ᠨᠠᠮᠤᠷ ᠤᠨ ᠰᠠᠯᠬᠢᠨ ᠳᠤ ᠨᠠᠢᠮᠠᠯᠵᠢ ᠶᠢᠨ ᠬᠥᠯ ᠨᠢ ᠲᠠᠷᠭᠤᠯᠠᠵᠤ᠂ ᠲᠣᠤᠷ ᠳᠦᠭᠦᠷᠦᠭᠰᠡᠨ ᠨᠠᠶᠢᠮᠠᠯᠵᠢ ᠶᠢ | ᠱᠦᠭᠦᠨ ᠭᠠᠷᠬᠤ ᠶᠢ ᠬᠠᠷᠠᠭᠠᠳ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠦᠬᠡᠮᠤᠳᠤ ᠪᠠᠯᠭᠠᠰᠤᠨ ᠤ | ᠪᠠᠶᠠᠨ᠋ᠦ᠌ᠨᠳᠦᠷ ᠭᠠᠴᠠᠭᠠᠨ ᠤ ᠮᠠᠯᠴᠢᠳ ᠲᠤᠶᠢᠯ ᠤᠨ ᠪᠠᠶᠠᠷᠲᠠᠢ ᠪᠠᠶᠢᠯ᠎ᠠ᠃ | 9 ᠳ᠋ᠦ᠋ᠭᠡᠷ ᠰᠠᠷ᠎ᠠ ᠶᠢᠨ 7 ᠤ ᠡᠳᠦᠷ᠂ ᠡᠯᠡᠰᠦᠨ ᠴᠦᠯ ᠤᠨ ᠤᠷᠲᠤ ᠵᠠᠰᠠᠮᠠᠯ ᠵᠠᠮ ᠢᠶᠠᠷ ᠨᠡᠪᠲᠡᠷᠡᠭᠡᠳ | ᠰᠤᠷᠪᠤᠯᠵᠢᠯᠠᠭᠴᠢ ᠬᠥᠪᠴᠢ ᠶᠢᠨ ᠡᠯᠡᠰᠦᠨ ᠤ ᠥᠷᠥᠴᠡ ᠭᠠᠵᠠᠷ ᠲᠤ ᠬᠦᠷᠴᠦ᠂ ᠮᠠᠨ ᠭᠤᠸᠠᠢ ᠶᠢᠨ | ᠭᠡᠷ ᠤᠨ《ᠡᠯᠡᠰᠦᠨ ᠴᠦᠯ ᠤᠨ ᠨᠠᠢᠮᠠᠯᠵᠢ 》 ᠶᠢᠨ ᠡᠯᠪᠡᠭ ᠬᠤᠷᠢᠶᠠᠯᠲᠠ ᠣᠯᠤᠭᠰᠠᠨ ᠢ ᠦᠵᠡᠨ ᠭᠡᠷᠡᠴᠢᠯᠡᠪᠡ᠃ | ᠨᠢᠳᠤᠷᠭ᠎ᠠ ᠶᠢᠨ ᠬᠢᠷᠢ ᠲᠠᠢ ᠨᠠᠶᠮᠠᠯᠵᠢ᠂ ᠨᠢᠭᠡ ᠵᠢᠩ ᠳᠡᠭᠡᠨ 50 ᠲᠥᠭᠦᠷᠢᠭ᠂ ᠨᠢᠭᠡ ᠭᠠᠷᠠᠭ ᠪᠣᠯᠤᠭ᠎ᠠ ᠦᠭᠡᠢ ᠪᠠᠷ | ᠮᠠᠨ ᠭᠤᠸᠠᠢ ᠶᠢᠨ ᠬᠢ 5000 ᠭᠠᠷᠤᠶ ᠵᠢᠩ ᠬᠤᠳᠠᠯᠳᠤᠪᠠ ᠃ | ᠮᠠᠨ ᠭᠤᠸᠠᠢ ᠨᠡᠷ᠎ᠡ ᠨᠠᠷᠠᠨᠮᠠᠨᠳᠤᠬᠤ ᠭᠡᠳᠡᠭ᠂ ᠲᠡᠭᠦᠨ ᠤ ᠭᠡᠷ ᠲᠤ 8800 ᠮᠦ ᠪᠡᠯᠴᠢᠭᠡᠷ ᠲᠠᠢ᠃ ᠪᠡᠯᠴᠢᠭᠡᠷ | ᠭᠡᠵᠦ ᠬᠡᠯᠡᠪᠡᠴᠦ ᠂ ᠥᠩᠭᠡᠷᠡᠭᠡᠭᠰᠡᠨ ᠳᠤ ᠣᠯᠠᠩᠬᠢ ᠨᠢ ᠡᠯᠡᠰᠦᠨ ᠡᠭᠦᠷ᠂ ᠭᠠᠩ ᠬᠠᠭᠤᠷᠠᠶ ᠪᠣᠷᠣᠭᠠᠨ ᠪᠠᠭ᠎ᠠ ᠪᠣᠯ ᠡᠩ | ᠤᠨ ᠪᠠᠶᠢᠳᠠᠯ ᠪᠣᠯᠣᠭᠠᠳ ᠂ ᠦᠬᠡᠷ ᠬᠤᠨᠢ ᠪᠦᠷ ᠢᠳᠡᠵᠦ ᠴᠠᠳᠬᠤ ᠦᠭᠡᠢ ᠪᠠᠶᠢᠭᠰᠠᠨ ᠃ | ᠠᠷᠪᠠᠨ ᠵᠢᠯ ᠤᠨ ᠡᠮᠦᠨ᠎ᠡ᠂ ᠮᠠᠨ ᠠᠪᠠᠭᠠᠢ ᠪᠣᠯ ᠬᠥᠯᠥᠰᠥᠨ ᠠᠵᠢᠯ ᠬᠢᠵᠦ ᠠᠮᠢᠳᠤᠷᠠᠯ ᠢᠶᠠᠨ ᠠᠷᠭᠠᠴᠠᠵᠤ | ᠪᠠᠶᠢᠭᠰᠠᠨ ᠮᠠᠯᠴᠢᠨ ᠶᠤᠮ᠂ ᠭᠡᠷ ᠲᠡᠭᠡᠨ 20 ᠬᠦᠷᠬᠦ ᠦᠭᠡᠢᠦᠬᠡᠷ ᠲᠡᠵᠢᠭᠡᠵᠦ᠂ ᠨᠢᠭᠡ ᠵᠢᠯ ᠤᠨ ᠣᠷᠣᠯᠭ᠎ᠠ ᠨᠢ | ᠠᠷᠠᠢ ᠯᠠ ᠬᠡᠳᠦᠨ ᠲᠦᠮᠡᠨ ᠲᠥᠭᠦᠷᠢᠭ ᠪᠠᠶᠢᠵᠠᠢ ᠃ ᠣᠳᠣ ᠲᠡᠳᠡᠨ ᠤ ᠦᠬᠡᠷ 700 ᠭᠠᠷᠤᠶ ᠲᠣᠯᠣᠭᠠᠢ ᠪᠣᠯᠵᠤ᠂ | ᠨᠢᠭᠡ ᠦᠬᠡᠷ ᠢ ᠳᠤᠮᠳᠠᠴᠢ ᠪᠠᠷ ᠲᠦᠮᠡᠨ ᠲᠥᠭᠦᠷᠢᠭ ᠢᠶᠠᠷ ᠬᠤᠳᠠᠯᠳᠤᠵᠤ᠂ ᠣᠷᠣᠯᠭ᠎ᠠ ᠨᠢ ᠴᠤ ᠳᠠᠬᠢᠨ ᠢᠶᠠᠷ | ᠨᠡᠮᠡᠭᠳᠡᠵᠡᠶ᠃ | ᠬᠤᠪᠢᠷᠠᠯᠲᠠ ᠭᠠᠷᠤᠭᠰᠠᠨ ᠪᠣᠯ ᠣᠶᠢᠷ᠎ᠠ ᠶᠢᠨ ᠬᠡᠳᠦᠨ ᠵᠢᠯ ᠤᠨ ᠶᠠᠪᠤᠳᠠᠯ ᠪᠣᠯᠣᠨ᠎ᠠ ᠂ ᠡᠭᠦᠨ ᠢ ᠬᠠᠩᠭᠢᠨ | ᠬᠤᠰᠢᠭᠤ ᠬᠠᠲᠤᠨ ᠭᠤᠤᠯ ᠤᠨ ᠬᠠᠯᠢᠶ᠎ᠠ ᠤᠰᠤ ᠶᠢ ᠡᠯᠡᠰᠦᠨ ᠴᠥᠯ ᠳᠤ ᠲᠠᠲᠠᠵᠤ ᠣᠷᠣᠭᠤᠯᠬᠤ ᠠᠴᠠ ᠡᠬᠢᠯᠡᠵᠦ | ᠶᠠᠷᠢᠬᠤ ᠬᠡᠷᠡᠭᠲᠡᠶ᠃ | ᠨᠠᠮᠤᠷ ᠤᠨ ᠡᠬᠢᠨ ᠤ ᠬᠠᠩᠭᠢᠨ ᠬᠤᠰᠢᠭᠤᠨ ᠳᠤ ᠵᠢᠭᠠᠬᠠᠨ ᠰᠡᠷᠢᠭᠦᠨ ᠪᠠᠶᠢᠵᠤ᠂ ᠥᠨᠳᠥᠷ ᠲᠤ ᠵᠣᠭᠰᠣᠨ | ᠬᠥᠪᠴᠢ ᠶᠢᠨ ᠬᠠᠲᠤᠨ ᠭᠤᠤᠯ ᠳᠠᠭᠠᠤ ᠠᠮᠢ ᠠᠬᠤᠶ ᠶᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠲᠥᠷᠥᠯ ᠵᠦᠶᠯ ᠢ | ᠪᠠᠷᠠᠯᠠᠬᠤ ᠳᠤ᠂ ᠡᠩ ᠤᠨ ᠦᠶ᠎ᠡ ᠳᠤ ᠣᠯᠵᠤ ᠬᠠᠷᠠᠳᠠᠭ ᠡᠯᠡᠰᠦᠨ ᠴᠥᠯ ᠲᠠᠢ ᠠᠳᠠᠯᠢ ᠥᠬᠡᠶ᠂ ᠨᠢᠳᠦᠨ ᠡᠮᠦᠨᠡᠬᠢ | ᠦᠵᠡᠮᠵᠢ ᠶᠢ ᠬᠠᠮᠠᠷ ᠬᠠᠳᠬᠤᠬᠤ ᠡᠪᠡᠰᠦ ᠥᠬᠡᠶ ᠡᠯᠡᠰᠦᠨ ᠴᠥᠯ ᠲᠠᠢ ᠬᠤᠯᠪᠣᠨ ᠪᠣᠳᠣᠵᠤ ᠳᠡᠶᠢᠯᠬᠦ ᠦᠭᠡᠢ ᠂ ᠶᠡᠭᠡ | ᠪᠠᠭ᠎ᠠ ᠨᠠᠭᠤᠷ ᠴᠥᠭᠦᠷᠥᠮ ᠨᠢ ᠶᠠᠭ ᠮᠥᠬᠦᠯᠢᠭ ᠰᠤᠪᠤᠳ ᠤᠳ ᠰᠢᠭ ᠢᠶᠠᠷ ᠡᠯᠡᠰᠦᠨ ᠴᠥᠯ ᠤᠨ ᠥᠷᠥᠴᠡᠨ ᠳᠤ | ᠲᠠᠷᠬᠠᠵᠤ ᠪᠠᠶᠢᠳᠠᠭ᠃ | 《ᠥᠩᠭᠡᠷᠡᠭᠰᠡᠨ ᠳᠤ ᠳᠣᠲᠣᠷ᠎ᠠ ᠨᠢ ᠡᠯᠡᠰᠦᠨ ᠤ ᠭᠠᠮᠰᠢᠭ᠂ ᠭᠠᠳᠠᠨ᠎ᠠ ᠨᠢ ᠤᠰᠤᠨ ᠤ ᠭᠠᠮᠰᠢᠭ ᠪᠠᠶᠢᠭᠰᠠᠨ᠂ | ᠤᠳᠤ ᠤᠰᠤ ᠪᠠᠷ ᠡᠯᠡᠰᠦ ᠶᠢ ᠵᠠᠰᠠᠵᠤ᠂ ᠡᠯᠡᠰᠦᠨ ᠴᠦᠯ ᠤᠨ ᠥᠷᠥᠴᠡ ᠭᠠᠵᠠᠷ ᠢ ᠴᠤ ᠡᠷᠳᠡᠨᠢ | ᠪᠣᠯᠭᠠᠪᠠ᠃》ᠭᠡᠵᠦ ᠬᠠᠩᠭᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠭᠤᠷᠪᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ ᠶᠠᠩ ᠶᠦᠩ ᠮᠤᠤ ᠬᠡᠯᠡᠪᠡ᠃ | ᠶᠠᠩ ᠶᠦᠩ ᠮᠤᠤ ᠶᠢᠨ ᠲᠠᠨᠢᠯᠴᠠᠭᠤᠯᠤᠭᠰᠠᠨ ᠢᠶᠠᠷ᠂ ᠬᠠᠲᠤᠨ ᠭᠤᠤᠯ ᠤᠨ ᠬᠠᠩᠭᠢᠨ ᠬᠤᠰᠢᠭᠤ ᠪᠠᠷ ᠤᠷᠤᠰᠤᠨ | ᠥᠩᠭᠡᠷᠡᠬᠦ ᠪᠥᠬᠦ ᠣᠷᠳᠣ ᠨᠢ 249 ᠺᠢᠯᠣᠮᠧᠲᠷ ᠪᠠᠶᠢᠵᠤ᠂ ᠪᠥᠬᠦ ᠤᠯᠤᠰ ᠤᠨ ᠬᠠᠲᠤᠨ ᠭᠤᠤᠯ ᠤᠨ ᠰᠠᠪᠠ ᠭᠠᠵᠠᠷ | ᠤᠨ ᠤᠷᠤᠰᠤᠨ ᠥᠩᠭᠡᠷᠡᠬᠦ ᠬᠠᠮᠤᠭ ᠤᠨ ᠣᠷᠳᠣ ᠬᠤᠰᠢᠭᠤ ᠰᠢᠶᠠᠨ ᠪᠣᠯᠤᠨ᠎ᠠ᠃ ᠵᠢᠯ ᠪᠦᠷᠢ ᠬᠠᠲᠤᠨ ᠭᠤᠤᠯ ᠤᠨ | ᠬᠢᠯᠢ ᠪᠠᠷ ᠥᠩᠭᠡᠷᠡᠬᠦ ᠤᠰᠤᠨ ᠤ ᠬᠡᠮᠵᠢᠶ᠎ᠡ ᠨᠢ ᠪᠠᠷᠤᠭ 310 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ | ᠂ ᠬᠠᠯᠢᠶ᠎ᠠ ᠬᠥᠯᠳᠡᠬᠦ ᠪᠠ ᠭᠤᠤᠯ ᠮᠥᠷᠡᠨ ᠤ ᠬᠠᠯᠢᠶ᠎ᠠ ᠬᠤᠶᠠᠷ ᠶᠠᠪᠤᠴᠠ ᠶᠢ ᠥᠩᠭᠡᠷᠡᠭᠡᠵᠦ᠂ ᠬᠠᠯᠢᠶ᠎ᠠ ᠶᠢᠨ | ᠬᠤᠭᠤᠴᠠᠭ᠎ᠠ ᠨᠢ 120 ᠡᠳᠦᠷ᠂ ᠬᠠᠯᠢᠶ᠎ᠠ ᠦᠶᠡᠷ ᠤᠨ ᠬᠤᠭᠤᠴᠠᠭᠠᠨ ᠤ ᠳᠤᠮᠳᠠᠴᠢ ᠤᠰᠤ ᠬᠠᠳᠠᠭᠠᠯᠠᠬᠤ ᠬᠡᠮᠵᠢᠶ᠎ᠡ | ᠨᠢ 14 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠳᠠᠭ ᠃ ᠢᠯᠠᠩᠭᠤᠶ᠎ᠠ ᠬᠠᠪᠤᠷ ᠤᠨ ᠤᠯᠠᠷᠢᠯ ᠳᠤ | ᠭᠤᠣᠯ ᠭᠡᠰᠬᠦ ᠬᠤᠭᠤᠴᠠᠭᠠᠨ ᠳᠤ᠂ ᠡᠨᠡ ᠣᠷᠴᠢᠮ ᠬᠠᠯᠢᠶ᠎ᠠ ᠶᠢ ᠰᠡᠷᠭᠡᠶᠢᠯᠡᠬᠦ ᠳᠠᠷᠤᠯᠲᠠ ᠯᠤᠲᠤ ᠶᠡᠭᠡ ᠪᠠᠶᠢᠵᠤ᠂ | ᠦᠶᠡᠷ ᠢ ᠰᠡᠷᠭᠡᠶᠢᠯᠡᠬᠦ ᠶᠡᠭᠡ ᠬᠠᠰᠢᠯᠭ᠎ᠠ ᠶᠢ ᠰᠦᠷᠳᠡᠭᠦᠯᠬᠦ ᠪᠠᠷ ᠪᠠᠷᠠᠬᠤ ᠦᠭᠡᠢ ᠪᠠᠰᠠ ᠬᠠᠯᠢᠶ᠎ᠠ ᠦᠶᠡᠷ ᠤᠨ ᠭᠠᠮᠰᠢᠭ | ᠢ ᠡᠭᠦᠰᠭᠡᠵᠦ᠂ ᠬᠠᠳᠤᠨ ᠭᠤᠣᠯ ᠤᠨ ᠳᠤᠤᠷᠠᠳᠤ ᠤᠷᠤᠰᠬᠠᠯ ᠤᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ | ᠶᠢᠨ ᠠᠮᠤᠷ ᠲᠦᠪᠰᠢᠨ ᠢ ᠨᠥᠯᠥᠭᠡᠯᠡᠨ᠎ᠡ ᠃ | ᠬᠠᠲᠤᠨ ᠭᠤᠤᠯ ᠲᠠᠢ ᠬᠥᠷᠰᠢᠯᠡᠵᠦ ᠪᠠᠶᠢᠭ᠎ᠠ ᠬᠥᠪᠴᠢ ᠶᠢᠨ ᠡᠯᠡᠰᠦᠨ ᠳᠤ᠂ ᠤᠰᠤᠨ ᠤ ᠡᠬᠢ ᠰᠤᠷᠪᠤᠯᠵᠢ | ᠳᠤᠲᠠᠮᠠᠭ ᠠᠴᠠ ᠪᠣᠯᠵᠣ᠂ ᠤᠤᠯ ᠤᠨ ᠪᠠᠶᠢᠭ᠎ᠠ ᠨᠠᠭᠤᠷ ᠴᠥᠭᠦᠷᠥᠮ ᠬᠠᠲᠠᠵᠤ ᠂ ᠨᠤᠲᠤᠭ ᠪᠡᠯᠴᠢᠭᠡᠷ ᠡᠯᠡᠰᠦᠷᠬᠡᠭᠵᠢᠵᠦ | ᠂ ᠠᠮᠢ ᠠᠬᠤᠶ ᠣᠷᠴᠢᠨ ᠲᠣᠭᠤᠷᠢᠨ ᠲᠤᠶᠢᠯ ᠤᠨ ᠬᠡᠪᠡᠷᠡᠭ ᠪᠣᠯᠵᠣ᠂ ᠣᠯᠠᠨ ᠲᠦᠮᠡᠨ ᠣᠷᠣᠰᠢᠨ ᠠᠮᠢᠳᠤᠷᠠᠬᠤ ᠶᠢᠨ | ᠠᠷᠭ᠎ᠠ ᠥᠬᠡᠶ ᠬᠦᠴᠢᠷᠳᠡᠯ ᠳᠤ ᠲᠤᠯᠭᠠᠷᠠᠨ᠂ ᠠᠷᠭ᠎ᠠ ᠪᠤᠰᠤ ᠠᠮᠢ ᠠᠬᠤᠶ ᠶᠢᠨ ᠨᠡᠭᠦᠳᠡᠯ ᠬᠢᠵᠦ ᠂《ᠡᠯᠡᠰᠦ | ᠤᠷᠤᠭᠰᠢᠯᠠᠵᠤ ᠬᠥᠮᠦᠨ ᠤᠬᠤᠷᠢᠬᠤ》ᠮᠠᠭᠤ ᠪᠠᠶᠢᠳᠠᠯ ᠢᠯᠡᠷᠡᠵᠡᠶ᠃ | ᠨᠢᠭᠡ ᠲᠠᠯ᠎ᠠ ᠪᠠᠷ᠂ ᠶᠡᠭᠡ ᠬᠡᠮᠵᠢᠶᠡᠨ ᠤ ᠤᠰᠤᠨ ᠤ ᠡᠬᠢ ᠰᠤᠷᠪᠤᠯᠵᠢ ᠶᠢ ᠲᠠᠯᠠᠭᠠᠷ ᠰᠦᠶᠳᠬᠡᠵᠦ᠂ ᠨᠥᠭᠦᠭᠡ ᠲᠠᠯ᠎ᠠ | ᠪᠠᠷ᠂ ᠬᠠᠲᠤᠨ ᠭᠤᠤᠯ ᠲᠠᠢ ᠬᠥᠷᠰᠢᠯᠡᠵᠦ ᠪᠠᠶᠢᠭ᠎ᠠ ᠬᠥᠪᠴᠢ ᠶᠢᠨ ᠡᠯᠡᠰᠦᠨ ᠤ ᠤᠰᠤᠨ ᠤ ᠡᠬᠢ ᠰᠤᠷᠪᠤᠯᠵᠢ | ᠳᠤᠲᠠᠭᠳᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠦᠴᠢᠷ ᠠᠰᠠᠭᠤᠳᠠᠯ ᠬᠦᠨᠳᠦ ᠨᠣᠴᠢᠲᠠᠶ ᠪᠠᠶᠢᠨ᠎ᠠ᠃ | ᠶᠠᠭᠤᠨ ᠳᠤ ᠬᠠᠲᠤᠨ ᠭᠤᠣᠯ ᠤᠨ ᠬᠠᠯᠢᠶ᠎ᠠ ᠶᠢ ᠡᠯᠡᠰᠦᠨ ᠳᠤ ᠲᠠᠲᠠᠵᠤ ᠣᠷᠣᠭᠤᠯᠬᠤ ᠦᠭᠡᠢ ᠪᠤᠢ ︖ | ᠡᠨᠡᠬᠦ ᠵᠣᠷᠢᠭᠲᠠᠶ ᠰᠡᠳᠬᠢᠮᠵᠢ ᠪᠠᠷ᠂ 2013 ᠣᠨ ᠳᠤ ᠬᠠᠩᠭᠢᠨ ᠬᠤᠰᠢᠭᠤ ᠡᠷᠬᠡ ᠬᠦᠨᠳᠦᠲᠦ ᠰᠠᠯᠠᠭ᠎ᠠ | ᠮᠥᠴᠢᠷ ᠤᠨ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠯᠭᠡᠪᠡ᠃ | ᠨᠤᠲᠠᠯᠠᠯᠲᠠ ᠪᠠᠷ ᠳᠡᠮᠵᠢᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠠᠲᠤᠨ ᠭᠤᠤᠯ ᠤᠨ ᠬᠠᠯᠢᠶ᠎ᠠ ᠦᠶᠡᠷ | ᠤᠨ ᠤᠰᠤᠨ ᠲᠦᠪᠰᠢᠨ ᠥᠨᠳᠥᠷ ᠪᠠᠶᠢᠬᠤ ᠦᠶ᠎ᠡ ᠳᠤ ᠬᠠᠯᠢᠶ᠎ᠠ ᠤᠰᠤ ᠶᠢ ᠡᠯᠡᠰᠦᠨ ᠴᠥᠯ ᠤᠨ ᠬᠤᠲᠣᠭᠤᠷ ᠭᠠᠵᠠᠷ | ᠲᠤ ᠲᠡᠳᠡᠨ ᠣᠷᠣᠭᠤᠯᠬᠤ ᠲᠥᠰᠦᠯ ᠢ ᠶᠡᠷᠦᠩᠬᠡᠶ ᠳᠡᠭᠡᠨ ᠬᠡᠷᠡᠭᠵᠢᠭᠦᠯᠵᠦ ᠪᠣᠯᠤᠨ᠎ᠠ ᠭᠡᠵᠦ ᠰᠠᠨᠠᠯ ᠨᠢᠭᠡᠲᠡᠶ ᠦᠵᠡᠪᠡ᠃ | 20 ᠭᠠᠷᠤᠶ ᠡᠳᠦᠷ ᠡᠷᠡᠯᠬᠡᠭᠯᠡᠨ ᠴᠢᠷᠮᠠᠶᠢᠭᠠᠳ ᠬᠠᠲᠤᠨ ᠭᠤᠣᠯ ᠤᠨ ᠬᠠᠯᠢᠶ᠎ᠠ ᠶᠢ ᠰᠠᠯᠭᠠᠨ ᠤᠰᠤ ᠲᠠᠲᠠᠬᠤ ᠠᠵᠢᠯ | ᠠᠮᠵᠢᠯᠲᠠ ᠣᠯᠵᠠᠶ᠃ | 2018 ᠣᠨ ᠳᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ 6524 ᠲᠦᠮᠡᠨ ᠲᠥᠭᠦᠷᠢᠭ ᠤᠨ | ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠲᠥᠪ ᠤᠨ ᠨᠥᠬᠦᠪᠥᠷᠢ ᠪᠠᠯᠠ ᠮᠥᠩᠭᠦ ᠶᠢ ᠣᠯᠵᠤ᠂ ᠬᠠᠲᠤᠨ | ᠭᠤᠤᠯ ᠤᠨ ᠬᠡᠰᠡᠭ ᠤᠰᠤ ᠶᠢ ᠬᠥᠪᠴᠢ ᠶᠢᠨ ᠡᠯᠡᠰᠦᠨ ᠴᠥᠯ ᠤᠨ ᠬᠤᠲᠣᠭᠤᠷ ᠭᠠᠵᠠᠷ ᠲᠤ ᠲᠡᠳᠡᠨ ᠣᠷᠣᠭᠤᠯᠬᠤ | ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠨᠡᠪᠲᠡᠷᠡᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠬᠠᠲᠤᠨ ᠭᠤᠤᠯ | ᠠᠴᠠ ᠤᠰᠤ ᠲᠠᠲᠠᠬᠤ᠂ ᠠᠶᠠᠨᠳᠠᠭᠠᠨ ᠤᠷᠤᠰᠤᠨ ᠥᠩᠭᠡᠷᠡᠬᠦ ᠳᠤ ᠬᠥᠪᠴᠢ ᠶᠢᠨ ᠡᠯᠡᠰᠦ ᠪᠠᠷ ᠥᠩᠭᠡᠷᠡᠬᠦ᠂ ᠳᠠᠬᠢᠨ | ᠬᠠᠲᠤᠨ ᠭᠤᠤᠯ ᠤᠨ ᠤᠰᠤᠨ ᠤ ᠡᠷᠭᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ ᠬᠥᠪᠴᠢ ᠶᠢᠨ ᠡᠯᠡᠰᠦᠨ | ᠤ《ᠤᠰᠤᠨ ᠤ ᠠᠮᠢ ᠠᠬᠤᠢ》ᠡᠶᠢᠨᠬᠦ ᠪᠦᠷᠢᠯᠳᠦᠵᠡᠢ᠃ | ᠠᠯᠭᠤᠷ ᠠᠭᠠᠵᠢᠮ ᠢᠶᠠᠷ ᠬᠥᠮᠥᠰ ᠤᠨ ᠠᠮᠢᠳᠤᠷᠠᠯ ᠢ ᠨᠥᠯᠥᠭᠡᠯᠡᠳᠡᠭ ᠡᠯᠡᠰᠦ ᠨᠢ《ᠣᠷᠣᠰᠢᠨ ᠠᠮᠢᠳᠤᠷᠠᠬᠤ | ᠠᠮᠢ ᠠᠬᠤᠢ ᠶᠢᠨ ᠭᠠᠵᠠᠷ》ᠪᠣᠯᠵᠣ᠂ 20 ᠭᠠᠷᠤᠶ ᠵᠦᠶᠯ ᠤᠨ ᠤᠷᠭᠤᠮᠠᠯ ᠦᠨᠳᠦᠰᠦ ᠬᠠᠳᠬᠤᠨ ᠤᠷᠭᠤᠵᠤ᠂ 10 | ᠭᠠᠷᠤᠶ ᠵᠦᠶᠯ ᠤᠨ ᠤᠰᠤᠨ ᠰᠢᠪᠠᠭᠤ ᠬᠠᠯᠢᠨ ᠨᠢᠰᠴᠦ ᠪᠠᠶᠢᠨ᠎ᠠ᠃ | ᠤᠰᠤ ᠪᠡᠯᠴᠢᠭᠡᠷ ᠦᠩ ᠰᠢᠮᠡᠯᠢᠭ ᠲᠠᠯ᠎ᠠ ᠨᠤᠲᠤᠭ ᠪᠣᠯ ᠮᠠᠯᠴᠢᠳ ᠤᠨ ᠬᠦᠰᠡᠨ ᠮᠥᠷᠥᠭᠡᠳᠬᠦ ᠬᠦᠰᠡᠯᠡᠩ ᠤᠨ | ᠮᠠᠯᠵᠢᠯ ᠤᠨ ᠲᠠᠯᠠᠪᠠᠢ ᠪᠣᠯᠤᠨ᠎ᠠ᠂ ᠭᠡᠪᠡᠴᠦ ᠮᠠᠨ ᠭᠤᠸᠠᠢ ᠬᠠᠷᠢᠨ ᠲᠡᠭᠦᠨ ᠤ ᠪᠠᠶᠠᠵᠢᠯ ᠤᠨ《ᠪᠠᠶᠠᠨ ᠪᠦᠷᠢᠳᠦ》 ᠨᠢ | ᠡᠯᠡᠰᠦᠨ ᠴᠦᠯ ᠤᠨ ᠥᠷᠥᠴᠡᠨ ᠳᠤ ᠪᠠᠶᠢᠨ᠎ᠠ ᠭᠡᠵᠦ ᠬᠡᠯᠡᠪᠡ᠃ | ︵ᠰᠤᠷᠪᠤᠯᠵᠢᠯᠠᠭᠴᠢ ᠰᠦᠩ ᠱᠤᠸᠠᠩ︶ | |