ᠬᠤᠷᠠᠯᠳᠤᠭᠤᠯᠬᠤ ᠳᠤ ᠬᠦᠴᠢᠷ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ | ᠰᠣᠩᠭᠤᠨ ᠤᠷᠢᠬᠤ ᠬᠠᠤᠯᠢ ᠪᠠᠷ ᠲᠣᠭᠲᠠᠭᠠᠭᠰᠠᠨ ᠵᠢᠷᠤᠮ ᠢ ᠬᠡᠪ ᠤᠨ ᠶᠣᠰᠣᠭᠠᠷ ᠪᠡᠶᠡᠯᠡᠭᠦᠯᠬᠦ ᠳᠤ ᠬᠦᠴᠢᠷ ᠪᠠᠶᠢᠬᠤ | ᠵᠡᠷᠭᠡ ᠪᠠᠶᠢᠳᠠᠯ ᠤᠳ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠯᠠᠳᠠ᠂ ︽ᠣᠷᠣᠨ ᠰᠠᠭᠤᠴᠠ ᠶᠢᠨ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠪᠡᠭᠡᠵᠢᠩ᠂ ᠭᠤᠸᠠᠩᠵᠧᠦ ᠵᠡᠷᠭᠡ ᠭᠠᠵᠠᠷ ᠤᠳ ᠤᠨ ᠠᠮᠵᠢᠯᠲᠠ ᠲᠠᠢ ᠲᠤᠷᠰᠢᠯᠭ᠎ᠠ ᠪᠠᠷ ᠲᠣᠯᠢᠯᠠᠵᠤ | ᠰᠢᠨ᠎ᠡ ︽ᠳᠦᠷᠢᠮ︾ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ ᠪᠠᠶᠢᠭᠤᠯᠬᠤ ᠬᠤᠯᠪᠣᠭᠳᠠᠯ ᠪᠦᠬᠦᠢ | ᠲᠣᠭᠲᠠᠭᠠᠯ ᠢ ᠨᠡᠮᠡᠭᠰᠡᠨ ᠪᠠᠶᠢᠨ᠎ᠠ᠂ ᠡᠭᠦᠨ ᠳᠤ ᠭᠤᠣᠯᠴᠠᠭᠤ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ | ᠪᠠᠶᠢᠭᠤᠯᠬᠤ ᠪᠠᠶᠢᠳᠠᠯ ᠵᠢᠴᠢ ᠡᠭᠦᠷᠭᠡ ᠬᠠᠷᠢᠭᠤᠴᠠᠯᠭ᠎ᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ | ᠠᠵᠢᠯᠲᠠᠳ ᠤᠨ ᠪᠦᠷᠢᠯᠳᠦᠴᠡ ᠪᠠ ᠲᠤᠰᠢᠶᠠᠯ ᠡᠭᠦᠷᠭᠡᠯᠡᠬᠦ ᠬᠢᠷᠢ ᠬᠡᠮ᠂ ᠠᠳᠠᠯ ᠠᠬᠤᠢ ᠶᠢᠨ ᠬᠠᠮᠢᠶᠠᠷᠤᠯᠲᠠ ᠶᠢᠨ | ᠺᠣᠮᠢᠰ ᠤᠨ ᠠᠵᠢᠯᠯᠠᠬᠤ ᠬᠤᠭᠤᠴᠠᠭ᠎ᠠ ᠪᠠ ᠲᠠᠷᠬᠠᠭᠠᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠠᠳᠠᠯ ᠠᠬᠤᠢ ᠶᠢᠨ | ᠬᠠᠮᠢᠶᠠᠷᠤᠯᠲᠠ ᠶᠢᠨ ᠺᠣᠮᠢᠰ ᠪᠣᠯ ᠨᠢᠭᠡᠨ ᠲᠦᠷ ᠴᠠᠭ ᠤᠨ ᠪᠠᠶᠢᠭᠤᠯᠤᠮᠵᠢ ᠶᠤᠮ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠪᠣᠯ᠂ ᠥᠮᠴᠢᠲᠡᠨ ᠢ ᠵᠣᠬᠢᠶᠠᠨ ᠪᠠᠶᠢᠭᠤᠯᠵᠤ ᠥᠮᠴᠢᠲᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ ᠭᠠᠴᠠᠭ᠎ᠠ | ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ ᠠᠬᠤᠢ ᠶᠢᠨ | ᠬᠡᠷᠡᠭᠯᠡᠭᠴᠢ ᠶᠢᠨ ᠲᠥᠯᠥᠭᠡᠯᠡᠭᠴᠢ ᠵᠡᠷᠭᠡ ᠭᠤᠷᠪᠠ ᠠᠴᠠ ᠳᠡᠭᠡᠭᠰᠢᠬᠢ ᠰᠣᠨᠳᠣᠭᠤᠢ ᠲᠤᠭ᠎ᠠ ᠪᠠᠷ ᠪᠦᠷᠢᠯᠳᠦᠭᠦᠯᠵᠦ᠂ | ᠡᠭᠦᠨ ᠳᠤ ᠥᠮᠴᠢᠲᠠᠳ ᠤᠨ ᠲᠥᠯᠥᠭᠡᠯᠡᠭᠴᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠭᠡᠰᠢᠭᠦᠨ ᠤ | ᠬᠥᠮᠥᠨ ᠤ ᠲᠤᠭ᠎ᠠ ᠶᠢᠨ ᠬᠤᠶᠠᠷ ᠤᠨ ᠨᠢᠭᠡ ᠬᠤᠪᠢ ᠠᠴᠠ ᠳᠤᠲᠠᠭᠤ ᠪᠠᠶᠢᠵᠤ ᠪᠣᠯᠬᠤ ᠦᠭᠡᠢ᠂ ᠥᠮᠴᠢᠲᠠᠳ ᠤᠨ | ᠲᠥᠯᠥᠭᠡᠯᠡᠭᠴᠢ ᠶᠢ ᠰᠣᠩᠭᠤᠬᠤ ᠪᠠ ᠬᠢᠷᠢ ᠬᠡᠮ ᠢ ᠬᠢᠨᠠᠨ ᠪᠠᠶᠢᠴᠠᠭᠠᠬᠤ ᠶᠢ ᠥᠮᠴᠢᠲᠠᠳ ᠤᠨ ᠺᠣᠮᠢᠰ ᠤᠨ | ᠵᠢᠱᠢᠭᠳᠡᠭᠴᠢ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠡᠷᠬᠢᠯᠡᠭᠴᠢ ᠶᠢᠨ | ᠲᠤᠰᠢᠶᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ | ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ | ᠠᠷᠠᠳ ᠤᠨ ᠵᠥᠪᠯᠡᠯ ᠠᠴᠠ ᠨᠢᠭᠡ ᠥᠮᠴᠢᠲᠠᠳ ᠤᠨ ᠲᠥᠯᠥᠭᠡᠯᠡᠭᠴᠢ ᠶᠢ ᠵᠢᠭᠠᠨ ᠲᠣᠭᠲᠠᠭᠠᠵᠤ ᠡᠭᠦᠷᠭᠡᠯᠡᠭᠦᠯᠦᠨ᠎ᠡ︔ | ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠠᠵᠢᠯᠯᠠᠬᠤ ᠬᠤᠭᠤᠴᠠᠭ᠎ᠠ ᠨᠢ ᠡᠩ ᠤᠨ ᠪᠠᠶᠢᠳᠠᠯ ᠳᠤ ᠭᠤᠷᠪᠠᠨ | ᠵᠢᠯ ᠠᠴᠠ ᠬᠡᠲᠦᠷᠡᠵᠦ ᠪᠣᠯᠬᠤ ᠦᠭᠡᠢ᠂ ᠥᠮᠴᠢᠲᠠᠳ ᠤᠨ ᠶᠡᠭᠡ ᠬᠤᠷᠠᠯ ᠨᠢᠭᠡᠨᠲᠡ ᠪᠠᠶᠢᠭᠤᠯᠤᠭᠳᠠᠭᠰᠠᠨ᠂ | ᠥᠮᠴᠢᠲᠠᠳ ᠤᠨ ᠺᠣᠮᠢᠰ ᠢ ᠰᠣᠩᠭᠤᠨ ᠭᠠᠷᠭᠠᠬᠤ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢ | ᠲᠣᠬᠢᠷᠠᠭᠤᠯᠬᠤ᠂ ᠭᠡᠷ ᠪᠠᠶᠢᠰᠢᠩ ᠰᠦᠢᠳᠬᠡᠭᠳᠡᠭᠰᠡᠨ ᠵᠡᠷᠭᠡ ᠪᠤᠰᠤᠳ ᠪᠤᠰᠤᠳᠴᠢ ᠰᠢᠯᠲᠠᠭᠠᠨ ᠠᠴᠠ ᠪᠣᠯᠵᠤ ᠠᠳᠠᠯ | ᠠᠬᠤᠢ ᠶᠢᠨ ᠬᠠᠮᠢᠶᠠᠷᠤᠯᠲᠠ ᠶᠢᠨ ᠺᠣᠮᠢᠰ ᠣᠷᠣᠰᠢᠨ ᠲᠣᠭᠲᠠᠨᠢᠬᠤ ᠠᠷᠭ᠎ᠠ ᠦᠭᠡᠢ ᠪᠣᠯᠤᠭᠰᠠᠨ ᠪᠠᠶᠢᠪᠠᠯ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠤᠴᠢᠨ | ᠡᠳᠦᠷ ᠤᠨ ᠳᠣᠲᠣᠷ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ ᠲᠠᠷᠬᠠᠭᠠᠬᠤ ᠬᠡᠷᠡᠭᠲᠡᠢ᠃ | ᠭᠤᠷᠪᠠ ᠳᠤ ᠠᠳᠠᠯ ᠠᠬᠤᠢ ᠶᠢᠨ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠶᠢᠨ ᠲᠤᠬᠠᠢ᠃ ᠪᠦᠲᠦᠭᠡᠨ | ᠪᠠᠶᠢᠭᠤᠯᠤᠭᠰᠠᠨ ᠨᠢᠭᠡᠴᠡ ᠨᠢ ᠡᠷᠬᠡ ᠪᠠᠨ ᠳᠠᠪᠠᠭᠤᠯᠤᠨ ᠥᠮᠴᠢᠲᠡᠨ ᠤ ᠡᠷᠬᠡ ᠶᠢ ᠬᠡᠷᠡᠭᠵᠢᠭᠦᠯᠬᠦ᠂ ᠠᠳᠠᠯ ᠠᠬᠤᠢ ᠶᠢᠨ | ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠢ ᠵᠢᠷᠤᠮᠵᠢᠯ ᠦᠭᠡᠢ ᠲᠣᠬᠢᠷᠠᠭᠤᠯᠬᠤ᠂ ᠵᠠᠰᠠᠵᠤ ᠰᠡᠯᠪᠢᠬᠦ ᠶᠣᠰᠣᠲᠠᠢ | ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠬᠦ ᠦᠭᠡᠢ ᠪᠠᠶᠢᠬᠤ ᠠᠰᠠᠭᠤᠳᠠᠯ ᠤᠳ ᠲᠤ ᠴᠢᠭᠯᠡᠭᠦᠯᠦᠨ᠂ ᠰᠢᠨ᠎ᠡ ︽ᠳᠦᠷᠢᠮ︾ | ᠳᠤ ᠡᠶᠢᠨ ᠬᠦ ᠲᠣᠭᠲᠠᠭᠠᠪᠠ᠄ ᠠᠳᠠᠯ ᠠᠬᠤᠢ ᠶᠢᠨ ᠡᠮᠦᠨᠡᠬᠢ ᠬᠤᠭᠤᠴᠠᠭᠠᠨ ᠤ ᠦᠢᠯᠡᠴᠢᠯᠡᠭᠡᠨ ᠤ ᠭᠡᠷ᠎ᠡ ᠶᠢᠨ | ᠬᠤᠭᠤᠴᠠᠭ᠎ᠠ ᠶᠢ ᠠᠳᠠᠯ ᠠᠬᠤᠢ ᠶᠢᠨ ᠲᠥᠷᠥᠯ ᠵᠦᠢᠯ ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ ᠠᠴᠠ ᠡᠬᠢᠯᠡᠨ | ᠪᠣᠳᠤᠵᠤ ᠬᠠᠮᠤᠭ ᠤᠨ ᠣᠷᠳᠣ ᠳᠤ ᠪᠠᠨ ᠬᠤᠶᠠᠷ ᠵᠢᠯ ᠠᠴᠠ ᠬᠡᠲᠦᠷᠡᠭᠦᠯᠵᠦ ᠪᠣᠯᠬᠤ ᠦᠭᠡᠢ︔ ᠰᠢᠨ᠎ᠡ ᠪᠠᠷ ᠪᠠᠶᠢᠭᠤᠯᠬᠤ | ᠣᠷᠣᠨ ᠰᠠᠭᠤᠴᠠ ᠶᠢ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠠᠳᠠᠯ | ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠢ ᠬᠠᠷᠠᠬᠠᠨ ᠲᠤᠰᠢᠶᠠᠵᠤ ᠥᠭᠭᠦᠭᠡᠳᠦᠢ ᠪᠣᠯ᠂ ᠪᠦᠲᠦᠭᠡᠨ | ᠪᠠᠶᠢᠭᠤᠯᠤᠭᠰᠠᠨ ᠨᠢᠭᠡᠴᠡ ᠨᠢ ᠵᠠᠭᠤᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠠᠯᠠᠪᠠᠢ ᠲᠠᠢ ᠠᠳᠠᠯ | ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠲᠦᠷ ᠴᠠᠭ ᠤᠨ ᠭᠡᠷ ᠪᠠᠶᠢᠰᠢᠩ ᠬᠠᠩᠭᠠᠬᠤ ᠬᠡᠷᠡᠭᠲᠡᠢ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ | ᠲᠥᠯᠦᠪᠵᠢᠭᠦᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠦᠶᠡᠰ᠂ ᠵᠥᠪᠰᠢᠶᠡᠷᠡᠯ ᠤᠨ ᠦᠨᠡᠮᠯᠡᠯ ᠵᠢᠴᠢ | ᠳᠠᠭᠠᠯᠳᠤᠭᠤᠯᠤᠯ ᠵᠢᠷᠤᠭ ᠳᠡᠭᠡᠷ᠎ᠡ ᠲᠥᠬᠦᠷᠵᠢᠭᠦᠯᠦᠨ ᠪᠦᠲᠦᠭᠡᠨ ᠪᠠᠶᠢᠭᠤᠯᠬᠤ ᠠᠳᠠᠯ ᠠᠬᠤᠢ ᠶᠢᠨ ᠦᠢᠯᠡᠴᠢᠯᠡᠭᠡᠨ ᠳᠤ | ᠬᠡᠷᠡᠭᠯᠡᠬᠦ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠪᠠ ᠣᠷᠣᠨ ᠪᠠᠶᠢᠷᠢ ᠶᠢ ᠲᠣᠳᠣᠷᠬᠠᠶᠢᠯᠠᠬᠤ ᠬᠡᠷᠡᠭᠲᠡᠢ︔ ᠠᠳᠠᠯ | ᠠᠬᠤᠢ ᠶᠢᠨ ᠵᠠᠰᠠᠬᠤ ᠶᠢ ᠪᠠᠲᠤᠯᠠᠬᠤ ᠬᠤᠭᠤᠴᠠᠭ᠎ᠠ ᠪᠠ ᠬᠡᠪᠴᠢᠶᠡᠨ ᠳᠤ ᠶᠠᠰᠤ ᠴᠢᠨᠠᠷ ᠤᠨ ᠠᠰᠠᠭᠤᠳᠠᠯ ᠭᠠᠷᠪᠠᠯ᠂ | ᠠᠳᠠᠯ ᠠᠬᠤᠢ ᠶᠢᠨ ᠦᠢᠯᠡᠴᠢᠯᠡᠭᠡᠨ ᠤ ᠬᠥᠮᠥᠰ ᠪᠦᠲᠦᠭᠡᠨ ᠪᠠᠶᠢᠭᠤᠯᠤᠭᠰᠠᠨ ᠨᠢᠭᠡᠴᠡ ᠳᠤ ᠳᠠᠷᠤᠶᠢᠬᠠᠨ ᠮᠡᠳᠡᠭᠳᠡᠵᠦ᠂ | ᠪᠦᠲᠦᠭᠡᠨ ᠪᠠᠶᠢᠭᠤᠯᠤᠭᠰᠠᠨ ᠨᠢᠭᠡᠴᠡ ᠶᠢ ᠰᠢᠮᠳᠠᠭᠤᠯᠵᠤ ᠪᠠᠶᠢᠭᠠᠳ ᠴᠠᠭ ᠲᠤᠬᠠᠢ ᠳᠤ ᠨᠢ ᠰᠡᠯᠪᠢᠨ ᠵᠠᠰᠠᠭᠤᠯᠬᠤ | ᠬᠡᠷᠡᠭᠲᠡᠢ᠃ | ᠳᠥᠷᠪᠡ ᠳᠤ ᠭᠡᠷ ᠪᠠᠶᠢᠰᠢᠩ ᠢ ᠵᠠᠰᠠᠵᠤ ᠴᠢᠮᠡᠭᠯᠡᠬᠦ ᠲᠤᠬᠠᠢ᠃ ᠵᠠᠰᠠᠯ ᠴᠢᠮᠡᠭᠯᠡᠯ ᠤᠨ ᠠᠵᠢᠯ ᠥᠷᠭᠡᠨ ᠣᠯᠠᠨ | ᠥᠮᠴᠢᠲᠠᠳ ᠤᠨ ᠡᠳᠦᠷ ᠲᠣᠳᠣᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠵᠢᠷᠤᠮᠵᠢᠯ ᠦᠭᠡᠢ ᠵᠠᠰᠠᠯ | ᠴᠢᠮᠡᠭᠯᠡᠯ ᠤᠨ ᠠᠵᠢᠯᠯᠠᠭ᠎ᠠ ᠨᠢ ᠥᠮᠴᠢᠲᠠᠳ ᠤᠨ ᠬᠠᠮᠲᠤ ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠶᠢ ᠡᠪᠳᠡᠬᠦ᠂ | ᠥᠮᠴᠢᠲᠠᠳ ᠤᠨ ᠬᠠᠮᠲᠤ ᠪᠠᠷ ᠬᠡᠷᠡᠭᠯᠡᠬᠦ ᠭᠠᠵᠠᠷ ᠢ ᠡᠪᠳᠡᠬᠦ ᠵᠡᠷᠭᠡ ᠲᠠᠯᠳᠠ ᠭᠡᠮ ᠤᠳ ᠲᠠᠢ ᠪᠤᠶᠤ ᠥᠮᠴᠢᠲᠠᠳ ᠤᠨ | ᠬᠡᠪ ᠤᠨ ᠠᠮᠢᠳᠤᠷᠠᠯ ᠪᠠ ᠠᠮᠢᠳᠤᠷᠠᠯ ᠤᠨ ᠣᠷᠴᠢᠨ ᠨᠥᠬᠦᠴᠡᠯ ᠢ ᠨᠥᠯᠥᠭᠡᠯᠡᠬᠦ᠂ ᠴᠢᠨᠠᠭᠰᠢᠯᠠᠪᠠᠯ ᠪᠠᠰᠠ ᠭᠡᠷ | ᠪᠠᠶᠢᠰᠢᠩ ᠤᠨ ᠠᠮᠤᠷ ᠲᠦᠪᠰᠢᠨ ᠪᠠ ᠥᠮᠴᠢᠲᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠰᠦᠷᠳᠡᠭᠦᠯᠳᠡᠭ᠃ ᠰᠢᠨ᠎ᠡ ︽ᠳᠦᠷᠢᠮ︾ ᠳᠤ ᠳᠡᠭᠡᠷᠡᠬᠢ ᠠᠰᠠᠭᠤᠳᠠᠯ ᠤᠳ ᠲᠤ ᠴᠢᠭᠯᠡᠭᠦᠯᠦᠨ᠂ ᠥᠮᠴᠢᠲᠡᠨ᠂ ᠠᠳᠠᠯ | ᠠᠬᠤᠢ ᠶᠢᠨ ᠬᠡᠷᠡᠭᠯᠡᠭᠴᠢ ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠳᠤ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ | ᠵᠢᠴᠢ ᠬᠠᠮᠢᠶᠠᠷᠤᠯᠲᠠ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠶᠢ ᠵᠢᠷᠤᠮᠯᠠᠵᠤ᠂ ᠠᠳᠠᠯ | ᠠᠬᠤᠢ ᠶᠢᠨ ᠦᠢᠯᠡᠴᠢᠯᠡᠭᠡᠨ ᠤ ᠬᠥᠮᠥᠰ ᠲᠤ ᠤᠷᠢᠳᠠᠪᠠᠷ ᠮᠡᠳᠡᠭᠳᠡᠵᠦ᠂ ᠠᠳᠠᠯ ᠠᠬᠤᠢ ᠶᠢᠨ ᠦᠢᠯᠡᠴᠢᠯᠡᠭᠡᠨ ᠤ | ᠬᠥᠮᠥᠰ ᠤᠨ ᠰᠠᠨᠠᠭᠤᠯᠤᠭᠰᠠᠨ ᠵᠦᠢ ᠵᠣᠬᠢᠰᠲᠠᠢ ᠠᠩᠬᠠᠷᠬᠤ ᠵᠦᠢᠯᠡᠰ ᠢ ᠵᠢᠷᠤᠮᠯᠠᠬᠤ ᠶᠢᠨ ᠬᠠᠮᠲᠤ ᠲᠡᠳᠡᠨ ᠲᠠᠢ | ᠬᠠᠮᠵᠢᠯᠴᠠᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ | ᠬᠥᠮᠥᠰ ᠲᠤᠬᠠᠢ ᠶᠢᠨ ᠲᠠᠯᠠᠪᠠᠶ ᠶᠢ ᠲᠣᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠳᠡᠭᠡᠷ᠎ᠡ | ᠳᠤᠷᠠᠳᠤᠭᠰᠠᠨ ᠠᠰᠠᠭᠤᠳᠠᠯ ᠤᠳ ᠢ ᠣᠯᠵᠤ ᠮᠡᠳᠡᠪᠡᠯ᠂ ᠴᠠᠭ ᠲᠤᠬᠠᠢ ᠳᠤ ᠨᠢ ᠢᠳᠬᠠᠨ ᠬᠤᠷᠢᠭᠯᠠᠨ ᠵᠣᠭᠰᠤᠭᠠᠬᠤ | ᠬᠡᠷᠡᠭᠲᠡᠢ︔ ᠢᠳᠬᠠᠨ ᠬᠤᠷᠢᠭᠯᠠᠭᠠᠳ ᠵᠣᠭᠰᠣᠭᠠᠵᠤ ᠡᠰᠡ ᠴᠢᠳᠠᠭᠰᠠᠨ ᠪᠠᠶᠢᠪᠠᠯ᠂ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠮᠴᠢᠲᠠᠳ ᠤᠨ ᠺᠣᠮᠢᠰ ᠲᠤ ᠳᠠᠷᠤᠶᠢᠬᠠᠨ ᠮᠡᠳᠡᠭᠦᠯᠬᠦ | ᠬᠡᠷᠡᠭᠲᠡᠢ ᠭᠡᠵᠦ᠃ | ᠲᠠᠪᠤ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠲᠤᠰᠬᠠᠢ ᠡᠵᠡᠩᠨᠡᠯᠲᠡ ᠶᠢᠨ ᠪᠡᠯᠡᠳᠬᠡᠮᠵᠢ | ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠤᠬᠠᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ | ᠬᠠᠮᠢᠶ᠎ᠠ ᠪᠦᠬᠦᠢ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ | ᠤᠲᠠᠰᠤ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠪᠠ ᠰᠢᠨᠡᠳᠬᠡᠬᠦ ᠶᠠᠪᠤᠴᠠ ᠳᠤᠮᠳᠠ ᠠᠳᠠᠯ ᠠᠬᠤᠢ ᠶᠢᠨ | ᠦᠢᠯᠡᠴᠢᠯᠡᠭᠡᠨ ᠤ ᠬᠥᠮᠥᠨ ᠪᠠ ᠤᠰᠤ᠂ ᠴᠠᠬᠢᠯᠭᠠᠨ᠂ ᠢᠯᠴᠢ᠂ ᠰᠢᠲᠠᠮᠠᠬᠠᠢ ᠬᠡᠢ ᠬᠠᠩᠭᠠᠬᠤ ᠵᠡᠷᠭᠡ ᠨᠢᠭᠡᠴᠡ ᠶᠢᠨ | ᠬᠠᠷᠢᠭᠤᠴᠠᠯᠭ᠎ᠠ ᠲᠣᠳᠣᠷᠬᠠᠢ ᠦᠭᠡᠢ᠂ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ ᠤᠳ ᠲᠤ ᠴᠢᠭᠯᠡᠭᠦᠯᠦᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠭᠰᠠᠨ ︽ᠬᠤᠲᠠ ᠪᠠᠯᠭᠠᠰᠤᠨ ᠤ | ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠢᠯ ᠲᠥᠷᠥᠯ ᠤᠨ ᠰᠦᠢᠳᠬᠡᠯ ᠬᠤᠷᠢᠶᠠᠬᠤ ᠶᠢ | ᠴᠡᠭᠴᠡᠯᠡᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠡᠰᠡᠭ | ᠮᠤᠵᠢ ᠬᠤᠳᠠ ᠶᠢᠨ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠰᠢᠨ᠎ᠡ ︽ᠳᠦᠷᠢᠮ︾ ᠳᠤ | ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠤᠰᠤ᠂ ᠴᠠᠬᠢᠯᠭᠠᠨ᠂ ᠢᠯᠴᠢ᠂ ᠰᠢᠲᠠᠮᠠᠬᠠᠢ ᠬᠡᠢ ᠵᠡᠷᠭᠡ ᠶᠢ | ᠬᠠᠩᠭᠠᠬᠤ ᠨᠢᠭᠡᠴᠡ ᠨᠦᠭᠦᠳ ᠤᠨ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ | ᠬᠤᠭᠤᠯᠠᠢ ᠤᠲᠠᠰᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠠᠤᠯᠢ ᠲᠣᠭᠲᠠᠭᠠᠯ ᠶᠣᠰᠣᠭᠠᠷ | ᠲᠤᠰᠬᠠᠢ ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠢ᠂ ᠲᠡᠷᠡᠴᠢᠯᠡᠨ | ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠶᠢᠨ ᠲᠣᠨᠣᠭᠯᠠᠯ ᠵᠢᠴᠢ ᠲᠡᠭᠦᠨ ᠠᠴᠠ ᠪᠤᠰᠤᠳ ᠪᠡᠯᠡᠳᠬᠡᠮᠵᠢ | ᠲᠥᠬᠦᠭᠡᠷᠦᠮᠵᠢ ᠪᠤᠶᠤ ᠡᠷᠦᠬᠡ ᠳᠤ ᠣᠷᠣᠭᠤᠯᠬᠤ ᠵᠠᠯᠭᠠᠭᠠᠰᠤ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠶᠢ | ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠠᠵᠢᠯ ᠢ ᠬᠠᠷᠢᠭᠤᠴᠠᠭᠤᠯᠬᠤ ᠶᠢᠨ ᠬᠠᠮᠲᠤ ᠬᠠᠮᠢᠶ᠎ᠠ ᠪᠦᠬᠦᠢ | ᠵᠠᠷᠤᠳᠠᠯ ᠢ ᠨᠢ ᠡᠭᠦᠷᠭᠡᠯᠡᠭᠦᠯᠬᠦ ᠬᠡᠷᠡᠭᠲᠡᠢ ᠭᠡᠵᠦ ᠲᠣᠭᠲᠠᠭᠠᠵᠠᠢ᠃ | ᠵᠢᠷᠭᠤᠭ᠎ᠠ ᠳᠤ ᠬᠠᠤᠯᠢ ᠶᠢᠨ ᠬᠠᠷᠢᠭᠤᠴᠠᠯᠭ᠎ᠠ ᠶᠢᠨ ᠲᠤᠬᠠᠢ᠃ ᠰᠢᠨ᠎ᠡ ︽ᠳᠦᠷᠢᠮ︾ ᠳᠤ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯ ᠲᠥᠷᠥᠯ ᠢ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠭᠦᠯᠬᠦ ᠲᠤᠬᠠᠢ ᠭᠤᠣᠯᠳᠠᠯᠭ᠎ᠠ ᠲᠠᠢ | ᠠᠰᠠᠭᠤᠳᠠᠯ ᠤᠳ ᠲᠤ ᠴᠢᠭᠯᠡᠭᠦᠯᠦᠨ᠂ ᠬᠠᠮᠢᠶ᠎ᠠ ᠪᠦᠬᠦᠢ ᠲᠣᠷᠭᠠᠭᠤᠯᠢ ᠰᠢᠢᠳᠬᠡᠯ ᠤᠨ ᠳᠦᠷᠢᠮ ᠢ ᠲᠣᠭᠲᠠᠭᠠᠪᠠ᠂ | ᠡᠭᠦᠨ ᠳᠤ ᠭᠤᠣᠯᠴᠠᠭᠤ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ᠂ ᠠᠳᠠᠯ ᠠᠬᠤᠢ ᠶᠢᠨ ᠡᠮᠦᠨᠡᠬᠢ ᠬᠤᠭᠤᠴᠠᠭᠠᠨ ᠤ ᠦᠢᠯᠡᠴᠢᠯᠡᠭᠡᠨ ᠤ ᠭᠡᠷ᠎ᠡ᠂ ᠲᠦᠷ ᠴᠠᠭ ᠤᠨ | ᠬᠠᠮᠢᠶᠠᠷᠤᠯᠲᠠ ᠶᠢᠨ ᠭᠡᠷ᠎ᠡ ᠶᠢ ᠳᠠᠩᠰᠠᠯᠠᠭᠤᠯᠬᠤ ᠪᠠ ᠵᠠᠰᠠᠯᠲᠠ ᠰᠡᠯᠪᠢᠯᠲᠡ ᠬᠢᠬᠦ ᠶᠢ ᠪᠠᠲᠤᠯᠠᠬᠤ ᠡᠭᠦᠷᠭᠡ | ᠬᠠᠷᠢᠭᠤᠴᠠᠯᠭ᠎ᠠ ᠶᠢᠨ ᠲᠣᠷᠭᠠᠭᠤᠯᠢ ᠶᠢᠨ ᠳᠦᠷᠢᠮ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠦᠢᠯᠡᠴᠢᠯᠡᠭᠡᠨ ᠤ ᠭᠡᠷ᠎ᠡ᠂ ᠠᠳᠠᠯ ᠠᠬᠤᠢ ᠶᠢᠨ ᠲᠥᠷᠥᠯ ᠵᠦᠢᠯ ᠢ ᠲᠤᠰᠢᠶᠠᠬᠤ ᠪᠠ ᠭᠥᠯᠢᠶᠡᠨ ᠠᠪᠬᠤ ᠶᠢ ᠪᠦᠷᠢᠳᠬᠡᠨ | ᠳᠠᠩᠰᠠᠯᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠠᠴᠠ | ᠳᠤᠷ᠎ᠠ ᠪᠠᠷ ᠢᠶᠠᠨ ᠰᠠᠯᠵᠤ ᠭᠠᠷᠬᠤ᠂ ᠠᠳᠠᠯ ᠠᠬᠤᠢ ᠶᠢᠨ ᠦᠢᠯᠡᠴᠢᠯᠡᠭᠡ ᠪᠠᠨ ᠵᠣᠭᠰᠤᠭᠠᠬᠤ᠂ ᠥᠮᠴᠢᠲᠡᠨ ᠠᠳᠠᠯ | ᠠᠬᠤᠢ ᠶᠢᠨ ᠦᠢᠯᠡᠴᠢᠯᠡᠭᠡᠨ ᠤ ᠰᠦᠢᠳᠬᠡᠯ ᠢ ᠦᠯᠦ ᠲᠤᠰᠢᠶᠠᠭᠰᠠᠨ ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ | ᠭᠥᠯᠢᠶᠡᠨ ᠠᠪᠬᠤ ᠶᠢ ᠲᠡᠪᠴᠢᠬᠦ᠂ ᠰᠢᠨ᠎ᠡ ᠪᠠᠷ ᠰᠣᠩᠭᠤᠭᠳᠠᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠡᠨ ᠤ | ᠬᠥᠮᠥᠨ ᠤ ᠦᠢᠯᠡᠴᠢᠯᠡᠬᠦ ᠶᠢ ᠬᠤᠷᠢᠭᠯᠠᠬᠤ ᠲᠣᠷᠭᠠᠭᠤᠯᠢ ᠶᠢᠨ ᠳᠦᠷᠢᠮ︔ ᠤᠰᠤ᠂ ᠴᠠᠬᠢᠯᠭᠠᠨ᠂ ᠢᠯᠴᠢ᠂ ᠰᠢᠲᠠᠮᠠᠬᠠᠢ | ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠡ ᠨᠦᠭᠦᠳ ᠲᠤᠰᠬᠠᠢ ᠡᠵᠡᠩᠨᠡᠯᠲᠡ ᠶᠢᠨ | ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠤᠲᠠᠰᠤ ᠶᠢ ᠭᠥᠯᠢᠶᠡᠨ ᠠᠪᠬᠤ ᠶᠢ ᠲᠡᠪᠴᠢᠬᠦ᠂ | ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ | ᠵᠠᠰᠠᠬᠤ᠂ ᠠᠷᠠᠴᠢᠯᠠᠨ ᠬᠠᠮᠠᠭᠠᠯᠠᠬᠤ ᠪᠤᠶᠤ ᠰᠢᠨᠡᠳᠬᠡᠬᠦ ᠶᠢ ᠲᠡᠪᠴᠢᠬᠦ ᠬᠠᠷᠢᠭᠤᠴᠠᠯᠭ᠎ᠠ ᠶᠢᠨ ᠲᠣᠷᠭᠠᠭᠤᠯᠢ ᠶᠢᠨ ᠳᠦᠷᠢᠮ | ᠵᠡᠷᠭᠡ ᠪᠤᠢ︔ ᠲᠣᠷᠭᠠᠭᠤᠯᠢ ᠶᠢᠨ ᠳᠦᠷᠢᠮ ᠨᠢ ᠵᠢᠷᠤᠮᠵᠢᠭᠤᠯᠬᠤ ᠪᠠᠷ ᠭᠤᠣᠯ ᠪᠣᠯᠭᠠᠵᠤ᠂ ᠰᠢᠢᠳᠬᠡᠬᠦ ᠪᠠᠷ ᠬᠠᠪᠰᠤᠷᠤᠮᠵᠢ | ᠪᠣᠯᠭᠠᠨ᠎ᠠ᠃ ᠡᠭᠦᠨ ᠤ ᠬᠠᠮᠲᠤ ᠲᠣᠷᠭᠠᠬᠤ ᠭᠤᠣᠯ ᠴᠣᠭᠴᠠ᠂ ᠬᠠᠤᠯᠢ ᠬᠡᠷᠡᠭᠵᠢᠭᠦᠯᠬᠦ ᠭᠤᠣᠯ ᠴᠣᠭᠴᠠ᠂ | ᠲᠣᠷᠭᠠᠭᠤᠯᠢ ᠶᠢᠨ ᠵᠣᠭᠤᠰ ᠤᠨ ᠲᠤᠭ᠎ᠠ᠂ ᠳᠥᠯᠥᠬᠦ ᠬᠠᠷᠢᠭᠤᠴᠠᠯᠭ᠎ᠠ ᠵᠢᠴᠢ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠤᠨ ᠲᠣᠭᠲᠠᠭᠠᠯ ᠢ ᠵᠥᠷᠢᠴᠡᠭᠰᠡᠨ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠬᠤᠯᠪᠣᠭᠳᠠᠯ | ᠪᠦᠬᠦᠢ ᠰᠠᠯᠠᠭ᠎ᠠ ᠮᠥᠴᠢᠷ ᠯᠦᠭᠡ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠰᠢᠨ᠎ᠡ ︽ᠳᠦᠷᠢᠮ︾ ᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ ᠢ | ᠠᠬᠢᠭᠤᠯᠬᠤ ᠶᠢᠨ ᠬᠠᠮᠲᠤ ᠬᠤᠶᠢᠰᠢᠳᠠ ᠶᠢᠨ ᠢᠵᠢ ᠪᠦᠷᠢᠳᠦᠭᠦᠯᠦᠭᠰᠡᠨ ᠳᠦᠷᠢᠮ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠠᠳᠠᠯ | ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ᠂ ᠠᠳᠠᠯ | ᠠᠬᠤᠢ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ᠂ ᠬᠠᠤᠯᠢᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠣᠷᠣᠨ ᠤ ᠠᠳᠠᠯ ᠠᠬᠤᠢ ᠶᠢᠨ ᠠᠵᠢᠯ ᠲᠥᠷᠥᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠣᠨᠢᠨ ᠮᠡᠳᠡᠭᠡ | ᠨᠡᠶᠢᠲᠡᠯᠡᠬᠦ ᠵᠤᠷᠰᠢᠯᠲᠤ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ ᠨᠤᠭᠤᠳ | ᠥᠪᠥᠷ ᠮᠣᠩᠭᠤᠯ ᠤᠨ ᠬᠠᠤᠯᠢ ᠳᠦᠷᠢᠮ ᠤᠨ ᠰᠣᠨᠢᠨ ᠤ ᠰᠤᠷᠪᠤᠯᠵᠢᠯᠠᠭᠴᠢ᠄ ᠪᠢ ᠵᠠᠰᠠᠪᠤᠷᠢ ᠣᠷᠣᠭᠤᠯᠬᠤ ᠠᠴᠠ | ᠡᠮᠦᠨ᠎ᠡ ᠬᠤᠶᠢᠨᠠᠬᠢ ᠳᠦᠷᠢᠮ ᠤᠨ ᠠᠭᠤᠯᠭ᠎ᠠ ᠶᠢ ᠬᠠᠷᠢᠴᠠᠭᠤᠯᠤᠭᠠᠳ ᠡᠨᠡ ᠤᠳᠠᠭ᠎ᠠ ᠶᠢᠨ ᠵᠠᠰᠠᠪᠤᠷᠢ ᠣᠷᠣᠭᠤᠯᠤᠭᠰᠠᠨ | ᠳᠦᠷᠢᠮ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ ᠡᠳᠦᠢ ᠲᠡᠳᠦᠢ ᠨᠡᠮᠡᠭᠳᠡᠭᠰᠡᠨ ᠪᠥᠭᠡᠳ ᠨᠠᠩ | ᠬᠠᠨᠳᠤᠯᠭᠠᠲᠤ ᠴᠢᠨᠠᠷᠲᠠᠢ ᠪᠠᠶᠢᠬᠤ ᠶᠢ ᠣᠯᠵᠤ ᠮᠠᠲᠠᠵᠠᠢ᠂ ᠡᠨᠡ ᠲᠠᠯ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ᠤᠤ︖ | ᠶᠤᠸᠠᠨ ᠮᠧᠶ᠄ ᠰᠠᠶᠢᠨ ᠤᠤ᠂ ᠲᠠᠨ ᠤ ᠳᠤᠷᠠᠳᠤᠭᠰᠠᠨ ᠠᠰᠠᠭᠤᠯᠲᠠ ᠮᠠᠰᠢ ᠴᠢᠬᠤᠯᠠ᠂ ᠳᠦᠷᠢᠮ ᠲᠣᠭᠲᠠᠭᠠᠯ ᠤᠨ | ᠵᠢᠷᠤᠮᠵᠢᠯᠠᠯ ᠤᠨ ᠲᠠᠯ᠎ᠠ ᠪᠠᠷ ᠴᠤ ᠲᠡᠷᠡ᠂ ᠠᠮᠢᠳᠤᠷᠠᠯ ᠤᠨ ᠦᠢᠯᠡᠳᠦᠯᠭᠡ ᠶᠢᠨ ᠲᠠᠯ᠎ᠠ ᠪᠠᠷ ᠴᠤ ᠲᠡᠷᠡ ᠴᠥᠮ ᠤᠯᠠᠨ ᠤ | ᠠᠩᠬᠠᠷᠤᠯ ᠢ ᠲᠠᠲᠠᠵᠤ ᠪᠤᠢ᠂ ᠲᠠᠨ ᠤ ᠠᠰᠠᠭᠤᠯᠲᠠ ᠳᠤ ᠬᠢᠯᠠᠶᠢᠯᠠ᠃ ᠲᠤᠰ ᠤᠳᠠᠭ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠳᠦᠷᠢᠮ︾ ᠳᠤ ᠵᠠᠰᠠᠪᠤᠷᠢ ᠣᠷᠣᠭᠤᠯᠬᠤ ᠳᠤ ᠪᠠᠨ ᠬᠠᠤᠯᠢ ᠶᠢᠨ | ᠬᠠᠷᠢᠭᠤᠴᠠᠯᠭ᠎ᠠ ᠶᠢᠨ ᠲᠠᠯ᠎ᠠ ᠪᠠᠷ ᠨᠡᠶᠢᠲᠡ 3 ᠵᠦᠢᠯ ᠢ ᠨᠡᠮᠡᠪᠡ᠄ ᠳᠠᠯᠠᠨ ᠳᠥᠷᠪᠡᠳᠦᠭᠡᠷ ᠵᠦᠢᠯ᠂ ᠳᠠᠯᠠᠨ ᠲᠠᠪᠤᠳᠤᠭᠠᠷ | ᠵᠦᠢᠯ᠂ ᠳᠠᠯ᠎ᠠ ᠶᠢᠰᠦᠳᠦᠭᠡᠷ ᠵᠦᠢᠯ ᠪᠣᠯᠣᠨ᠎ᠠ᠃ ᠡᠭᠦᠨ ᠳᠤ ᠳᠠᠯ᠎ᠠ ᠶᠢᠰᠦᠳᠦᠭᠡᠷ ᠵᠦᠢᠯ ᠳᠤ᠄ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠵᠢᠭᠦᠯᠬᠦ ᠲᠣᠷᠭᠠᠭᠤᠯᠢ ᠶᠢᠨ ᠡᠷᠬᠡ ᠶᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠲᠣᠷᠭᠠᠭᠤᠯᠢ ᠶᠢᠨ ᠡᠷᠬᠡ ᠶᠢ | ᠬᠠᠷᠢᠴᠠᠩᠭᠤᠢ ᠪᠠᠷ ᠲᠥᠪᠯᠡᠷᠡᠭᠦᠯᠦᠨ ᠲᠥᠷᠥᠯ ᠵᠦᠢᠯ ᠳᠤ ᠣᠷᠣᠭᠤᠯᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠳᠤ | ᠬᠦᠷᠪᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠭᠡᠵᠦ ᠳᠤᠷᠠᠳᠤᠭᠰᠠᠨ ᠶᠠᠪᠤᠳᠠᠯ ᠪᠣᠯ ᠬᠠᠤᠯᠢ | ᠬᠡᠷᠡᠭᠵᠢᠭᠦᠯᠬᠦ ᠭᠤᠣᠯ ᠴᠣᠭᠴᠠ ᠶᠢ ᠲᠣᠭᠲᠠᠭᠠᠭᠰᠠᠨ ᠨᠢᠭᠡᠨ ᠵᠣᠯᠭᠠᠯᠳᠤᠭᠤᠯᠬᠤ ᠴᠢᠨᠠᠷᠲᠠᠢ ᠵᠤᠷᠪᠤᠰ ᠶᠤᠮ᠃ | ᠭᠤᠣᠯᠳᠠᠯᠭ᠎ᠠ ᠨᠢ ᠳᠠᠯᠠᠨ ᠳᠥᠷᠪᠡᠳᠦᠭᠡᠷ ᠵᠦᠢᠯ᠂ ᠳᠠᠯᠠᠨ ᠲᠠᠪᠤᠳᠤᠭᠠᠷ ᠵᠦᠢᠯ ᠪᠣᠯᠣᠨ᠎ᠠ᠃ | ᠳᠠᠯᠠᠨ ᠳᠥᠷᠪᠡᠳᠦᠭᠡᠷ ᠵᠦᠢᠯ ᠪᠦᠲᠦᠭᠡᠨ ᠪᠠᠶᠢᠭᠤᠯᠬᠤ ᠨᠢᠭᠡᠴᠡ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ | ᠳᠤᠮᠳᠠᠬᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠤ ᠬᠠᠤᠯᠢ ᠬᠡᠷᠡᠭᠵᠢᠭᠦᠯᠬᠦ | ᠭᠤᠣᠯ ᠴᠣᠭᠴᠠ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠠᠳᠠᠯ ᠠᠬᠤᠢ ᠶᠢᠨ | ᠬᠠᠮᠢᠶᠠᠷᠤᠯᠲᠠ ᠶᠢᠨ ᠦᠢᠯᠡᠳᠦᠯᠭᠡ ᠳᠤᠮᠳᠠ ᠲᠤᠯᠭᠠᠷᠠᠳᠠᠭ ᠬᠦᠴᠢᠷᠲᠡᠢ᠂ ᠬᠠᠯᠠᠮᠰᠢᠯ ᠠᠰᠠᠭᠤᠳᠠᠯ ᠤᠳ ᠲᠠᠢ | ᠤᠶᠠᠯᠳᠤᠭᠤᠯᠤᠨ᠂ ᠲᠤᠰ ᠵᠤᠷᠪᠤᠰ ᠢ ᠬᠤᠶᠠᠷ ᠲᠥᠷᠦᠯ ᠬᠤᠪᠢᠶᠠᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ | ᠬᠠᠤᠯᠢ ᠵᠥᠷᠢᠴᠡᠭᠰᠡᠨ ᠬᠤᠶᠠᠷ ᠵᠦᠢᠯ ᠤᠨ ᠲᠦᠷᠪᠡᠨ ᠠᠵᠢᠯᠯᠠᠭ᠎ᠠ ᠶᠢ ᠲᠣᠷᠭᠠᠬᠤ ᠪᠣᠯᠪᠠ᠃ ᠡᠭᠦᠨ ᠳᠤ ᠨᠢᠭᠡᠳᠦᠭᠡᠷ | ᠵᠦᠢᠯ ᠤᠨ ᠦᠶᠯᠡ ᠠᠵᠢᠯᠯᠠᠭ᠎ᠠ ᠭᠡᠳᠡᠭ ᠨᠢ ᠪᠦᠲᠦᠭᠡᠨ ᠪᠠᠶᠢᠭᠤᠯᠬᠤ ᠨᠢᠭᠡᠴᠡ ᠳᠦᠷᠢᠮ ᠤᠨ ᠠᠷᠪᠠᠨ ᠲᠠᠪᠤᠳᠤᠭᠠᠷ | ᠵᠦᠢᠯ ᠤᠨ ᠨᠢᠭᠡᠳᠦᠭᠡᠷ ᠵᠤᠷᠪᠤᠰ᠂ ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ | ᠵᠥᠷᠢᠴᠡᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ᠂ ᠠᠳᠠᠯ ᠠᠬᠤᠢ ᠶᠢᠨ ᠡᠮᠦᠨᠡᠬᠢ | ᠬᠤᠭᠤᠴᠠᠭᠠᠨ ᠤ ᠦᠢᠯᠡᠴᠢᠯᠡᠭᠡᠨ ᠤ ᠭᠡᠷ᠎ᠡ᠂ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠶᠢ ᠥᠯᠥ ᠳᠠᠩᠰᠠᠯᠠᠭᠤᠯᠬᠤ | 3 ᠦᠶᠯᠡ ᠠᠵᠢᠯᠯᠠᠭ᠎ᠠ ᠶᠢ ᠵᠢᠭᠠᠵᠤ ᠪᠣᠶ᠃ ᠬᠡᠳᠦᠶᠢᠪᠡᠷ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠬᠤᠪᠢᠶᠠᠷᠢᠯᠠᠯ ᠢ ᠳᠠᠩᠰᠠᠯᠠᠬᠤ᠂ ᠠᠳᠠᠯ ᠠᠬᠤᠢ ᠶᠢᠨ ᠦᠢᠯᠡᠴᠢᠯᠡᠭᠡᠨ ᠤ ᠡᠮᠦᠨᠡᠬᠢ ᠬᠤᠭᠤᠴᠠᠭᠠᠨ ᠤ ᠭᠡᠷ᠎ᠡ ᠶᠢ | ᠳᠠᠩᠰᠠᠯᠠᠬᠤ᠂ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠭᠤᠷᠪᠠ ᠶᠢ ᠳᠠᠩᠰᠠᠯᠠᠬᠤ ᠠᠵᠢᠯᠯᠠᠭ᠎ᠠ ᠨᠢ ᠮᠡᠳᠡᠭᠳᠡᠬᠦ | ᠴᠢᠨᠠᠷᠲᠠᠢ ᠳᠠᠩᠰᠠᠯᠠᠭᠤᠯᠤᠯᠲᠠ ᠭᠡᠳᠡᠭ ᠪᠣᠯᠪᠠᠴᠤ ᠠᠳᠠᠯ ᠠᠬᠤᠢ ᠶᠢᠨ ᠬᠠᠮᠢᠶᠠᠷᠤᠯᠲᠠ ᠨᠢ ᠠᠷᠠᠳ ᠤᠨ ᠠᠮᠢᠳᠤᠷᠠᠯ᠂ | ᠬᠤᠲᠠ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠳᠠᠭ ᠤᠴᠢᠷ ᠠᠴᠠ ᠠᠵᠢᠯ ᠤᠨ | ᠳᠤᠮᠳᠠ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ | ᠦᠢᠯᠡᠴᠢᠯᠡᠭᠡᠨ ᠤ ᠳᠤᠮᠳᠠᠬᠢ ᠦᠯᠦ ᠳᠠᠩᠰᠠᠯᠠᠭᠤᠯᠬᠤ ᠠᠵᠢᠯᠯᠠᠭ᠎ᠠ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠡᠮᠬᠢ | ᠵᠢᠷᠤᠮ ᠪᠠ ᠥᠮᠴᠢᠲᠠᠳ ᠤᠨ ᠠᠮᠢᠳᠤᠷᠠᠯ ᠢ ᠨᠥᠯᠥᠭᠡᠯᠡᠳᠡᠭ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢ ᠪᠠᠲᠤᠯᠠᠬᠤ ᠶᠢᠨ ᠲᠤᠯᠠᠳᠠ᠂ ᠲᠤᠰ ᠲᠣᠭᠲᠠᠭᠠᠯ ᠢᠶᠠᠷ ᠳᠠᠮᠵᠢᠭᠤᠯᠤᠨ ᠭᠦᠨᠵᠡᠭᠡᠢ ᠰᠤᠳᠤᠯᠤᠨ | ᠨᠤᠲᠠᠯᠠᠵᠤ᠂ ᠪᠦᠲᠦᠭᠡᠨ ᠪᠠᠶᠢᠭᠤᠯᠬᠤ ᠨᠢᠭᠡᠴᠡ ᠶᠢᠨ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠦᠢᠯᠡ | ᠠᠵᠢᠯᠯᠠᠭ᠎ᠠ ᠶᠢ ᠵᠠᠷᠯᠢᠭᠳᠠᠨ ᠪᠠᠶᠢᠵᠤ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠬᠤ ᠪᠠᠷ ᠲᠣᠭᠲᠠᠭᠠᠵᠠᠢ᠂ | ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠡᠰᠡ ᠵᠠᠯᠠᠷᠠᠭᠤᠯᠤᠭᠰᠠᠨ ᠢ ᠨᠢ 5000 ᠲᠥᠭᠦᠷᠢᠭ ᠠᠴᠠ ᠳᠡᠭᠡᠭᠰᠢ 1 | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠪᠣᠯᠪᠠ᠃ ᠡᠭᠦᠨ ᠤ ᠵᠡᠷᠭᠡ ᠳᠤ᠂ ︽ᠣᠷᠣᠨ | ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠳ ᠤᠨ | ᠮᠡᠳᠡᠭᠳᠡᠯ︾ ︵ᠪᠠᠶᠢᠭᠤᠯᠤᠯᠲᠠ ᠲᠣᠭᠲᠠᠭᠠᠯ ﹇2020﹈ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ | ᠠᠳᠠᠯ ᠠᠬᠤᠢ ᠶᠢᠨ ᠬᠠᠮᠢᠶᠠᠷᠤᠯᠲᠠ ᠶᠢᠨ ᠠᠳᠠᠯ ᠠᠬᠤᠢ ᠶᠢᠨ ᠲᠥᠷᠥᠯ ᠵᠦᠢᠯ ᠢ ᠲᠤᠰᠢᠶᠠᠬᠤ ᠪᠠ ᠭᠥᠯᠢᠶᠡᠨ | ᠠᠪᠬᠤ ᠶᠢ ᠪᠦᠷᠢᠳᠬᠡᠨ ᠳᠠᠩᠰᠠᠯᠠᠬᠤ ᠬᠠᠤᠯᠢ ᠲᠣᠭᠲᠠᠭᠠᠯ ᠳᠠᠬᠢ ᠬᠠᠮᠢᠶ᠎ᠠ ᠪᠦᠬᠦᠢ ᠲᠣᠭᠲᠠᠭᠠᠯ ᠲᠠᠢ ᠤᠶᠠᠯᠳᠤᠭᠤᠯᠤᠨ᠂ | ᠬᠠᠤᠯᠢ ᠴᠠᠭᠠᠵᠠ ᠶᠢᠨ ᠬᠠᠷᠢᠭᠤᠴᠠᠯᠭ᠎ᠠ ᠲᠣᠭᠲᠠᠭᠠᠭᠰᠠᠨ ᠦᠭᠡᠢ᠂ ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ | ᠨᠠᠶᠢᠳᠠᠪᠤᠷᠢᠵᠢᠭᠤᠯᠤᠭᠰᠠᠨ ᠦᠭᠡᠢ ᠪᠠᠶᠢᠬᠤ ᠪᠣᠳᠠᠲᠠᠢ ᠪᠠᠶᠢᠳᠠᠯ ᠤᠨ ᠲᠠᠯ᠎ᠠ ᠪᠠᠷ ᠠᠷᠪᠠᠨ ᠲᠠᠪᠤᠳᠤᠭᠠᠷ ᠵᠦᠢᠯ ᠳᠤ᠂ | ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ | ᠰᠢᠢᠳᠬᠡᠨ ᠲᠣᠷᠭᠠᠬᠤ ᠳᠤ ᠪᠠᠨ᠂ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠦᠭᠡᠢ ᠪᠠᠶᠢᠪᠠᠯ ᠠᠳᠠᠯ | ᠠᠬᠤᠢ ᠶᠢᠨ ᠦᠢᠯᠡᠴᠢᠯᠡᠭᠡᠨ ᠤ ᠬᠥᠮᠥᠨ ᠢ ᠰᠢᠢᠳᠬᠡᠨ ᠲᠣᠷᠭᠠᠬᠤ᠂ ᠬᠠᠤᠯᠢ ᠬᠡᠷᠡᠭᠵᠢᠭᠦᠯᠬᠦ ᠭᠤᠣᠯ ᠴᠣᠭᠴᠠ ᠪᠠ | ᠰᠢᠢᠳᠬᠡᠨ ᠲᠣᠷᠭᠠᠬᠤ ᠬᠡᠮᠵᠢᠶ᠎ᠡ ᠶᠢ ᠨᠢᠭᠡᠳᠦᠭᠡᠷ ᠵᠤᠷᠪᠤᠰ ᠲᠤ ᠪᠠᠰᠠ ᠵᠣᠬᠢᠬᠤ ᠬᠡᠮᠵᠢᠶ᠎ᠡ ᠪᠠᠷ ᠲᠣᠭᠲᠠᠭᠠᠭᠰᠠᠨ ᠪᠥᠭᠡᠳ | ᠪᠦᠲᠦᠭᠡᠨ ᠪᠠᠶᠢᠭᠤᠯᠬᠤ ᠨᠢᠭᠡᠴᠡ ᠶᠢᠨ ᠰᠢᠢᠳᠬᠡᠨ ᠲᠣᠷᠭᠠᠬᠤ ᠲᠣᠭᠲᠠᠭᠠᠯ ᠲᠠᠢ ᠨᠢᠭᠡᠳᠦᠯᠲᠡᠢ ᠪᠣᠯᠭᠠᠪᠠ᠃ ᠲᠠᠪᠢᠨ | ᠨᠢᠭᠡᠳᠦᠭᠡᠷ ᠵᠦᠢᠯ ᠤᠨ ᠳᠥᠷᠪᠡᠳᠦᠭᠡᠷ ᠵᠤᠷᠪᠤᠰ᠂ ᠲᠠᠪᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠶᠣᠰᠣᠭᠠᠷ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠬᠢᠭᠰᠡᠨ ᠦᠭᠡᠢ᠂ ᠠᠳᠠᠯ ᠠᠬᠤᠢ ᠶᠢᠨ ᠵᠦᠢᠯᠡᠰ ᠢ ᠲᠤᠰᠢᠶᠠᠬᠤ ᠪᠠ | ᠭᠥᠯᠢᠶᠡᠨ ᠠᠪᠬᠤ ᠪᠠᠨ ᠳᠠᠩᠰᠠᠯᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ 5000 | ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ ᠰᠢᠢᠳᠬᠡᠨ ᠭᠡᠵᠦ | ᠲᠣᠭᠲᠠᠭᠠᠵᠠᠢ᠃ ᠳᠡᠭᠡᠷᠡᠬᠢ ᠬᠤᠶᠠᠷ ᠵᠦᠢᠯ ᠳᠤ᠂ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠲᠠᠪᠤᠨ | ᠠᠵᠢᠯᠯᠠᠭ᠎ᠠ ᠳᠤ ᠬᠠᠤᠯᠢ ᠶᠢᠨ ᠬᠠᠷᠢᠭᠤᠴᠠᠯᠭ᠎ᠠ ᠲᠣᠭᠲᠠᠭᠠᠵᠠᠢ᠃ | ᠲᠠᠯᠠᠨ ᠳᠥᠷᠪᠡᠳᠦᠭᠡᠷ ᠵᠦᠢᠯ ᠳᠠᠬᠢ ᠬᠤᠶᠠᠳᠤᠭᠠᠷ ᠵᠦᠢᠯ ᠤᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ | ᠭᠡᠳᠡᠭ ᠨᠢ ᠪᠦᠲᠦᠭᠡᠨ ᠪᠠᠶᠢᠭᠤᠯᠬᠤ ᠨᠢᠭᠡᠴᠡ ᠠᠳᠠᠯ ᠠᠬᠤᠢ ᠶᠢᠨ ᠬᠠᠮᠢᠶᠠᠷᠤᠯᠲᠠ ᠳᠤᠮᠳᠠ ᠳᠤ ᠵᠠᠰᠠᠬᠤ ᠶᠢ ᠪᠠᠲᠤᠯᠠᠬᠤ | ᠬᠤᠭᠤᠴᠠᠭ᠎ᠠ ᠪᠠ ᠬᠡᠪᠴᠢᠶᠡᠨ ᠳᠣᠲᠣᠷ᠎ᠠ ᠲᠣᠭᠲᠠᠭᠠᠯ ᠶᠣᠰᠣᠭᠠᠷ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠭᠰᠡᠨ ᠦᠭᠡᠢ | ᠪᠠᠶᠢᠳᠠᠯ ᠳᠤ ᠴᠢᠭᠯᠡᠭᠦᠯᠦᠭᠰᠡᠨ ᠲᠣᠷᠭᠠᠭᠤᠯᠢ ᠶᠢ ᠵᠢᠭᠠᠵᠤ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ | ᠡᠨᠡ ᠬᠦ ᠥᠮᠴᠢᠲᠡᠨ ᠤ ᠡᠷᠬᠡ ᠠᠰᠢᠭ ᠢ ᠬᠤᠬᠢᠷᠠᠭᠤᠯᠤᠭᠰᠠᠨ ᠡᠰᠡ ᠬᠢᠵᠦ ᠪᠣᠯᠬᠤ ᠠᠵᠢᠯᠯᠠᠭ᠎ᠠ ᠶᠢᠨ ᠲᠤᠬᠠᠢ᠂ | ᠤᠯᠤᠰ ᠤᠨ ︽ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠯᠪᠣᠭᠳᠠᠯ ᠪᠦᠬᠦᠢ ᠲᠣᠷᠭᠠᠭᠤᠯᠢ ᠶᠢᠨ ᠲᠣᠭᠲᠠᠭᠠᠯ ᠪᠠᠶᠢᠬᠤ ᠦᠭᠡᠢ᠂ | ᠬᠠᠤᠯᠢ ᠴᠠᠭᠠᠵᠠ ᠶᠢᠨ ᠬᠤᠭᠤᠰᠤᠨ ᠢ ᠨᠥᠬᠦᠪᠦᠷᠢᠯᠡᠬᠦ ᠶᠢᠨ ᠲᠤᠯᠠᠳᠠ ︽ᠪᠦᠲᠦᠭᠡᠨ ᠪᠠᠶᠢᠭᠤᠯᠤᠯᠲᠠ ᠶᠢᠨ ᠠᠵᠢᠯ ᠤᠨ | ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠳᠠᠬᠢ ᠪᠠᠷᠢᠯᠭ᠎ᠠ ᠪᠠᠷᠢᠬᠤ ᠨᠢᠭᠡᠴᠡ ᠶᠢ ᠲᠣᠷᠭᠠᠬᠤ ᠲᠤᠬᠠᠢ | ᠲᠣᠭᠲᠠᠭᠠᠯ᠂ ᠳᠠᠷᠤᠢ ᠳᠠᠯᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ | ᠳᠦᠷᠢᠮ ᠤᠨ ᠳᠥᠴᠢ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠠᠳᠠᠯ ᠠᠬᠤᠢ ᠶᠢᠨ | ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠦᠯᠦ ᠡᠭᠦᠷᠭᠡᠯᠡᠭᠰᠡᠳ ᠢ᠂ ᠵᠠᠷᠯᠢᠭᠳᠠᠵᠤ ᠪᠠᠶᠢᠭᠠᠳ ᠲᠣᠭᠲᠠᠭᠰᠠᠨ | ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ | 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ | ᠥᠮᠴᠢᠲᠠᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ | ᠭᠡᠵᠦ ᠲᠣᠭᠲᠠᠭᠠᠵᠠᠢ᠃ | ᠳᠦᠷᠢᠮ ᠤᠨ ᠲᠠᠯᠠᠨ ᠲᠠᠪᠤᠳᠤᠭᠠᠷ ᠵᠦᠢᠯ ᠪᠣᠯ ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ ᠤ ᠬᠢᠵᠦ | ᠦᠯᠦ ᠪᠣᠯᠬᠤ ᠰᠢᠨᠵᠢ ᠴᠢᠨᠠᠷ ᠲᠠᠢ ᠬᠠᠤᠯᠢ ᠠᠴᠠ ᠵᠥᠷᠢᠴᠡᠭᠰᠡᠨ ᠭᠤᠷᠪᠠᠨ ᠵᠦᠢᠯ ᠤᠨ ᠠᠵᠢᠯᠯᠠᠭ᠎ᠠ᠂ ᠳᠤᠷ᠎ᠠ ᠪᠠᠷ ᠢᠶᠠᠨ | ᠦᠢᠯᠡᠳᠦᠭᠰᠡᠨ ᠰᠢᠨᠵᠢ ᠴᠢᠨᠠᠷ ᠲᠠᠢ ᠲᠦᠷᠪᠡᠨ ᠵᠦᠢᠯ ᠤᠨ ᠠᠵᠢᠯᠯᠠᠭ᠎ᠠ ᠳᠤ ᠴᠢᠭᠯᠡᠭᠦᠯᠦᠨ ᠲᠣᠭᠲᠠᠭᠠᠭᠰᠠᠨ | ᠬᠠᠤᠯᠢ ᠶᠢᠨ ᠬᠠᠷᠢᠭᠤᠴᠠᠯᠭ᠎ᠠ ᠮᠥᠨ᠃ ᠡᠭᠦᠨ ᠳᠤ ᠨᠢᠭᠡᠳᠦᠭᠡᠷ ᠵᠤᠷᠪᠤᠰ ᠲᠠᠬᠢ ᠲᠣᠭᠲᠠᠭᠠᠯ ᠶᠣᠰᠣᠭᠠᠷ ᠥᠯᠥ | ᠳᠠᠩᠰᠠᠯᠠᠭᠤᠯᠤᠭᠰᠠᠨ ᠬᠤᠶᠠᠷ ᠦᠶᠯᠡ ᠠᠵᠢᠯᠯᠠᠭ᠎ᠠ ᠶᠢ ᠡᠮᠦᠨ᠎ᠡ ᠨᠢᠭᠡᠨᠲᠡ ᠲᠠᠶᠢᠯᠪᠤᠷᠢᠯᠠᠪᠠ᠂ ᠨᠥᠭᠦᠭᠡ ᠨᠢᠭᠡ ᠬᠢᠵᠦ | ᠦᠯᠦ ᠪᠣᠯᠬᠤ ᠦᠶᠯᠡ ᠠᠵᠢᠯᠯᠠᠭ᠎ᠠ ᠪᠣᠯ ᠬᠤᠶᠠᠳᠤᠭᠠᠷ ᠵᠤᠷᠪᠤᠰ ᠲᠠᠬᠢ ᠳᠦᠷᠢᠮ ᠲᠣᠭᠲᠠᠭᠠᠯ ᠤᠨ ᠶᠣᠰᠣᠭᠠᠷ ᠬᠠᠮᠢᠶ᠎ᠠ | ᠪᠦᠬᠦᠢ ᠮᠡᠳᠡᠭᠡ ᠵᠠᠩᠭᠢ ᠶᠢ ᠥᠯᠥ ᠵᠠᠷᠯᠠᠨ ᠨᠡᠶᠢᠲᠡᠯᠡᠭᠰᠡᠨ ᠦᠶᠯᠡ ᠠᠵᠢᠯᠯᠠᠭ᠎ᠠ ᠪᠣᠯᠣᠨ᠎ᠠ᠂ ᠠᠳᠠᠯ ᠠᠬᠤᠢ ᠶᠢᠨ | ᠦᠢᠯᠡᠴᠢᠯᠡᠭᠡᠨ ᠤ ᠬᠥᠮᠥᠰ ᠢ ᠰᠢᠪᠠᠳᠠᠭᠤᠯᠤᠨ ᠪᠠᠶᠢᠵᠤ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠪᠠ | ᠶᠠᠰᠤ ᠴᠢᠨᠠᠷ ᠢ ᠳᠡᠭᠡᠭᠰᠢᠯᠡᠭᠦᠯᠦᠨ᠂ ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ ᠪᠠ ᠥᠮᠴᠢᠲᠡᠨ ᠤ ᠡᠶ᠎ᠡ | ᠵᠣᠬᠢᠴᠠᠩᠭᠤᠢ ᠪᠠᠶᠢᠬᠤ ᠶᠢ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ | ᠠᠳᠡ ᠬᠥᠷᠰᠢ ᠵᠡᠷᠭᠡᠯᠡᠳᠡᠭᠡ ᠮᠤᠵᠢ ᠣᠷᠣᠨ ᠤ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ | ᠲᠣᠭᠲᠠᠭᠠᠯ ᠶᠣᠰᠣᠭᠠᠷ ᠮᠡᠳᠡᠭᠳᠡᠬᠦ ᠴᠢᠨᠠᠷᠲᠠᠢ ᠳᠠᠩᠰᠠᠯᠠᠭᠤᠯᠤᠯᠲᠠ ᠬᠢᠭᠰᠡᠨ ᠦᠭᠡᠢ ᠶᠢ ᠲᠣᠷᠭᠠᠨ ᠰᠢᠢᠳᠬᠡᠬᠦ ᠯᠤᠭ᠎ᠠ | ᠠᠳᠠᠯᠢᠪᠲᠤᠷ ᠨᠡᠯᠢᠶᠡᠳ ᠬᠥᠩᠭᠡᠨ ᠲᠣᠷᠭᠠᠭᠤᠯᠢ ᠰᠢᠢᠳᠬᠡᠯ ᠤᠨ ᠲᠣᠭᠲᠠᠭᠠᠯ ᠢ ᠵᠣᠬᠢᠴᠠᠩᠭᠤᠢ ᠲᠣᠭᠲᠠᠭᠠᠪᠠ᠃ ᠲᠠᠪᠢᠨ | ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠢᠯᠡ ᠲᠣᠳᠣ | ᠪᠠᠶᠢᠷᠢᠨ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠦᠭᠡᠢ ᠪᠠᠶᠢᠪᠠᠯ ᠵᠠᠷᠯᠢᠭᠳᠠᠨ ᠪᠠᠶᠢᠵᠤ | ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ | ᠦᠭᠡᠢ ᠪᠣᠯ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠭᠡᠵᠦ ᠲᠣᠭᠲᠠᠭᠠᠵᠠᠢ᠃ | ᠲᠠᠯᠠᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ ᠨᠢ ᠭᠤᠣᠯᠳᠠᠭᠤ ᠠᠳᠠᠯ | ᠠᠬᠤᠢ ᠶᠢᠨ ᠦᠢᠯᠡᠴᠢᠯᠡᠭᠡᠨ ᠤ ᠬᠥᠮᠥᠨ ᠤ ᠠᠳᠠᠯ ᠠᠬᠤᠢ ᠶᠢᠨ ᠵᠦᠢᠯᠡᠰ ᠢ ᠲᠤᠰᠢᠶᠠᠬᠤ ᠪᠠ ᠭᠥᠯᠢᠶᠡᠨ ᠠᠪᠬᠤ | ᠶᠠᠪᠤᠴᠠ ᠳᠠᠬᠢ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠲᠣᠷᠭᠠᠭᠤᠯᠢ ᠰᠢᠢᠳᠬᠡᠯ ᠪᠣᠯᠣᠨ᠎ᠠ᠃ | ᠠᠳᠠᠯ ᠠᠬᠤᠢ ᠶᠢᠨ ᠲᠥᠷᠥᠯ ᠵᠦᠢᠯ ᠢ ᠵᠢᠷᠤᠮᠵᠢᠭᠤᠯᠤᠨ ᠲᠤᠰᠢᠶᠠᠬᠤ ᠪᠠ ᠲᠦᠷᠦᠯ ᠵᠦᠢᠯ ᠠᠴᠠ ᠪᠤᠴᠠᠨ ᠭᠠᠷᠭᠠᠵᠤ | ᠪᠣᠯᠬᠤ᠂ ᠥᠮᠴᠢᠲᠠᠳ ᠤᠨ ᠬᠠᠮᠲᠤ ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠪᠠ ᠬᠠᠮᠢᠶ᠎ᠠ ᠪᠦᠬᠦᠢ ᠲᠠᠯᠠᠪᠤᠷ | ᠭᠠᠵᠠᠷ ᠤᠨ ᠬᠡᠪ ᠤᠨ ᠬᠡᠷᠡᠭᠯᠡᠯᠲᠡ ᠶᠢ ᠪᠠᠲᠤᠯᠠᠬᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠮᠠᠲ᠋ᠧᠷᠢᠶᠠᠯ ᠢ ᠬᠠᠮᠠᠭᠠᠯᠠᠨ ᠬᠠᠳᠠᠭᠠᠯᠠᠬᠤ᠂ ᠥᠮᠴᠢᠲᠠᠳ ᠤᠨ ᠬᠠᠮᠲᠤ ᠶᠢᠨ ᠡᠳ᠋ ᠬᠥᠷᠥᠩᠭᠡ ᠪᠠ ᠠᠰᠢᠭ ᠲᠤᠰᠠ ᠶᠢ | ᠬᠠᠮᠠᠭᠠᠯᠠᠨ ᠬᠤᠬᠢᠷᠠᠯ ᠳ᠋ᠤ᠋ᠤᠴᠠᠷᠠᠭᠤᠯᠬᠤ ᠦᠭᠡᠢ ᠶᠢᠨ ᠲᠤᠰᠠᠳᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠡᠮᠬᠢ | ᠳᠢᠭᠯᠢᠮ ᠢ ᠪᠠᠲᠤᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠥᠮᠥᠨ ᠪᠠ ᠥᠮᠴᠢᠲᠡᠨ ᠤ ᠬᠠᠷᠢᠭᠤᠴᠠᠯᠭ᠎ᠠ ᠪᠠ | ᠡᠭᠦᠷᠭᠡ ᠶᠢ ᠲᠣᠳᠣᠷᠬᠠᠶᠢᠯᠠᠵᠤ᠂ ᠢᠲᠡᠭᠡᠯ ᠠᠯᠳᠠᠭᠰᠠᠨ᠂ ᠬᠠᠷᠢᠭᠤᠴᠠᠯᠭ᠎ᠠ ᠠᠯᠳᠠᠭᠰᠠᠨ ᠦᠢᠯᠡ ᠠᠵᠢᠯᠯᠠᠭ᠎ᠠ ᠢ ᠴᠢᠩᠭ᠎ᠠ | ᠰᠢᠢᠳᠬᠡᠬᠦ ᠲᠤᠬᠠᠢ ᠪᠤᠰᠤᠳ ᠮᠤᠵᠢ ᠣᠷᠣᠨ ᠤ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠲᠣᠯᠢ ᠪᠣᠯᠭᠠᠭᠠᠳ | ᠰᠢᠢᠳᠬᠡᠯ ᠲᠣᠷᠭᠠᠭᠤᠯᠢ ᠶᠢᠨ ᠲᠣᠭᠲᠠᠭᠠᠯ ᠨᠡᠮᠡᠪᠡ᠂ ᠲᠤᠬᠠᠶᠢᠯᠠᠪᠠᠯ᠄ ᠲᠠᠪᠢᠨ ᠵᠢᠷᠭᠤᠳᠤᠭᠠᠷ ᠵᠦᠢᠯ ᠤᠨ ᠬᠤᠶᠠᠳᠤᠭᠠᠷ | ᠵᠤᠷᠪᠤᠰ ᠤᠨ ᠲᠣᠭᠲᠠᠭᠠᠯ ᠢ ᠵᠥᠷᠢᠴᠡᠵᠦ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠠᠴᠠ ᠳᠤᠷ᠎ᠠ ᠪᠠᠷ ᠢᠶᠠᠨ | ᠰᠠᠯᠵᠤ ᠭᠠᠷᠬᠤ᠂ ᠠᠳᠠᠯ ᠠᠬᠤᠢ ᠶᠢᠨ ᠦᠢᠯᠡᠴᠢᠯᠡᠭᠡ ᠪᠠᠨ ᠵᠣᠭᠰᠤᠭᠠᠬᠤ ᠶᠢ ᠵᠠᠷᠯᠢᠭᠳᠠᠨ ᠪᠠᠶᠢᠵᠤ ᠲᠣᠭᠲᠠᠭᠰᠠᠨ | ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠡᠰᠡ ᠵᠠᠯᠠᠷᠠᠭᠤᠯᠤᠭᠰᠠᠨ ᠪᠠᠶᠢᠪᠠᠯ 1 | ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃ ᠲᠠᠪᠢᠨ | ᠳᠣᠯᠣᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠥᠮᠴᠢᠲᠡᠨ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠵᠡᠷᠭᠡ ᠶᠢ ᠦᠯᠦ ᠲᠤᠰᠢᠶᠠᠭᠰᠠᠨ ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ | ᠭᠥᠯᠢᠶᠡᠨ ᠠᠪᠬᠤ ᠶᠢ ᠲᠡᠪᠴᠢᠵᠦ᠂ ᠰᠢᠨ᠎ᠡ ᠪᠠᠷ ᠰᠣᠩᠭᠤᠭᠳᠠᠨ ᠤᠷᠢᠭᠳᠠᠭᠰᠠᠨ ᠠᠳᠠᠯ ᠠᠬᠤᠢ ᠶᠢᠨ ᠦᠢᠯᠡᠴᠢᠯᠡᠭᠡᠨ ᠤ | ᠬᠥᠮᠥᠨ ᠤ ᠲᠠᠯᠠᠪᠤᠷ ᠲᠤ ᠣᠷᠣᠵᠤ ᠦᠢᠯᠡᠴᠢᠯᠡᠬᠦ ᠶᠢ ᠬᠠᠷᠰᠢᠯᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳᠲ᠋ᠣᠭᠲᠠᠭᠰᠠᠨ | ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ 1 | ᠲᠦᠮᠡᠨ ᠲᠥᠭᠦᠷᠢᠭ ᠡᠴᠠᠲ᠋ᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃ | ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ | ᠭᠡᠵᠦ ᠲᠣᠭᠲᠠᠭᠠᠵᠠᠢ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠪᠣᠯ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠡᠪᠡᠴᠦ ᠵᠠᠯᠬᠠᠭᠠᠨ ᠰᠢᠢᠳᠬᠡᠬᠦ ᠪᠣᠯ ᠬᠠᠤᠯᠢ ᠲᠣᠭᠲᠠᠭᠠᠬᠤ | ᠵᠣᠷᠢᠯᠭ᠎ᠠ ᠪᠠ ᠠᠷᠭ᠎ᠠ ᠪᠠᠷᠢᠯ ᠪᠢᠰᠢ ᠶᠤᠮ᠂ ᠬᠠᠤᠯᠢ ᠴᠠᠭᠠᠵᠠ ᠶᠢᠨ ᠴᠢᠳᠠᠮᠵᠢ ᠨᠢ ᠨᠡᠩ ᠢᠯᠡᠭᠦᠦ ᠬᠥᠲᠥᠯᠥᠨ | ᠳᠠᠭᠠᠭᠤᠯᠬᠤ᠂ ᠵᠢᠱᠢᠶ᠎ᠡ ᠦᠵᠡᠭᠦᠯᠬᠦ᠂ ᠡᠭᠦᠷᠭᠡ ᠴᠢᠳᠠᠪᠤᠷᠢ ᠶᠢᠨ ᠴᠢᠳᠠᠮᠵᠢ ᠶᠢ ᠪᠠᠳᠠᠷᠠᠭᠤᠯᠬᠤ ᠪᠠᠷ ᠳᠠᠮᠵᠢᠭᠤᠯᠤᠨ | ᠨᠡᠶᠢᠭᠡᠮ ᠳᠠᠶᠠᠭᠠᠷ ᠤᠨ ᠬᠠᠤᠯᠢ ᠶᠣᠰᠣᠭᠠᠷ ᠠᠵᠢᠯᠯᠠᠵᠤ ᠬᠠᠤᠯᠢ ᠶᠢ ᠰᠠᠬᠢᠬᠤ ᠤᠬᠠᠮᠰᠠᠷ ᠢ ᠠᠭᠠᠵᠢᠮ ᠢᠶᠠᠷ ᠪᠤᠢ | ᠪᠣᠯᠭᠠᠬᠤ ᠳᠤ ᠪᠠᠶᠢᠳᠠᠭ᠂ ᠮᠢᠨᠤ ᠲᠠᠨᠢᠯᠴᠠᠭᠤᠯᠭ᠎ᠠ ᠤᠯᠠᠨ ᠳᠤ ᠬᠠᠪᠰᠤᠷᠤᠯᠭ᠎ᠠ ᠪᠣᠯᠬᠤ ᠪᠣᠯᠲᠤᠭᠠᠢ᠃ ᠪᠠᠶᠠᠷᠯᠠᠯ᠎ᠠ︕ | ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠤᠷᠪᠤᠯᠵᠢᠯᠠᠭᠴᠢ᠄ ᠣᠳᠣᠬᠠᠨ ᠳᠤ᠂ ᠮᠠᠰᠢ ᠣᠯᠠᠨ ᠣᠷᠣᠨ | ᠰᠠᠭᠤᠴᠠ ᠶᠢᠨ ᠲᠣᠭᠤᠷᠢᠭ ᠲᠤ ᠥᠮᠴᠢᠲᠠᠳ ᠤᠨ ᠺᠣᠮᠢᠰ ᠪᠠᠶᠢᠭᠤᠯᠬᠤ ᠳᠤ ᠬᠦᠴᠢᠷ᠂ ᠵᠠᠷᠤᠳᠠᠯ ᠳᠤᠲᠠᠮᠠᠭ᠂ | ᠦᠢᠯᠡᠳᠦᠯ ᠢᠶᠠᠨ ᠪᠠᠳᠠᠷᠠᠭᠤᠯᠬᠤ ᠳᠤ ᠬᠦᠴᠢᠷ ᠪᠠᠶᠢᠬᠤ ᠵᠡᠷᠭᠡ ᠠᠰᠠᠭᠤᠳᠠᠯ ᠤᠳ ᠣᠷᠣᠰᠢᠵᠤ ᠪᠠᠶᠢᠨ᠎ᠠ᠂ ᠵᠠᠰᠠᠪᠤᠷᠢ | ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ︾ ᠳᠤ ᠶᠠᠮᠠᠷ ᠶᠠᠮᠠᠷ ᠲᠣᠭᠲᠠᠭᠠᠯ ᠢᠶᠠᠷ ᠡᠲᠡᠭᠡᠷ ᠠᠰᠠᠭᠤᠳᠠᠯ ᠤᠳ ᠢ ᠰᠢᠢᠳᠪᠦᠷᠢᠯᠡᠭᠰᠡᠨ ᠪᠣᠶ︖ ᠯᠧᠢ ᠵᠧᠨ | ᠬᠤᠸᠠ᠄ ︵ᠨᠢᠭᠡ︶ ᠥᠮᠴᠢᠲᠡᠨ ᠤ ᠳᠤᠮᠳᠠᠬᠢ ᠨᠥᠬᠦᠴᠡᠯ ᠳᠤ ᠨᠡᠶᠢᠴᠡᠭᠰᠡᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ ᠤ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠥᠮᠴᠢᠲᠠᠳ ᠤᠨ ᠺᠣᠮᠢᠰ ᠤᠨ | ᠭᠡᠰᠢᠭᠦᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃ ᠥᠮᠴᠢᠲᠠᠳ ᠤᠨ ᠺᠣᠮᠢᠰ ᠪᠠᠶᠢᠭᠤᠯᠤᠭᠳᠠᠬᠤ ᠶᠠᠪᠤᠴᠠ ᠳᠤ᠂ | ᠥᠮᠴᠢᠲᠠᠳ ᠤᠨ ᠺᠣᠮᠢᠰ ᠤᠨ ᠭᠡᠰᠢᠭᠦᠨ ᠢ ᠰᠣᠩᠭᠤᠬᠤ ᠪᠠ ᠲᠤᠰᠢᠶᠠᠯ ᠡᠭᠦᠷᠭᠡᠯᠡᠬᠦ ᠬᠥᠮᠥᠨ ᠢ ᠲᠣᠭᠲᠠᠭᠠᠬᠤ ᠳᠤ | ᠨᠡᠯᠢᠶᠡᠳ ᠬᠦᠴᠢᠷᠲᠡᠢ ᠪᠠᠶᠢᠳᠠᠭ᠂ ᠡᠭᠦᠨ ᠤ ᠭᠤᠣᠯ ᠰᠢᠯᠲᠠᠭᠠᠨ ᠨᠢ᠄ ᠨᠢᠭᠡ ᠳᠤ᠂ ᠥᠮᠴᠢᠲᠠᠳ ᠤᠨ ᠺᠣᠮᠢᠰ ᠤᠨ | ᠠᠵᠢᠯ ᠢ ᠥᠷᠨᠢᠭᠦᠯᠬᠦ ᠳᠤ ᠵᠠᠷᠤᠳᠠᠯ ᠤᠨ ᠪᠠᠲᠤᠯᠠᠭ᠎ᠠ ᠦᠭᠡᠢ᠂ ᠵᠥᠪᠬᠡᠨ ᠲᠤᠰᠢᠶᠠᠯ ᠬᠠᠪᠰᠤᠷᠭᠠᠬᠤ ᠪᠠ ᠰᠠᠶᠢᠨ | ᠳᠤᠷ᠎ᠠ ᠠᠴᠠ ᠪᠠᠨ ᠣᠷᠤᠯᠴᠠᠬᠤ ᠳᠤ ᠲᠦᠰᠢᠭᠯᠡᠨ᠂ ᠲᠤᠰᠢᠶᠠᠯ ᠡᠭᠦᠷᠭᠡᠯᠡᠬᠦ ᠴᠢᠳᠠᠪᠤᠷᠢ ᠲᠠᠢ ᠥᠮᠴᠢᠲᠡᠨ ᠨᠢ ᠠᠵᠢᠯ | ᠬᠢᠬᠦ ᠳᠤᠷ᠎ᠠ ᠦᠭᠡᠢ᠂ ᠬᠢᠬᠦ ᠰᠠᠨᠠᠭ᠎ᠠ ᠲᠠᠢ ᠳᠤ ᠨᠢ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠦᠶᠯᠡ ᠠᠵᠢᠯᠯᠠᠭ᠎ᠠ | ᠴᠥᠭᠡᠨ ᠪᠤᠰᠤ ᠨᠢ ᠣᠷᠣᠰᠢᠵᠤ᠂ ᠥᠮᠴᠢᠲᠠᠳ ᠤᠨ ᠺᠣᠮᠢᠰ ᠪᠠᠶᠢᠭᠤᠯᠬᠤ ᠳᠤ ᠬᠦᠴᠢᠷᠲᠡᠢ᠂ ᠠᠵᠢᠯᠠᠭᠤᠯᠬᠤ ᠳᠤ | ᠬᠦᠴᠢᠷᠲᠡᠢ᠂ ᠪᠠᠶᠢᠭᠤᠯᠤᠭᠳᠠᠭᠰᠠᠨ ᠤ ᠳᠠᠷᠠᠭ᠎ᠠ ᠠᠵᠢᠯ ᠶᠠᠪᠤᠭᠳᠠᠬᠤ ᠦᠭᠡᠢ ᠪᠤᠶᠤ ᠳᠤᠷ᠎ᠠ ᠪᠠᠷ ᠢᠶᠠᠨ ᠦᠶᠯᠡᠳᠬᠦ | ᠪᠠᠶᠢᠳᠠᠯ ᠪᠣᠶ ᠪᠣᠯᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠬᠡᠪ ᠢᠶᠠᠷ ᠶᠠᠪᠤᠭᠳᠠᠬᠤ ᠶᠢ ᠨᠥᠯᠥᠭᠡᠯᠡᠵᠦ | ᠪᠠᠶᠢᠨ᠎ᠠ᠃ ᠬᠤᠶᠠᠷ ᠲᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠬᠠᠷᠢᠭᠤᠴᠠᠯᠭᠠᠲᠤ | ᠰᠡᠳᠬᠢᠯᠭᠡ ᠪᠠᠷ ᠴᠢᠩᠭ᠎ᠠ᠂ ᠲᠥᠪ ᠭᠤᠣᠯᠴᠢ ᠠᠷᠢᠭᠤᠨ ᠴᠢᠬᠡᠴᠢ ᠥᠮᠴᠢᠲᠠᠳ ᠪᠠᠶᠢᠪᠠᠴᠤ ᠥᠮᠴᠢᠲᠠᠳ ᠤᠨ | ᠺᠣᠮᠢᠰ ᠤᠨ ᠠᠵᠢᠯ ᠨᠢ ᠥᠷᠨᠢᠭᠦᠯᠬᠦ ᠳᠤ ᠨᠡᠯᠢᠶᠡᠳ ᠬᠦᠴᠢᠷᠲᠡᠢ ᠪᠠᠶᠢᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠭᠡᠷ᠎ᠡ ᠶᠢᠨ ᠪᠣᠯᠵᠤᠭ᠎ᠠ ᠪᠠᠨ ᠭᠦᠢᠴᠡᠳᠬᠡᠬᠦ ᠳᠤ | ᠬᠢᠨᠠᠯᠲᠠ ᠲᠠᠯᠪᠢᠬᠤ ᠪᠠᠷ ᠦᠯᠦ ᠪᠠᠷᠠᠮ᠂ ᠪᠠᠰᠠ ᠥᠮᠴᠢᠲᠠᠳ ᠢ ᠰᠢᠮᠳᠠᠭᠤᠯᠵᠤ ᠪᠠᠶᠢᠭᠠᠳ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠢ ᠲᠣᠭᠲᠠᠭᠰᠠᠨ ᠴᠠᠭ ᠲᠤ ᠨᠢ ᠲᠤᠰᠢᠶᠠᠯᠭᠠᠵᠤ᠂ ᠠᠳᠠᠯ ᠠᠬᠤᠢ ᠶᠢᠨ | ᠦᠢᠯᠡᠴᠢᠯᠡᠭᠡᠨ ᠤ ᠬᠥᠮᠥᠰ ᠲᠠᠢ ᠬᠠᠮᠵᠢᠯᠴᠠᠨ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠳᠡᠭ ᠨᠢᠭᠡ | ᠵᠦᠢᠯ ᠤᠨ ᠴᠢᠳᠠᠯ ᠢᠶᠠᠨ ᠰᠢᠪᠬᠠᠪᠠᠴᠤ ᠴᠢᠷᠠᠢ ᠣᠯᠬᠤ ᠦᠭᠡᠢ ᠶᠠᠪᠤᠳᠠᠯ ᠪᠣᠯᠬᠤᠷ᠂ ᠨᠡᠷ᠎ᠡ ᠮᠡᠳᠡᠭᠦᠯᠦᠨ | ᠰᠣᠩᠭᠤᠭᠤᠯᠢ ᠳᠤ ᠣᠷᠤᠯᠴᠠᠬᠤ ᠳᠤᠷ᠎ᠠ ᠦᠭᠡᠢ ᠪᠠᠶᠢᠳᠠᠭ᠃ ᠳᠡᠭᠡᠷᠡᠬᠢ ᠪᠠᠶᠢᠳᠠᠯ ᠳᠤ ᠬᠠᠨᠳᠤᠭᠤᠯᠤᠨ᠂ ᠡᠨᠡ ᠤᠳᠠᠭ᠎ᠠ | ᠳᠦᠷᠢᠮ ᠳᠤ ︽ᠥᠮᠴᠢᠲᠠᠳ ᠤᠨ ᠳᠣᠲᠣᠷᠠᠬᠢ ᠨᠥᠬᠦᠴᠡᠯ ᠳᠤ ᠨᠡᠶᠢᠴᠡᠬᠦ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ ᠤ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠥᠮᠴᠢᠲᠠᠳ ᠤᠨ ᠺᠣᠮᠢᠰ ᠤᠨ ᠭᠡᠰᠢᠭᠦᠨ ᠪᠣᠯᠬᠤ ᠶᠢ | ᠵᠣᠷᠢᠭᠵᠢᠭᠤᠯᠤᠨ ᠳᠡᠮᠵᠢᠨ᠎ᠡ᠃ ᠥᠮᠴᠢᠲᠠᠳ ᠤᠨ ᠺᠣᠮᠢᠰ ᠤᠨ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠳ ᠤᠨ ᠳᠠᠶᠢᠴᠢᠨ ᠪᠠᠬᠢᠯᠡᠯᠲᠡ ᠪᠠ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ | ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃︾ ᠭᠡᠬᠦ ᠵᠦᠢᠯ ᠵᠤᠷᠪᠤᠰ ᠢ ᠨᠡᠮᠡᠯ᠎ᠡ᠃ | ︵ᠬᠤᠶᠠᠷ︶ ᠥᠮᠴᠢᠲᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ ᠠᠵᠢᠯ ᠥᠷᠨᠢᠭᠦᠯᠬᠦ ᠵᠠᠷᠤᠳᠠᠯ ᠪᠠ | ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠨᠥᠬᠦᠪᠦᠷᠢ ᠶᠢ ᠴᠤᠭᠯᠠᠭᠤᠯᠬᠤ ᠠᠷᠭ᠎ᠠ ᠵᠠᠮ ᠨᠡᠮᠡᠪᠡ | ᠨᠢᠭᠡᠳᠦᠭᠡᠷ ᠲᠤ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ ᠺᠣᠮᠢᠰ ᠤᠨ ᠠᠵᠢᠯ ᠥᠷᠨᠢᠭᠦᠯᠬᠦ ᠵᠠᠷᠤᠳᠠᠯ ᠢ ᠪᠦᠬᠦ | ᠦᠮᠴᠢᠳᠠᠳ ᠡᠭᠦᠷᠭᠡᠯᠡᠬᠦ ᠤᠤᠯ ᠰᠠᠭᠤᠷᠢᠨ ᠳᠡᠭᠡᠷ᠎ᠡ᠂ ᠦᠮᠴᠢᠳᠠᠳ ᠤᠨ ᠬᠠᠮᠲᠤ ᠪᠠᠷ ᠥᠮᠴᠢᠯᠡᠵᠦ ᠪᠠᠶᠢᠭ᠎ᠠ | ᠡᠵᠡᠩᠨᠡᠯᠲᠡ ᠶᠢᠨ ᠠᠰᠢᠭ ᠣᠷᠣᠯᠭ᠎ᠠ ᠳᠣᠲᠣᠷ᠎ᠠ ᠠᠴᠠ ᠬᠡᠰᠡᠭ ᠶᠢ ᠨᠢ ᠵᠠᠷᠤᠴᠠᠭᠤᠯᠵᠤ ᠪᠣᠯᠬᠤ ᠠᠷᠭ᠎ᠠ ᠵᠠᠮ ᠢ ᠨᠡᠮᠡᠵᠦ᠂ | ᠦᠮᠴᠢᠳᠠᠳ ᠤᠨ ᠶᠡᠭᠡ ᠬᠤᠷᠠᠯ ᠥᠮᠴᠢᠲᠠᠳ ᠤᠨ ᠺᠣᠮᠢᠰ ᠤᠨ ᠠᠵᠢᠯ ᠤᠨ ᠵᠠᠷᠤᠳᠠᠯ ᠢ ᠴᠤᠭᠯᠠᠭᠤᠯᠬᠤ ᠠᠷᠭ᠎ᠠ ᠵᠠᠮ ᠢ | ᠨᠢ ᠥᠷᠭᠡᠳᠬᠡᠵᠦ᠂ ᠦᠮᠴᠢᠳᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ ᠠᠵᠢᠯ ᠢ ᠥᠷᠨᠢᠭᠦᠯᠬᠦ | ᠵᠠᠷᠤᠳᠠᠯ ᠤᠨ ᠪᠠᠲᠤᠯᠠᠭ᠎ᠠ ᠳᠤ ᠬᠦᠴᠦᠨ ᠨᠡᠮᠡᠵᠡᠢ᠃ ᠬᠤᠶᠠᠳᠤᠭᠠᠷ ᠲᠤ᠂ ᠥᠮᠴᠢᠲᠠᠳ ᠤᠨ ᠺᠣᠮᠢᠰ ᠤᠨ ᠭᠡᠰᠢᠭᠦᠳ ᠤᠨ | ᠠᠵᠢᠯ ᠤᠨ ᠨᠥᠬᠦᠪᠦᠷᠢ ᠶᠢᠨ ᠰᠢᠨ᠎ᠡ ᠠᠭᠤᠯᠭ᠎ᠠ ᠨᠡᠮᠡᠵᠦ᠂ ᠦᠮᠴᠢᠳᠠᠳ ᠤᠨ ᠶᠡᠭᠡ ᠬᠤᠷᠠᠯ ᠠᠴᠠ ᠦᠮᠴᠢᠳᠠᠳ ᠤᠨ | ᠶᠡᠭᠡ ᠬᠤᠷᠠᠯ᠂ ᠥᠮᠴᠢᠲᠠᠳ ᠤᠨ ᠺᠣᠮᠢᠰ ᠲᠤ ᠲᠤᠰᠢᠶᠠᠭᠰᠠᠨ ᠵᠠᠷᠤᠳᠠᠯ ᠤᠨ ᠪᠠᠶᠢᠳᠠᠯ ᠪᠠ ᠦᠮᠴᠢᠳᠠᠳ ᠤᠨ | ᠬᠠᠮᠲᠤ ᠪᠠᠷ ᠥᠮᠴᠢᠯᠡᠬᠦ ᠬᠡᠰᠡᠭ ᠡᠵᠡᠩᠨᠡᠯᠲᠡ ᠶᠢᠨ ᠠᠰᠢᠭ ᠣᠷᠣᠯᠭ᠎ᠠ ᠶᠢᠨ ᠪᠠᠶᠢᠳᠠᠯ ᠢ ᠦᠨᠳᠦᠰᠦᠯᠡᠨ | ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠨᠥᠬᠦᠪᠦᠷᠢ ᠵᠢᠴᠢ ᠪᠠᠷᠢᠮᠵᠢᠶ᠎ᠠ ᠶᠢ ᠲᠣᠭᠲᠠᠭᠠᠵᠤ᠂ | ᠨᠥᠬᠦᠴᠡᠯ ᠳᠤ ᠨᠡᠶᠢᠴᠡᠭᠰᠡᠨ ᠦᠮᠴᠢᠳᠠᠳ ᠤᠨ ᠥᠮᠴᠢᠲᠠᠳ ᠤᠨ ᠺᠣᠮᠢᠰ ᠤᠨ ᠰᠣᠩᠭᠤᠭᠤᠯᠢ ᠳᠤ ᠣᠷᠤᠯᠴᠠᠬᠤ | ᠲᠣᠬᠢᠶᠠᠯᠳᠤᠮᠵᠢ ᠶᠢ ᠳᠡᠭᠡᠭᠰᠢᠯᠡᠭᠦᠯᠵᠦ᠂ ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠢᠳᠡᠪᠬᠢᠵᠢᠯ ᠢ | ᠲᠠᠶᠢᠴᠢᠯᠠᠵᠦ᠂ ᠠᠳᠠᠯ ᠠᠬᠤᠢ ᠶᠢᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ | ᠠᠬᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠪᠠ᠃ | ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠵᠦᠢᠯ ᠵᠤᠷᠪᠤᠰ ᠢ ᠨᠡᠮᠡᠵᠦ᠂ ᠥᠮᠴᠢᠲᠡᠨ ᠤ | ᠺᠣᠮᠢᠰ ᠤᠨ ᠦᠢᠯᠡᠳᠦᠯ ᠢᠶᠠᠨ ᠪᠠᠳᠠᠷᠠᠭᠤᠯᠬᠤ ᠳᠤ ᠨᠥᠬᠦᠪᠦᠷᠢ ᠬᠠᠩᠭᠠᠵᠠᠢ᠃ ᠳᠦᠷᠢᠮ ᠳᠤ ︽ᠥᠮᠴᠢᠲᠠᠳ ᠤᠨ ᠶᠡᠭᠡ | ᠬᠤᠷᠠᠯ ᠢ ᠪᠠᠶᠢᠭᠤᠯᠬᠤ ᠨᠥᠬᠦᠴᠡᠯ ᠦᠭᠡᠢ᠂ ᠡᠰᠡᠬᠦᠯ᠎ᠡ ᠥᠮᠴᠢᠲᠠᠳ ᠤᠨ ᠶᠡᠭᠡ ᠬᠤᠷᠠᠯ ᠢ ᠪᠠᠶᠢᠭᠤᠯᠬᠤ ᠨᠥᠬᠦᠴᠡᠯ ᠢ | ᠪᠦᠷᠢᠯᠳᠦᠭᠦᠯᠦᠭᠰᠡᠨ ᠪᠣᠯᠪᠠᠴᠤ ᠥᠮᠴᠢᠲᠠᠳ ᠤᠨ ᠶᠡᠭᠡ ᠬᠤᠷᠠᠯ ᠢ ᠪᠠᠶᠢᠭᠤᠯᠤᠭᠠᠳᠤᠢ᠂ ᠥᠮᠴᠢᠲᠠᠳ ᠤᠨ ᠶᠡᠭᠡ ᠬᠤᠷᠠᠯ | ᠪᠠᠶᠢᠭᠤᠯᠤᠭᠳᠠᠭᠰᠠᠨ ᠤ ᠳᠠᠷᠠᠭ᠎ᠠ ᠥᠮᠴᠢᠲᠠᠳ ᠤᠨ ᠺᠣᠮᠢᠰ ᠤᠨ ᠣᠷᠣᠨ ᠰᠠᠭᠤᠴᠠ ᠶᠢᠨ ᠲᠣᠭᠤᠷᠢᠭ ᠰᠣᠩᠭᠤᠭᠠᠳᠤᠢ᠂ | ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠷᠠᠭ᠎ᠠ ᠮᠥᠨ ᠯᠡ ᠥᠮᠴᠢᠲᠠᠳ ᠤᠨ ᠶᠡᠭᠡ ᠬᠤᠷᠠᠯ | ᠪᠠᠶᠢᠭᠤᠯᠬᠤ ᠪᠠ ᠥᠮᠴᠢᠲᠠᠳ ᠤᠨ ᠺᠣᠮᠢᠰ ᠢ ᠰᠣᠩᠭᠤᠨ ᠭᠠᠷᠭᠠᠵᠤ ᠳᠡᠶᠢᠯᠬᠦ ᠦᠭᠡᠢ ᠪᠣᠯ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ | ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠺᠣᠮᠢᠰ ᠢ ᠵᠣᠬᠢᠶᠠᠨ ᠪᠠᠶᠢᠭᠤᠯᠤᠨ᠂ ᠥᠮᠴᠢᠲᠠᠳ ᠢᠶᠠᠷ | ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠵᠤ᠂ ᠥᠮᠴᠢᠲᠠᠳ ᠤᠨ ᠶᠡᠭᠡ ᠬᠤᠷᠠᠯ᠂ | ᠥᠮᠴᠢᠲᠠᠳ ᠤᠨ ᠺᠣᠮᠢᠰ ᠤᠨ ᠡᠭᠦᠷᠭᠡ ᠬᠠᠷᠢᠭᠤᠴᠠᠯᠭ᠎ᠠ ᠶᠢ ᠲᠦᠷ ᠴᠠᠭ ᠭᠦᠢᠴᠡᠳᠬᠡᠯᠭᠡᠵᠦ᠂ ᠨᠥᠬᠦᠴᠡᠯ ᠳᠤ ᠨᠡᠶᠢᠴᠡᠬᠦ | ᠣᠷᠣᠨ ᠰᠠᠭᠤᠴᠠ ᠶᠢᠨ ᠲᠣᠭᠤᠷᠢᠭ ᠲᠤ ᠥᠮᠴᠢᠲᠠᠳ ᠤᠨ ᠶᠡᠭᠡ ᠬᠤᠷᠠᠯ ᠢ ᠪᠠᠶᠢᠭᠤᠯᠵᠤ᠂ ᠥᠮᠴᠢᠲᠠᠳ ᠤᠨ ᠺᠣᠮᠢᠰ | ᠰᠣᠩᠭᠤᠬᠤ ᠶᠢ ᠠᠬᠢᠭᠤᠯᠬᠤ ᠬᠡᠷᠡᠭᠲᠡᠢ᠃︾ ᠬᠡᠮᠡᠨ ᠲᠣᠭᠲᠠᠭᠠᠪᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠨᠢ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ ᠠᠬᠤᠢ ᠶᠢᠨ | ᠬᠡᠷᠡᠭᠯᠡᠭᠴᠢ ᠶᠢᠨ ᠲᠥᠯᠥᠭᠡᠯᠡᠭᠴᠢ ᠵᠡᠷᠭᠡ ᠭᠤᠷᠪᠠ ᠠᠴᠠ ᠳᠡᠭᠡᠭᠰᠢᠬᠢ ᠰᠣᠨᠳᠣᠭᠤᠢ ᠲᠤᠭ᠎ᠠ ᠪᠠᠷ ᠪᠦᠷᠢᠯᠳᠦᠵᠦ᠂ | ᠡᠭᠦᠨ ᠳᠤ ᠥᠮᠴᠢᠲᠡᠨ ᠤ ᠲᠥᠯᠥᠭᠡᠯᠡᠭᠴᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠭᠡᠰᠢᠭᠦᠳ ᠤᠨ | ᠲᠤᠭ᠎ᠠ ᠶᠢᠨ ᠬᠠᠭᠠᠰ ᠠᠴᠠ ᠳᠤᠲᠠᠭᠤ ᠪᠠᠶᠢᠵᠤ ᠪᠣᠯᠬᠤ ᠦᠭᠡᠢ᠃ ᠥᠮᠴᠢᠲᠡᠨ ᠤ ᠲᠥᠯᠥᠭᠡᠯᠡᠭᠴᠢ ᠶᠢ ᠰᠣᠩᠭᠤᠨ | ᠭᠠᠷᠭᠠᠬᠤ ᠪᠠ ᠬᠢᠷᠢ ᠬᠡᠮ ᠢ ᠬᠢᠨᠠᠨ ᠪᠠᠶᠢᠴᠠᠭᠠᠬᠤ ᠶᠢ ᠥᠮᠴᠢᠲᠠᠳ ᠤᠨ ᠺᠣᠮᠢᠰ ᠤᠨ ᠵᠢᠱᠢᠭᠳᠡᠭᠴᠢ ᠶᠢᠨ ᠬᠤᠯᠪᠣᠭᠳᠠᠯ | ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠡᠷᠬᠢᠯᠡᠭᠴᠢ ᠶᠢ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠶᠢ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠨᠢᠭᠡ ᠥᠮᠴᠢᠲᠡᠨ ᠤ | ᠲᠥᠯᠥᠭᠡᠯᠡᠭᠴᠢ ᠲᠣᠭᠲᠠᠭᠠᠨ ᠡᠭᠦᠷᠭᠡᠯᠡᠭᠦᠯᠦᠨ᠎ᠡ᠃ ᠳᠡᠭᠡᠷᠡᠬᠢ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠳᠦᠷᠢᠮ ᠳᠤ | ᠪᠢᠴᠢᠵᠦ ᠣᠷᠣᠭᠤᠯᠬᠤ ᠪᠠᠷ ᠳᠠᠮᠵᠢᠨ᠂ ᠣᠷᠣᠨ ᠰᠠᠭᠤᠴᠠ ᠶᠢᠨ ᠲᠣᠭᠤᠷᠢᠭ ᠤᠨ ᠥᠮᠴᠢᠲᠠᠳ ᠤᠨ ᠺᠣᠮᠢᠰ ᠢ | ᠪᠠᠶᠢᠭᠤᠯᠬᠤ ᠳᠤ ᠬᠦᠴᠢᠷ᠂ ᠵᠠᠷᠤᠳᠠᠯ ᠳᠤᠲᠠᠮᠠᠭ᠂ ᠦᠢᠯᠡᠳᠦᠯ ᠢᠶᠠᠨ ᠪᠠᠳᠠᠷᠠᠭᠤᠯᠬᠤ ᠳᠤ ᠬᠦᠴᠢᠷ ᠵᠡᠷᠭᠡ | ᠠᠰᠠᠭᠤᠳᠠᠯ ᠤᠳ ᠢ ᠤᠯᠠᠮ ᠨᠢᠭᠡ ᠠᠯᠬᠤᠮ ᠰᠢᠢᠳᠪᠦᠷᠢᠯᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠮᠠᠰᠢ ᠣᠯᠠᠨ ᠥᠮᠴᠢᠲᠠ᠊ ᠤᠨ ᠴᠥᠮ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠬᠤᠭᠤᠯᠠᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ | ᠶᠡᠭᠡ ᠠᠩᠬᠠᠷᠴᠤ ᠪᠤᠢ᠂ ᠠᠮᠢᠳᠤᠷᠠᠯ ᠳᠤᠮᠳᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠬᠠᠷᠢᠯᠴᠠᠨ | ᠲᠦᠯᠬᠢᠯᠴᠡᠬᠦ ᠦᠵᠡᠭᠳᠡᠯ ᠣᠷᠣᠰᠢᠵᠤ ᠪᠠᠶᠢᠨ᠎ᠠ᠂ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠳᠤ ᠡᠨᠡ ᠲᠤᠬᠠᠢ ᠬᠡᠷᠬᠢᠨ ᠲᠣᠭᠲᠠᠭᠠᠭᠰᠠᠨ | ᠪᠣᠶ︖ | ᠯᠧᠢ ᠵᠧᠨ ᠬᠤᠸᠠ᠄ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠨᠢ ᠥᠮᠴᠢᠲᠠᠳ ᠤᠨ ᠠᠮᠤᠷ | ᠲᠣᠭᠲᠠᠭᠤᠨ ᠠᠮᠢᠳᠤᠷᠠᠯ ᠳᠤ ᠬᠤᠯᠪᠣᠭᠳᠠᠬᠤ ᠪᠥᠭᠡᠳ ᠪᠠᠰᠠ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠬᠢᠭᠡᠳ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠤ ᠠᠬᠤᠢ ᠶᠢᠨ ᠠᠰᠢᠭ ᠲᠤᠰᠠ ᠵᠢᠴᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠨ᠎ᠠ᠂ ᠠᠮᠢᠳᠤᠷᠠᠯ ᠳᠤᠮᠳᠠ᠂ ᠬᠠᠷᠢᠯᠴᠠᠨ ᠲᠦᠯᠬᠢᠯᠴᠡᠬᠦ ᠪᠠ | ᠵᠥᠷᠢᠴᠡᠯ ᠮᠠᠷᠭᠤᠭᠠᠨ ᠲᠠᠢ ᠦᠵᠡᠭᠳᠡᠯ ᠦᠨᠡᠨ ᠬᠦ ᠣᠷᠣᠰᠢᠵᠤ᠂ ᠨᠢᠭᠡᠨ ᠨᠡᠯᠢᠶᠡᠳ ᠲᠣᠪᠣᠶᠢᠮ᠎ᠠ ᠠᠰᠠᠭᠤᠳᠠᠯ ᠪᠣᠯᠪᠠ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ | ᠠᠬᠤᠢ ᠶᠢᠨ ᠬᠠᠮᠢᠶᠠᠷᠤᠯᠲᠠ ᠶᠢᠨ ᠳᠦᠷᠢᠮ︾ ᠨᠢ ᠳᠡᠭᠡᠷᠡᠬᠢ ᠠᠰᠠᠭᠤᠳᠠᠯ ᠳᠤ ᠨᠢᠭᠡᠨᠲᠡ ᠲᠣᠳᠣᠷᠬᠠᠢ ᠲᠣᠭᠲᠠᠭᠠᠯ ᠲᠠᠢ | ᠪᠣᠯᠤᠭᠰᠠᠨ ᠪᠠᠶᠢᠨ᠎ᠠ᠃ | ᠨᠢᠭᠡᠳᠦᠭᠡᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠢ | ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠤᠲᠠᠰᠤ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠥᠮᠴᠢᠯᠡᠬᠦ ᠡᠷᠬᠡ ᠶᠢᠨ ᠬᠠᠷᠢᠶᠠᠯᠠᠯ ᠢ ᠡᠬᠢ ᠡᠭᠦᠰᠦᠯ ᠠᠴᠠ ᠨᠢ | ᠰᠢᠢᠳᠪᠦᠷᠢᠯᠡᠪᠡ᠃ ᠪᠠᠷᠢᠯᠭ᠎ᠠ ᠪᠠᠷᠢᠭᠤᠯᠬᠤ ᠨᠢᠭᠡᠴᠡ ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ ᠪᠠᠨ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠵᠡᠷᠭᠡ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ | ᠪᠦᠬᠦᠢ ᠬᠤᠭᠤᠯᠠᠢ ᠤᠲᠠᠰᠤ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠤᠷ᠎ᠠ ᠪᠠᠷ ᠢᠶᠠᠨ ᠲᠣᠭᠲᠠᠭᠠᠵᠤ | ᠪᠣᠯᠬᠤ ᠦᠭᠡᠢ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ | ᠬᠡᠷᠡᠭᠲᠡᠢ᠃ ᠰᠢᠨ᠎ᠡ ᠪᠠᠷ ᠪᠠᠶᠢᠭᠤᠯᠤᠭᠳᠠᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠤ ᠳᠣᠲᠣᠷᠠᠬᠢ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠶᠢ ᠭᠤᠣᠯ ᠴᠣᠭᠴᠠᠲᠤ ᠪᠠᠷᠢᠯᠭ᠎ᠠ ᠯᠤᠭ᠎ᠠ | ᠬᠠᠮᠲᠤ ᠳᠤ ᠨᠢ ᠵᠢᠷᠤᠭᠯᠠᠨ ᠲᠥᠯᠥᠪᠯᠡᠵᠦ᠂ ᠬᠠᠮᠲᠤ ᠳᠤ ᠨᠢ ᠪᠠᠶᠢᠭᠤᠯᠵᠤ᠂ ᠬᠠᠮᠲᠤ ᠳᠤ ᠨᠢ ᠲᠤᠰᠢᠶᠠᠨ ᠥᠭᠬᠦ ᠬᠡᠷᠡᠭᠲᠡᠢ᠃ | ᠪᠦᠲᠦᠭᠡᠨ ᠪᠠᠶᠢᠭᠤᠯᠬᠤ ᠨᠢᠭᠡᠴᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠵᠣᠬᠢᠶᠠᠨ | ᠪᠠᠶᠢᠭᠤᠯᠬᠤ ᠳᠤ ᠪᠠᠨ ᠤᠰᠤ᠂ ᠴᠠᠬᠢᠯᠭᠠᠨ᠂ ᠢᠯᠴᠢ᠂ ᠰᠢᠲᠠᠮᠠᠬᠠᠢ ᠬᠡᠢ ᠬᠠᠩᠭᠠᠬᠤ ᠵᠡᠷᠭᠡ ᠬᠤᠯᠪᠣᠭᠳᠠᠯ ᠪᠦᠬᠦᠢ ᠲᠤᠰᠬᠠᠢ | ᠡᠵᠡᠩᠨᠡᠯᠲᠡ ᠶᠢᠨ ᠨᠢᠭᠡᠴᠡ ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠢ︔ ᠰᠢᠯᠭᠠᠨ ᠠᠪᠬᠤ ᠳᠤ ᠬᠢᠷᠢ ᠲᠡᠩᠴᠡᠭᠰᠡᠨ | ᠤ ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠡ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ | ᠬᠠᠮᠢᠶ᠎ᠠ ᠪᠦᠬᠦᠢ ᠬᠤᠭᠤᠯᠠᠢ ᠤᠲᠠᠰᠤ ᠶᠢ ᠲᠤᠰᠬᠠᠢ ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠲᠤᠰᠢᠶᠠᠵᠤ | ᠬᠠᠮᠠᠭᠠᠯᠠᠨ ᠬᠠᠮᠢᠶᠠᠷᠤᠭᠤᠯᠬᠤ ᠬᠡᠷᠡᠭᠲᠡᠢ᠂ ᠲᠤᠰᠬᠠᠢ ᠡᠵᠡᠩᠨᠡᠯᠲᠡ ᠶᠢᠨ ᠨᠢᠭᠡᠴᠡ ᠨᠢ ᠭᠥᠯᠢᠶᠡᠨ ᠠᠪᠬᠤ ᠬᠡᠷᠡᠭᠲᠡᠢ᠃ | ᠬᠤᠶᠠᠳᠤᠭᠠᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠢ | ᠡᠵᠡᠩᠨᠡᠯᠲᠡ ᠶᠢᠨ ᠲᠥᠬᠦᠭᠡᠷᠦᠮᠵᠢ ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠬᠤᠭᠤᠯᠠᠢ ᠤᠲᠠᠰᠤ ᠶᠢᠨ | ᠥᠮᠴᠢᠯᠡᠯ ᠤᠨ ᠡᠷᠬᠡ ᠶᠢᠨ ᠬᠠᠷᠢᠶᠠᠯᠠᠯ ᠢ ᠴᠦ ᠨᠢᠭᠡᠨᠲᠡ ᠲᠣᠳᠣᠷᠬᠠᠶᠢᠯᠠᠪᠠ᠃ ᠠᠳᠠᠯ ᠠᠬᠤᠢ ᠶᠢᠨ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰᠬᠠᠢ ᠡᠵᠡᠩᠨᠡᠯᠲᠡ ᠶᠢᠨ | ᠨᠢᠭᠡᠴᠡ ᠶᠢ ᠵᠣᠬᠢᠶᠠᠨ ᠪᠠᠶᠢᠭᠤᠯᠵᠤ ᠰᠢᠯᠭᠠᠨ ᠠᠪᠬᠤ ᠬᠡᠷᠡᠭᠲᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ | ᠲᠤᠰᠬᠠᠢ ᠮᠡᠷᠭᠡᠵᠢᠯ ᠤᠨ ᠡᠵᠡᠩᠨᠡᠯᠲᠡ ᠶᠢᠨ ᠨᠢᠭᠡᠴᠡ ᠭᠥᠯᠢᠶᠡᠨ ᠠᠪᠤᠨ᠎ᠠ︔ ᠰᠢᠯᠭᠠᠨ ᠠᠪᠬᠤ ᠳᠤ ᠬᠢᠷᠢ ᠲᠡᠩᠴᠡᠭᠰᠡᠨ | ᠦᠭᠡᠢ ᠶᠢ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠨᠢᠭᠡᠴᠡ ᠶᠢ | ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠤ | ᠳᠠᠷᠠᠭ᠎ᠠ᠂ ᠲᠤᠰᠬᠠᠢ ᠡᠵᠡᠩᠨᠡᠯᠲᠡ ᠶᠢᠨ ᠨᠢᠭᠡᠴᠡ ᠨᠢ ᠭᠥᠯᠢᠶᠡᠨ ᠠᠪᠤᠨ᠎ᠠ᠃ | ᠭᠤᠷᠪᠠᠳᠤᠭᠠᠷ ᠲᠤ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ᠡᠭᠦᠷᠭᠡᠯᠡᠬᠦ | ᠰᠠᠯᠠᠭ᠎ᠠ ᠮᠥᠴᠢᠷ ᠢ ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠂ ᠳᠦᠷᠢᠮ ᠳᠤ᠂ ᠲᠤᠰᠬᠠᠢ ᠡᠵᠡᠩᠨᠡᠯᠲᠡ ᠶᠢᠨ | ᠨᠢᠭᠡᠴᠡ ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠤᠲᠠᠰᠤ ᠶᠢ | ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ᠲᠤᠰᠬᠠᠢ ᠡᠵᠡᠩᠨᠡᠯᠲᠡ ᠶᠢᠨ ᠨᠢᠭᠡᠴᠡ | ᠬᠠᠤᠯᠢ ᠶᠣᠰᠣᠭᠠᠷ ᠡᠭᠦᠷᠭᠡᠯᠡᠨ᠎ᠡ ᠭᠡᠵᠦ ᠲᠣᠳᠣᠷᠬᠠᠢ ᠲᠣᠭᠲᠠᠭᠠᠵᠠᠢ᠃ ᠵᠠᠰᠠᠬᠤ ᠶᠢ ᠪᠠᠲᠤᠯᠠᠬᠤ ᠬᠤᠭᠤᠴᠠᠭᠠᠨ ᠳᠤ | ᠪᠠᠶᠢᠭ᠎ᠠ ᠪᠣᠯ ᠵᠠᠷᠤᠳᠠᠯ ᠢ ᠨᠢ ᠪᠦᠲᠦᠭᠡᠨ ᠪᠠᠷᠢᠭᠤᠯᠤᠭᠰᠠᠨ ᠨᠢᠭᠡᠴᠡ ᠡᠭᠦᠷᠭᠡᠯᠡᠨ᠎ᠡ᠃ | ᠳᠥᠷᠪᠡᠳᠦᠭᠡᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠢ | ᠰᠡᠯᠪᠢᠨ ᠵᠠᠰᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠤ ᠳᠣᠲᠣᠷᠠᠬᠢ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠶᠢᠨ ᠲᠣᠨᠣᠭᠯᠠᠯ | ᠵᠢᠴᠢ ᠲᠡᠭᠦᠨ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ ᠳᠤ ᠣᠷᠣᠭᠤᠯᠬᠤ ᠵᠠᠯᠭᠠᠭᠠᠰᠤ ᠠᠴᠠ | ᠪᠤᠰᠤᠳ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠶᠢ | ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠭᠦᠯᠦᠨ᠎ᠡ᠃ | ᠳᠡᠭᠡᠷᠡᠬᠢ ᠪᠣᠯ ᠳᠠᠷᠤᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠤᠰᠤ᠂ ᠴᠠᠬᠢᠯᠭᠠᠨ᠂ ᠰᠢᠲᠠᠮᠠᠬᠠᠢ ᠬᠡᠢ᠂ | ᠢᠯᠴᠢ ᠬᠠᠩᠭᠠᠬᠤ ᠬᠤᠭᠤᠯᠠᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠰᠠᠭᠤᠳᠠᠯ ᠤᠳ ᠤᠨ ᠲᠤᠬᠠᠢ | ᠲᠣᠭᠲᠠᠭᠠᠯ ᠪᠣᠯᠣᠨ᠎ᠠ᠂ ᠡᠨᠡ ᠨᠢ ᠡᠲᠡᠭᠡᠷ ᠲᠣᠭᠲᠠᠭᠠᠯ ᠳᠤ ᠬᠤᠯᠪᠣᠭᠳᠠᠬᠤ ᠪᠦᠲᠦᠭᠡᠨ ᠪᠠᠶᠢᠭᠤᠯᠬᠤ ᠨᠢᠭᠡᠴᠡ᠂ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠲᠤᠰᠬᠠᠢ ᠡᠵᠡᠩᠨᠡᠯᠲᠡ ᠶᠢᠨ ᠨᠢᠭᠡᠴᠡ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠠᠮᠲᠤ ᠪᠠᠷ | ᠴᠢᠷᠮᠠᠶᠢᠵᠤ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ᠃ |