︽ᠤᠰᠤᠨ ᠠᠰᠢᠭᠯᠠᠯᠲᠠ ᠶᠢᠨ ᠠᠷᠢᠭᠤᠨ ᠴᠢᠭᠴᠢ ᠰᠤᠷᠲᠠᠯ ᠢᠶᠠᠷ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ — ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ︾ ᠭᠡᠬᠦ ᠭᠤᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/8/26
ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠤᠨ ᠬᠤᠷᠢᠶ᠎ᠠ ︵ᠶᠡᠷᠦᠩᠬᠡᠶ ᠡᠭᠦᠷ᠂ ᠡᠭᠦᠷ︶᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠡᠭᠦᠷ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠶ ᠶᠢᠨ ᠰᠠᠯᠠᠭᠠᠨ ᠤ ᠨᠠᠮ ᠤᠨ ᠬᠤᠷᠢᠶ᠎ᠠ᠄     ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠺᠣᠮᠢᠰ ᠤᠨ ︽ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠳᠤ ᠦᠵᠡᠭᠦᠯᠬᠦ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠮᠠᠨ ᠤ ᠲᠢᠩᠬᠢᠮ ᠠᠴᠠ ︽ᠤᠰᠤᠨ ᠠᠰᠢᠭᠯᠠᠯᠲᠠ ᠶᠢᠨ ᠠᠷᠢᠭᠤᠨ ᠴᠢᠭᠴᠢ ᠰᠤᠷᠲᠠᠯ ᠢᠶᠠᠷ ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ — ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ︾ ᠭᠡᠬᠦ ᠭᠤᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ ᠥᠷᠨᠢᠭᠦᠯᠬᠦ ᠪᠣᠯᠤᠨ᠎ᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄     ᠨᠢᠭᠡ ᠂ ᠭᠤᠣᠯ ᠰᠡᠳᠦᠪ    ︽ ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ ︾ ᠤᠨ ᠪᠠᠶᠢᠭᠤᠯᠤᠯᠲᠠ ᠶᠢ ᠥᠷᠨᠢᠭᠦᠯᠬᠦ ᠪᠠᠷ ᠭᠤᠤᠯ ᠰᠡᠳᠦᠪ ᠪᠣᠯᠭᠠᠨ᠎ᠠ᠃    ᠬᠤᠶᠠᠷ ᠂ ᠵᠣᠬᠢᠶᠠᠯ ᠡᠯᠰᠡᠬᠦ ᠡᠲᠡᠭᠡᠳ    ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠨ ᠰᠤᠳᠤᠯᠬᠤ ᠰᠠᠯᠠᠭ᠎ᠠ ᠶᠢᠨ ᠰᠠᠯᠠᠭᠠᠨ ᠲᠠᠰ ᠵᠢᠴᠢ ᠲᠡᠭᠦᠨ ᠠᠴᠠ ᠳᠡᠭᠡᠭᠰᠢᠬᠢ ᠺᠠᠳ᠋ᠷ᠃    ᠭᠤᠷᠪᠠ᠂ ᠡᠯᠰᠡᠬᠦ ᠵᠣᠬᠢᠶᠠᠯ ᠤᠨ ᠠᠭᠤᠯᠭ᠎ᠠ    ︵ᠨᠢᠭᠡ︶ ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠵᠤ᠂ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠶᠠᠷᠢᠨ᠎ᠠ᠃    ︵ᠬᠤᠶᠠᠷ︶ ︽ᠭᠡᠷ ᠪᠦᠯᠢ ᠶᠢᠨ ᠰᠤᠷᠲᠠᠯ ᠭᠡᠷ ᠤᠨ ᠰᠤᠷᠭᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠪᠣᠳᠣᠯᠬᠢᠯᠠᠯ ᠪᠠ ᠦᠢᠯᠡᠳᠦᠯᠭᠡ ᠶᠢᠨ ᠲᠤᠬᠠᠢ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠶᠠᠷᠢᠪᠠ᠃    ︵ᠭᠤᠷᠪᠠ︶ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ ᠢ ᠤᠯᠠᠮᠵᠢᠯᠠᠨ ᠵᠠᠯᠭᠠᠮᠵᠢᠯᠠᠬᠤ ᠲᠤᠬᠠᠢ ᠰᠣᠩᠭᠤᠳᠠᠭ ᠦᠯᠢᠭᠡᠷ ᠢ ᠶᠠᠷᠢᠨ᠎ᠠ᠃    ᠵᠣᠬᠢᠶᠠᠯ ᠡᠯᠰᠡᠬᠦ ᠳᠡᠭᠡᠨ ᠳᠡᠭᠡᠷᠡᠬᠢ ᠰᠡᠳᠦᠪ ᠰᠣᠩᠭᠤᠬᠤ ᠬᠡᠪᠴᠢᠶ᠎ᠡ ᠪᠤᠶᠤ ᠴᠢᠭᠯᠡᠯ ᠲᠠᠢ ᠤᠶᠠᠯᠳᠤᠭᠤᠯᠵᠤ ᠪᠣᠯᠤᠨ᠎ᠠ᠂ ᠭᠡᠪᠡᠴᠦ ᠵᠥᠪᠬᠡᠨ ᠳᠡᠭᠡᠷᠡᠬᠢ ᠠᠭᠤᠯᠭ᠎ᠠ ᠳᠤ ᠬᠢᠵᠠᠭᠠᠷᠯᠠᠭᠳᠠᠬᠤ ᠪᠢᠰᠢ᠂ ᠭᠠᠷᠴᠠᠭ ᠢ ᠥᠪᠡᠷᠲᠡᠭᠡᠨ ᠲᠤᠭᠤᠷᠪᠢᠨ᠎ᠠ᠃    ᠳᠥᠷᠪᠡ᠂ ᠵᠣᠬᠢᠶᠠᠯ ᠤᠨ ᠰᠢᠯᠭᠠᠷᠠᠭᠤᠯᠤᠯᠲᠠ ᠬᠢᠭᠡᠳ ᠱᠠᠩᠨᠠᠯ ᠤᠨ ᠲᠣᠬᠢᠷᠠᠭᠤᠯᠤᠯ    ᠲᠣᠰ ᠤᠳᠠᠭᠠᠨ ᠤ ᠵᠣᠬᠢᠶᠠᠯ ᠡᠯᠰᠡᠬᠦ ᠬᠥᠳᠡᠯᠭᠡᠭᠡᠨ  ᠢ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠢᠨᠠᠨ ᠲᠣᠭᠲᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠵᠣᠬᠢᠶᠠᠯ ᠡᠯᠰᠡᠬᠦ ᠳᠤ ᠰᠢᠯᠭᠠᠷᠠᠭᠤᠯᠤᠯᠲᠠ ᠬᠢᠨ᠎ᠠ᠃ ᠰᠢᠯᠢᠳᠡᠭ ᠪᠦᠲᠦᠭᠡᠯ ᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠰᠦᠯᠵᠢᠶ᠎ᠡ ᠶᠢᠨ ︽ᠤᠰᠤᠨ ᠠᠰᠢᠭᠯᠠᠯᠲᠠ ᠶᠢᠨ ᠠᠷᠢᠭᠤᠨ ᠰᠠᠯᠬᠢᠨ ᠤ ᠮᠠᠭᠲᠠᠭᠠᠯ︾ ᠲᠤᠰᠬᠠᠶ ᠪᠤᠯᠤᠩ ᠳᠤ ᠤᠬᠠᠭᠤᠯᠤᠨ ᠳᠡᠯᠭᠡᠨ ᠦᠵᠡᠭᠦᠯᠬᠦ ᠶᠢᠨ ᠬᠠᠮᠲᠤ ᠬᠥᠬᠢᠭᠦᠯᠦᠨ ᠱᠠᠩᠨᠠᠨ᠎ᠠ᠃    ᠲᠣᠰ ᠤᠳᠠᠭᠠᠨ ᠤ ᠵᠣᠬᠢᠶᠠᠯ ᠡᠯᠰᠡᠬᠦ ᠬᠥᠳᠡᠯᠭᠡᠭᠡᠨ ᠳᠤ ᠨᠢᠭᠡᠳᠦᠭᠡᠷ ᠳᠡᠰ ᠤᠨ ᠱᠠᠩᠨᠠᠯ 3 ᠨᠡᠷᠡᠰ᠂ ᠬᠤᠶᠠᠳᠤᠭᠠᠷ ᠳᠡᠰ ᠤᠨ ᠱᠠᠩᠨᠠᠯ 6 ᠨᠡᠷᠡᠰ᠂ ᠭᠤᠷᠪᠠᠳᠤᠭᠠᠷ ᠳᠡᠰ ᠤᠨ ᠱᠠᠩᠨᠠᠯ 12 ᠨᠡᠷᠡᠰ᠂ ᠵᠣᠬᠢᠶᠠᠨ ᠪᠠᠶᠢᠭᠤᠯᠤᠭᠰᠠᠨ ᠰᠢᠯᠢᠳᠡᠭ ᠱᠠᠩᠨᠠᠯ 5 ᠨᠡᠷᠡᠰ ᠲᠣᠬᠢᠷᠠᠭᠤᠯᠵᠤ᠂ ᠱᠠᠩᠨᠠᠯ ᠭᠥᠷᠳᠡᠭᠰᠡᠳ ᠲᠤ ᠤᠰᠤᠨ ᠠᠰᠢᠭᠯᠠᠯᠲᠠ ᠶᠢᠨ ᠲᠢᠩᠬᠢᠮ ᠠᠴᠠ ᠱᠠᠩᠨᠠᠯ ᠭᠥᠷᠳᠡᠭᠰᠡᠨ ᠦᠨᠡᠮᠯᠡᠯ ᠵᠢᠴᠢ ᠱᠠᠩᠨᠠᠯ ᠣᠯᠭᠤᠨ᠎ᠠ᠃    ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠲᠤᠰ ᠤᠳᠠᠭᠠᠨ ᠤ ᠵᠣᠬᠢᠶᠠᠯ ᠡᠯᠰᠡᠬᠦ ᠬᠥᠳᠡᠯᠭᠡᠭᠡᠨ ᠨᠢ 2022 ᠣᠨ ᠤ ︽ᠠᠷᠢᠭᠤᠨ ᠴᠢᠬᠡᠴᠢ ᠰᠣᠶᠣᠯ︾ ᠤᠨ ᠪᠠᠶᠢᠭᠤᠯᠤᠯᠲᠠ ᠶᠢᠨ ᠰᠢᠷᠢᠰ ᠬᠥᠳᠡᠯᠭᠡᠭᠡᠨ  ᠤ ᠴᠢᠬᠤᠯᠠ ᠭᠤᠭᠴᠤᠭ᠎ᠠ ᠪᠣᠯᠤᠭᠰᠠᠨ ᠤ ᠬᠤᠪᠢ ᠳᠤ᠂ ᠡᠯ᠎ᠡ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠡᠬᠡᠪᠡᠷ ᠤᠬᠠᠭᠤᠯᠵᠤ᠂ ᠥᠷᠭᠡᠨ ᠢᠶᠠᠷ ᠳᠠᠶᠢᠴᠢᠯᠠᠬᠤ ᠬᠡᠷᠡᠭᠲᠡᠶ᠃    ︵ᠬᠤᠶᠠᠷ︶ ᠵᠣᠬᠢᠶᠠᠯ ᠡᠯᠰᠡᠬᠦ ᠪᠦᠲᠦᠭᠡᠯ ᠳᠤ ᠨᠡᠶᠢᠭᠡᠮ ᠤᠨ ᠭᠤᠤᠯ ᠵᠣᠷᠢᠭ ᠰᠠᠨᠠᠭ᠎ᠠ ᠴᠤᠤᠷᠢᠶᠠᠲᠤᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠮᠠᠭᠲᠠᠨ ᠳᠠᠭᠤᠯᠠᠵᠤ᠂ ᠠᠷᠢᠭᠤᠨ ᠴᠢᠬᠡᠴᠢ ᠦᠵᠡᠯ ᠰᠠᠨᠠᠭ᠎ᠠ ᠪᠠ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠢᠯᠡᠷᠡᠭᠦᠯᠬᠦ ᠬᠡᠷᠡᠭᠲᠡᠶ᠂ ᠢᠷᠡᠭᠦᠯᠦᠭᠰᠡᠨ ᠵᠣᠬᠢᠶᠠᠯ   ᠨᠢ ᠡᠷᠬᠡᠪᠰᠢ ᠬᠤᠪᠢ ᠶᠢᠨ ᠪᠦᠲᠦᠭᠡᠯ ᠪᠥᠭᠡᠳ ᠢᠯᠡ ᠪᠠᠷ ᠨᠡᠶᠢᠲᠡᠯᠡᠭᠰᠡᠨ ᠥᠬᠡᠶ ᠪᠠᠶᠢᠬᠤ ᠬᠡᠷᠡᠭᠲᠡᠶ᠃    ︵ ᠭᠤᠷᠪᠠ ︶ ᠵᠣᠬᠢᠶᠠᠯ ᠡᠯᠰᠡᠬᠦ ᠡᠲᠡᠭᠡᠳ ᠤᠨ ᠬᠥᠮᠦᠨ ᠨᠢᠭᠡᠪᠦᠷᠢ ᠠᠳᠠᠭ ᠲᠠᠭᠠᠨ 1 ᠬᠤᠪᠢ ᠵᠣᠬᠢᠶᠠᠯ ᠶᠠᠪᠤᠭᠤᠯᠵᠤ᠂ ᠦᠰᠦᠭ ᠤᠨ ᠲᠤᠭ᠎ᠠ ᠶᠢ 2000 ᠦᠰᠦᠭ ᠤᠨ ᠳᠣᠲᠣᠷ᠎ᠠ ᠬᠢᠵᠠᠭᠠᠷᠯᠠᠨ᠂ ᠵᠣᠬᠢᠶᠠᠯ ᠢᠯᠡᠭᠡᠬᠦ ᠬᠠᠮᠤᠭ ᠤᠨ ᠢᠯᠡᠭᠦᠦ ᠲᠣᠭᠠᠨ ᠤ ᠬᠡᠮᠵᠢᠶ᠎ᠡ ᠶᠢ ᠬᠢᠵᠠᠭᠠᠷᠯᠠᠬᠤ ᠦᠭᠡᠢ ᠃    ︵ᠳᠥᠷᠪᠡ︶ ᠢᠯᠡᠭᠡᠭᠰᠡᠨ ᠵᠣᠬᠢᠶᠠᠯ ᠢ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠶᠡᠷᠦᠩᠬᠡᠶ ᠡᠭᠦᠷ᠂ ᠰᠠᠯᠪᠤᠷᠢ ᠡᠭᠦᠷ︶᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠡᠭᠦᠷ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠶ ᠶᠢᠨ ᠰᠠᠯᠠᠭᠠᠨ ᠤ ᠨᠠᠮ ᠤᠨ ᠬᠤᠷᠢᠶ᠎ᠠ ᠠᠴᠠ ᠠᠩᠬ᠎ᠠ ᠬᠢᠨᠠᠭᠰᠠᠨ ᠤ ᠳᠠᠷᠠᠭ᠎ᠠ ᠨᠢᠭᠡᠳᠦᠯᠲᠡᠶ  ᠢᠯᠡᠭᠡᠨ᠎ᠡ ᠃    ︵ᠲᠠᠪᠤ︶ ᠵᠣᠬᠢᠶᠠᠯ ᠡᠯᠰᠡᠬᠦ ᠬᠥᠳᠡᠯᠭᠡᠭᠡᠨ ᠢ ᠠᠯᠪᠠᠨ ᠪᠢᠴᠢᠭ ᠶᠠᠪᠤᠭᠤᠯᠤᠭᠰᠠᠨ ᠡᠳᠦᠷ ᠠᠴᠠ ᠡᠬᠢᠯᠡᠨ 2022 ᠣᠨ ᠤ 9 ᠳ᠋ᠦᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠵᠣᠬᠢᠶᠠᠯ ᠢᠯᠡᠭᠡᠬᠦ ᠦᠶ᠎ᠡ ᠳᠤ word ᠬᠡᠯᠪᠡᠷᠢ ᠶᠢᠨ ᠡᠯᠧᠺᠲᠷᠣᠨ ᠬᠡᠪᠯᠡᠯ ᠤᠨ ᠵᠣᠬᠢᠶᠠᠯ ᠬᠠᠩᠭᠠᠬᠤ ᠶᠢᠨ ᠬᠠᠮᠲᠤ ᠵᠣᠬᠢᠶᠠᠯ ᠤᠨ ᠲᠡᠭᠦᠰᠬᠡᠯ ᠳᠤ ᠣᠪᠣᠭ ᠨᠡᠷ᠎ᠡ᠂ ᠨᠢᠭᠡᠴᠡ᠂ ᠬᠠᠷᠢᠯᠴᠠᠬᠤ ᠤᠲᠠᠰᠤ  ᠪᠠᠨ ᠲᠣᠳᠣᠷᠬᠠᠶᠢᠯᠠᠨ᠎ᠠ᠃    ᠬᠠᠷᠢᠯᠴᠠᠬᠤ ᠬᠥᠮᠦᠨ᠄ ᠵᠠᠩ ᠵᠢᠩ    ᠬᠠᠷᠢᠯᠴᠠᠬᠤ ᠤᠲᠠᠰᠤ᠄ 0471 - 5257085    ᠢᠮᠧᠯ᠄ nmgsljgdw @ 126.com ᠳᠠᠭᠠᠯᠳᠤᠭᠤᠯᠤᠯ ᠄ ︽ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ︾ ᠭᠤᠣᠯ ᠰᠡᠳᠦᠪᠲᠦ ᠠᠵᠢᠯᠯᠠᠭᠠᠨ ᠤ ᠲᠥᠰᠥᠯ                             2022 ᠣᠨ ᠤ 8 ᠰᠠᠷ᠎ᠠ ᠶᠢᠨ 19 ᠤ ᠡᠳᠦᠷ   ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ︽ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ︾ ᠭᠤᠣᠯ ᠰᠡᠳᠦᠪᠲᠦ ᠬᠥᠳᠡᠯᠭᠡᠭᠡᠨ ᠤ ᠲᠥᠰᠥᠯ     ᠳᠤᠮᠳᠠᠳᠤ ᠤᠯᠤᠰ  ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ︽ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ︽ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ︾ ᠤᠨ ᠭᠤᠤᠯ ᠰᠡᠳᠦᠪᠲᠦ ᠬᠥᠳᠡᠯᠭᠡᠭᠡᠨ ᠢ ᠥᠷᠨᠢᠭᠦᠯᠵᠦ᠂ ᠠᠷᠢᠭᠤᠨ ᠴᠢᠬᠡᠴᠢ ᠶᠢᠨ ᠬᠥᠮᠦᠵᠢᠯ ᠢ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠰᠢᠯᠢᠳᠡᠭ ᠤᠯᠠᠮᠵᠢᠯᠠᠯᠲᠤ ᠭᠡᠷ ᠤᠨ ᠰᠤᠷᠭᠠᠯ ᠭᠡᠷ ᠤᠨ ᠶᠣᠰᠣ ᠳᠦᠷᠢᠮ ᠠᠴᠠ ᠰᠢᠮ᠎ᠡ ᠲᠡᠵᠢᠭᠡᠯ ᠬᠦᠷᠲᠡᠨ᠂ ᠤᠳᠤᠷᠢᠳᠬᠤ ᠺᠠᠳ᠋ᠷᠴᠤᠳ ᠢ ᠰᠤᠷᠭᠠᠨ ᠬᠥᠮᠦᠵᠢᠭᠦᠯᠵᠦ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠴᠢᠨᠠᠷ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠠᠵᠢᠯ ᠡᠷᠬᠢᠯᠡᠬᠦ᠂ ᠠᠷᠢᠭᠤᠨ ᠴᠢᠬᠡᠴᠢ ᠭᠡᠷ ᠪᠦᠯᠢ ᠶᠢᠨ ᠰᠠᠶᠢᠨ ᠰᠠᠶᠢᠬᠠᠨ ᠤᠯᠤᠰ ᠲᠥᠷᠥ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ ᠤᠰᠤᠨ ᠠᠰᠢᠭᠯᠠᠯᠲᠠ ᠶᠢᠨ ᠲᠢᠩᠬᠢᠮ ᠤᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠣᠨ ᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠥᠳᠡᠯᠭᠡᠭᠡᠨ ᠤ ᠲᠥᠰᠦᠯ ᠢ ᠳᠣᠣᠷᠠᠬᠢ ᠮᠡᠲᠦ ᠲᠣᠭᠲᠠᠭᠠᠪᠠ᠄     ᠨᠢᠭᠡ᠂ ᠬᠥᠳᠡᠯᠭᠡᠭᠡᠨ ᠤ ᠭᠤᠣᠯ ᠰᠡᠳᠦᠪ    ᠤᠰᠤᠨ ᠠᠰᠢᠭᠯᠠᠯᠲᠠ ᠶᠢᠨ ᠠᠷᠢᠭᠤᠨ ᠴᠢᠭᠴᠢ ᠰᠤᠷᠲᠠᠯ ᠢᠶᠠᠷ ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ — ᠰᠠᠶᠢᠨ ᠭᠡᠷ ᠪᠦᠯᠢ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ    ᠬᠤᠶᠠᠷ᠂ ᠣᠷᠣᠯᠴᠠᠬᠤ ᠡᠲᠡᠭᠡᠳ    ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶᠠᠲᠤ ᠡᠯ᠎ᠡ ᠨᠢᠭᠡᠴᠡ᠂ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠨ ᠰᠤᠳᠤᠯᠬᠤ ᠰᠠᠯᠠᠭ᠎ᠠ ᠶᠢᠨ ᠰᠠᠯᠠᠭᠠᠨ ᠲᠠᠰ ᠵᠢᠴᠢ ᠲᠡᠭᠦᠨ ᠠᠴᠠ ᠳᠡᠭᠡᠭᠰᠢᠬᠢ ᠺᠠᠳ᠋ᠷ ᠃    ᠭᠤᠷᠪᠠ᠂ ᠬᠥᠳᠡᠯᠭᠡᠭᠡᠨ ᠤ ᠴᠠᠭ    2022 ᠣᠨ ᠤ 8 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠶᠢᠨ ᠰᠡᠭᠦᠯᠴᠢ ᠶᠢᠨ ᠬᠤᠭᠤᠷᠣᠨᠳᠤ᠃    ᠳᠥᠷᠪᠡ᠂ ᠬᠥᠳᠡᠯᠭᠡᠭᠡᠨ ᠤ ᠬᠡᠯᠪᠡᠷᠢ    ᠲᠣᠰ ᠤᠳᠠᠭᠠᠨ ᠤ ᠬᠥᠳᠡᠯᠭᠡᠭᠡᠨ ᠢ ᠬᠤᠶᠠᠷ ᠬᠡᠰᠡᠭ ᠬᠤᠪᠢᠶᠠᠵᠤ ᠥᠷᠨᠢᠭᠦᠯᠦᠨ᠎ᠡ᠃ ᠨᠢᠭᠡᠳᠦᠭᠡᠷ ᠬᠡᠰᠡᠭ ᠲᠤ᠂ ᠤᠰᠤᠨ ᠠᠰᠢᠭᠯᠠᠯᠲᠠ ᠶᠢᠨ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠶᠢᠨ ᠬᠢᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠠᠨᠠᠭᠠᠴᠢᠯᠠᠭ᠎ᠠ ᠶᠢᠨ ᠪᠢᠴᠢᠭ ᠶᠠᠪᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠶᠢᠨ ᠬᠢᠨ ᠢ ᠤᠰᠤᠨ ᠠᠰᠢᠭᠯᠠᠯᠲᠠ ᠶᠢᠨ ᠲᠢᠩᠬᠢᠮ ᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠯᠤᠰ ᠲᠥᠷᠥ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠪᠤᠶ ᠪᠣᠯᠭᠠᠵᠤ᠂ ᠢᠯᠵᠠᠷᠠᠯ ᠢ ᠡᠰᠡᠷᠭᠦᠴᠡᠨ ᠢᠯᠵᠠᠷᠠᠯ ᠢ ᠰᠡᠷᠭᠡᠶᠢᠯᠡᠬᠦ ᠪᠠ ᠠᠷᠢᠭᠤᠨ ᠴᠢᠬᠡᠴᠢ ᠶᠢ ᠡᠷᠬᠢᠮᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠶ ᠪᠣᠯᠭᠠᠨ᠎ᠠ᠃ ᠬᠤᠶᠠᠳᠤᠭᠠᠷ ᠬᠡᠰᠡᠭ  ᠲᠤ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠶ ᠶᠢᠨ ᠰᠠᠯᠠᠭ᠎ᠠ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷᠴᠤᠳ ︽ᠰᠠᠶᠢᠨ ᠬᠡᠷ ᠪᠦᠯᠢ᠂ ᠰᠠᠶᠢᠨ ᠬᠡᠷ ᠤᠨ ᠰᠤᠷᠲᠠᠯ᠂ ᠰᠠᠶᠢᠨ ᠬᠡᠷ ᠤᠨ ᠰᠤᠷᠭᠠᠯ︾ ᠤᠨ ᠭᠤᠤᠯ ᠰᠡᠳᠦᠪ ᠤᠨ ᠲᠣᠭᠤᠷᠢᠨ ᠳᠤ ᠲᠥᠷᠥᠭᠳᠡᠯ ᠣᠶᠢᠯᠠᠭᠠᠯᠲᠠ ᠪᠤᠶᠤ ᠲᠠᠨᠢᠯᠲᠠ ᠪᠠᠨ ᠶᠠᠷᠢᠵᠤ᠂ ᠨᠠᠶᠢᠷᠠᠭᠤᠯᠭ᠎ᠠ ᠶᠢᠨ ᠬᠡᠯᠪᠡᠷᠢ ᠶᠢ ᠬᠢᠵᠠᠭᠠᠷᠯᠠᠬᠤ ᠥᠬᠡᠶ᠂ ᠥᠰᠥᠭ ᠤᠨ ᠲᠤᠭ᠎ᠠ ᠶᠢ 2000 ᠥᠰᠥᠭ ᠤᠨ ᠳᠣᠲᠣᠷ᠎ᠠ ᠬᠢᠵᠠᠭᠠᠷᠯᠠᠨ᠎ᠠ᠃    ᠲᠠᠪᠤ ᠂ ᠬᠥᠳᠡᠯᠭᠡᠭᠡᠨ ᠤ ᠶᠠᠪᠤᠴᠠ    ︵ᠨᠢᠭᠡ︶ ᠰᠠᠨᠠᠭᠠᠴᠢᠯᠠᠭ᠎ᠠ ᠶᠢᠨ ᠱᠠᠲᠤ ᠦᠶ᠎ᠡ᠃ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠰᠤᠨ ᠠᠰᠢᠭᠯᠠᠯᠲᠠ ᠶᠢᠨ ᠲᠢᠩᠬᠢᠮ ᠤᠨ ᠪᠤᠶ ᠪᠦᠬᠦᠢ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠳᠤ ᠭᠡᠷ ᠪᠦᠯᠢ ᠶᠢᠨ ᠠᠷᠢᠭᠤᠨ ᠴᠢᠬᠡᠴᠢ ᠶᠢᠨ ᠲᠤᠬᠠᠶ ᠰᠠᠨᠠᠭᠠᠴᠢᠯᠠᠭ᠎ᠠ ᠶᠢᠨ ᠪᠢᠴᠢᠭ ᠭᠠᠷᠭᠠᠵᠤ᠂ ᠡᠨᠡ ᠤᠳᠠᠭᠠᠨ ᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠬᠥᠰᠢᠭᠡ ᠶᠢ ᠨᠡᠭᠡᠭᠡᠨ᠎ᠡ ᠃    ︵ᠬᠤᠶᠠᠷ︶ ᠵᠣᠬᠢᠶᠠᠯ ᠡᠯᠰᠡᠬᠦ ᠱᠠᠲᠤ ᠦᠶ᠎ᠡ᠃ ᠲᠢᠩᠬᠢᠮ ᠤᠨ ᠪᠠᠶᠢᠭᠤᠯᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠰᠠᠯᠠᠭᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠺᠠᠳ᠋ᠷ ᠠᠴᠠ ᠡᠬᠡ ᠪᠢᠴᠢᠭ ᠡᠯᠰᠡᠵᠦ᠂ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠲᠡᠭᠦᠨ ᠤ ᠳᠣᠲᠣᠷ᠎ᠠ ᠠᠴᠠ ᠰᠢᠯᠢᠳᠡᠭ ᠪᠦᠲᠦᠭᠡᠯ ᠢ ᠰᠣᠩᠭᠤᠨ᠎ᠠ᠃    ︵ᠭᠤᠷᠪᠠ︶ ᠢᠯᠡᠳᠬᠡᠨ ᠦᠵᠡᠭᠦᠯᠬᠦ ᠱᠠᠲᠤ ᠦᠶ᠎ᠡ᠃ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠰᠦᠯᠵᠢᠶ᠎ᠡ ᠳᠤ ᠲᠤᠰᠬᠠᠶ ᠪᠤᠯᠤᠩ ᠨᠡᠭᠡᠭᠡᠵᠦ᠂ ᠰᠢᠯᠢᠳᠡᠭ ᠪᠦᠲᠦᠭᠡᠯ ᠢ ᠳᠡᠯᠭᠡᠨ ᠦᠵᠡᠭᠦᠯᠪᠡ᠃    ᠵᠢᠷᠭᠤᠭ᠎ᠠ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ    ᠲᠣᠰ ᠤᠳᠠᠭᠠᠨ ᠤ ᠬᠥᠳᠡᠯᠭᠡᠭᠡᠨ ᠢ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠬᠡᠷ ᠬᠠᠮᠲᠤ ᠪᠠᠷ ᠵᠣᠬᠢᠶᠠᠨ ᠪᠠᠶᠢᠭᠤᠯᠵᠤ ᠥᠷᠨᠢᠭᠦᠯᠦᠨ᠎ᠡ᠃    ᠳᠣᠯᠤᠭ᠎ᠠ ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠲᠢᠩᠬᠢᠮ ᠤᠨ ᠬᠠᠷᠢᠶ᠎ᠠ ᠡᠯ᠎ᠡ ᠨᠢᠭᠡᠴᠡ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠭᠡᠷ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠨ ᠰᠤᠳᠤᠯᠬᠤ ᠰᠠᠯᠠᠭ᠎ᠠ  ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠭᠡᠨ ᠬᠡᠮᠵᠢᠶ᠎ᠡ  ᠪᠠᠷ ᠳᠠᠶᠢᠴᠢᠯᠠᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠤᠰ ᠤᠳᠠᠭᠠᠨ ᠤ ᠬᠥᠳᠡᠯᠭᠡᠭᠡᠨ ᠳᠤ ᠣᠷᠣᠯᠴᠠᠭᠤᠯᠵᠤ᠂ ᠭᠡᠷ ᠪᠦᠯᠢ᠂ ᠨᠢᠭᠡᠴᠡ ᠬᠠᠮᠲᠤᠪᠠᠷ ᠪᠠᠶᠢᠭᠤᠯᠬᠤ ᠪᠠᠷ ᠳᠠᠮᠵᠢᠭᠤᠯᠤᠨ᠂ ᠠᠷᠢᠭᠤᠨ ᠴᠢᠬᠡᠴᠢ ᠪᠠᠷ ᠠᠵᠢᠯ ᠡᠷᠬᠢᠯᠡᠬᠦ᠂ ᠵᠠᠰᠠᠭ ᠪᠠᠷᠢᠬᠤ ᠦᠵᠡᠯ ᠤᠬᠠᠮᠰᠠᠷ ᠢ ᠭᠦᠨ ᠦᠨᠳᠦᠰᠦᠯᠡᠭᠦᠯᠬᠦ ᠬᠡᠷᠡᠭᠲᠡᠶ᠃    ︵ᠬᠤᠶᠠᠷ︶ ᠲᠢᠩᠬᠢᠮ ᠤᠨ ᠬᠠᠷᠢᠶ᠎ᠠ ᠡᠯ᠎ᠡ ᠨᠢᠭᠡᠴᠡ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠭᠡᠷ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠮᠡᠳᠡᠭᠦᠯᠦᠨ ᠬᠦᠷᠭᠡᠬᠦ ᠪᠦᠲᠦᠭᠡᠯ ᠤᠨ ᠤᠯᠤᠰ ᠲᠥᠷᠥ ᠶᠢᠨ ᠪᠣᠭᠤᠮᠲᠠ᠂ ᠲᠥᠷᠥ ᠶᠢᠨ ᠪᠣᠳᠣᠯᠭ᠎ᠠ ᠶᠢᠨ ᠪᠣᠭᠤᠮᠲᠠ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠰᠠᠶᠢᠲᠤᠷ ᠡᠵᠡᠮᠰᠢᠵᠦ ᠂ ᠡᠯᠰᠡᠬᠦ ᠵᠣᠬᠢᠶᠠᠯ ᠪᠦᠲᠦᠭᠡᠯ ᠤᠨ ᠠᠭᠤᠯᠭ᠎ᠠ ᠨᠢ ᠡᠷᠬᠡᠪᠰᠢ ᠢᠳᠡᠪᠬᠢᠲᠡᠶ ᠥᠭᠡᠳᠡᠷᠬᠡᠭ ᠪᠠᠶᠢᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠠᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃    ︵ᠭᠤᠷᠪᠠ︶ ᠲᠢᠩᠬᠢᠮ ᠤᠨ ᠬᠠᠷᠢᠶ᠎ᠠ ᠡᠯ᠎ᠡ ᠨᠢᠭᠡᠴᠡ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠭᠡᠷ ᠤᠨ ᠬᠢᠨ ᠠᠯᠪᠠᠨ ᠪᠢᠴᠢᠭ ᠡᠯᠰᠡᠬᠦ ᠬᠡᠪᠴᠢᠶ᠎ᠡ ᠪᠣᠯᠤᠨ ᠴᠠᠭ ᠬᠤᠭᠤᠴᠠᠭᠠᠨ ᠤ ᠵᠠᠩᠭᠢᠯᠠᠭ᠎ᠠ ᠴᠢᠭ ᠢ ᠰᠠᠶᠢᠲᠤᠷ ᠡᠵᠡᠮᠰᠢᠵᠦ᠂ ᠲᠢᠩᠬᠢᠮ ᠤᠨ ᠪᠠᠶᠢᠭᠤᠯᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠶ ᠶᠢᠨ ᠰᠠᠯᠠᠭ᠎ᠠ ᠶᠢᠨ ᠰᠠᠯᠠᠭ᠎ᠠ ᠶᠢᠨ ᠱᠠᠲᠤ ᠬᠢᠭᠡᠳ ᠲᠡᠭᠦᠨ ᠠᠴᠠ ᠳᠡᠭᠡᠭᠰᠢᠬᠢ‌‍ᠺᠠᠳ᠋ᠷ ᠴᠥᠮ ᠨᠢᠭᠡ ᠬᠤᠪᠢ ᠵᠣᠬᠢᠶᠠᠯ ᠪᠦᠲᠦᠭᠡᠯ ᠢ ᠮᠡᠳᠡᠭᠦᠯᠦᠨ ᠬᠦᠷᠭᠡᠵᠦ᠂ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠠᠯᠪᠠᠨ ᠪᠢᠴᠢᠭ ᠡᠯᠰᠡᠬᠦ ᠶᠢᠨ ᠠᠩᠬ᠎ᠠ ᠬᠢᠨᠠᠵᠤ ᠳᠡᠭᠡᠭᠰᠢ ᠮᠡᠳᠡᠭᠦᠯᠬᠦ ᠠᠵᠢᠯ ᠢ ᠳᠠᠭᠤᠰᠬᠠᠬᠤ ᠬᠡᠷᠡᠭᠲᠡᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号