《ᠤᠮᠠᠷᠠᠲᠤ ᠣᠷᠣᠨ ᠤ ᠳᠠᠷᠪᠠᠭᠤᠯ ᠬᠡᠶᠢᠰᠴᠦ  ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨᠠᠮ · ᠬᠠᠵᠠᠭᠤ ᠬᠠᠪᠢ ᠶᠢᠨ ᠦᠨᠡᠨ ᠬᠡᠷᠡᠭ》ᠠᠳᠡ ᠤᠰᠤᠨ ᠤ ᠭᠡᠷᠡᠯ ᠮᠢᠷᠠᠯᠵᠠᠨ‌‍ᠰᠢᠪᠠᠭᠤᠳ ᠵᠢᠷᠭᠢᠨ᠎ᠡ
ᠨᠡᠶᠢᠲᠡᠯᠡᠭᠰᠡᠨ ᠴᠠᠭ᠄
2022/9/13
    《ᠡᠨᠡ ᠪᠣᠯ ᠬᠤᠭᠤᠯᠠᠢ ᠭᠤᠣᠯ᠂ ᠬᠠᠮᠤᠭ ᠤᠨ ᠢᠪᠴᠤᠤ ᠭᠠᠵᠠᠷ ᠨᠢ ᠬᠡᠳᠦᠬᠡᠨ ᠰᠠᠨᠲ᠋ᠢᠮᠧᠲᠷ ᠪᠠᠶᠢᠵᠤ᠂ ᠨᠢᠭᠡ ᠳᠡᠪᠲᠡᠷ ᠲᠠᠯᠪᠢᠪᠠᠯ ᠪᠦᠷ〈ᠬᠥᠭᠦᠷᠭᠡ〉ᠪᠤᠯᠵᠤ ᠪᠣᠯᠤᠨ᠎ᠠ᠃ ᠲᠡᠷᠡ ᠪᠣᠯ ᠳᠠᠯᠠᠢ ᠨᠠᠭᠤᠷ ᠲᠤ ᠤᠷᠤᠭᠰᠠᠨ ᠳᠥᠷᠪᠡᠨ ᠭᠤᠤᠯ  ᠤᠨ ᠨᠢᠭᠡ ᠨᠢ ᠶᠤᠮ》᠃    9 ᠳ᠋ᠦ᠋ᠭᠡᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠨᠠᠷ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠳᠤ ᠪᠠᠶᠢᠭ᠎ᠠ ᠲᠡᠯᠡᠶ ᠨᠠᠭᠤᠷ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠭᠠᠵᠠᠷ ᠤᠨ ᠳᠡᠳ᠋ ᠡᠷᠬᠢᠯᠡᠭᠴᠢ ᠯᠢ ᠪᠢᠩ ᠬᠤᠶ ᠶᠢ ᠳᠠᠭᠠᠵᠤ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠬᠢᠪᠠ᠃    80 ᠺᠢᠯᠤᠮᠧᠳ᠋ᠷ ᠤᠨ ᠡᠨᠡ ᠬᠦ ᠲᠣᠭᠤᠷᠢᠨ ᠬᠠᠮᠠᠭᠠᠯᠠᠬᠤ ᠵᠠᠮ ᠢᠶᠠᠷ ᠶᠠᠪᠤᠬᠤ ᠳᠤ᠂ ᠵᠠᠮ ᠳᠠᠭᠠᠤ ᠰᠤᠯᠠ ᠰᠡᠯᠡᠭᠦᠦ ᠪᠡᠯᠴᠢᠵᠦ ᠪᠠᠶᠢᠭ᠎ᠠ ᠦᠬᠡᠷ᠂ ᠠᠮᠠᠷᠠᠵᠤ ᠪᠠᠶᠢᠭ᠎ᠠ ᠬᠤᠨᠢ ᠵᠢᠴᠢ ᠮᠠᠯᠴᠢᠨ ᠤ ᠭᠡᠷ ᠪᠠᠶᠢᠰᠢᠩ᠂ ᠬᠠᠰᠢᠶ᠎ᠠ ᠰᠠᠷᠠᠪᠴᠢ ᠵᠡᠷᠭᠡ ᠬᠠᠷᠠᠭᠳᠠᠨ᠎ᠠ᠃    《ᠬᠠᠮᠠᠭᠠᠯᠠᠯᠲᠠ ᠶᠢᠨ ᠣᠷᠣᠨ ᠢ ᠦᠬᠦᠮᠡᠯ ᠢᠶᠠᠷ ᠰᠠᠬᠢᠵᠤ᠂ ᠶᠠᠮᠠᠷᠪᠠ ᠬᠥᠮᠦᠨ ᠴᠦ ᠣᠷᠣᠭᠤᠯᠬᠤ ᠦᠭᠡᠢ  ᠪᠢᠰᠢ᠃ ᠮᠠᠯᠴᠢᠳ ᠤᠨ ᠠᠮᠢ ᠠᠬᠤᠶ ᠶᠢᠨ ᠤᠬᠠᠮᠰᠠᠷ ᠮᠠᠰᠢ ᠴᠢᠩᠭ᠎ᠠ ᠪᠠᠶᠢᠳᠠᠭ᠂ ᠲᠠᠳᠠ ᠲᠡᠯᠡᠶ ᠨᠠᠭᠤᠷ ᠢ ᠡᠵᠢ ᠨᠠᠭᠤᠷ ᠭᠡᠵᠦ ᠦᠵᠡᠳᠡᠭ᠂ ᠲᠠᠳᠠ ᠣᠷᠴᠢᠨ ᠲᠣᠭᠤᠷᠢᠨ ᠢ ᠡᠪᠳᠡᠬᠦ ᠥᠬᠡᠶ ᠮᠥᠷᠲᠡᠭᠡᠨ ᠪᠠᠰᠠ ᠪᠢᠳᠡᠨ ᠤ ᠠᠵᠢᠯ ᠳᠤ ᠰᠢᠪᠠᠳᠠᠬᠤ ᠪᠠ ᠰᠢᠬᠠᠮᠳᠠᠭᠤᠯᠬᠤ ᠦᠶᠯᠡᠳᠦᠯ ᠦᠵᠡᠭᠦᠯᠳᠡᠭ᠃》 ᠯᠢ ᠪᠢᠩ ᠬᠤᠢ ᠰᠤᠷᠪᠤᠯᠵᠢᠯᠠᠭᠴᠢ ᠳᠤ ᠬᠠᠮᠠᠭᠠᠯᠠᠯᠲᠠ ᠶᠢᠨ ᠣᠷᠣᠨ ᠤ ᠰᠢᠨ᠎ᠡ ᠶᠢ ᠡᠭᠦᠳᠦᠨ ᠳᠤᠷᠠᠳᠤᠭᠰᠠᠨ《ᠮᠠᠯᠴᠢᠳ ᠬᠠᠷᠠᠭᠤᠯ ᠵᠣᠭᠰᠣᠬᠤ᠂ ᠰᠠᠯᠠᠭ᠎ᠠ ᠮᠥᠴᠢᠷ ᠨᠡᠷ᠎ᠡ ᠮᠡᠳᠡᠭᠦᠯᠬᠦ 》ᠬᠠᠮᠢᠶᠠᠷᠤᠯᠲᠠ ᠶᠢᠨ ᠵᠠᠭᠪᠤᠷ ᠢ ᠣᠮᠤᠭ ᠪᠠᠭ᠋ᠠᠳᠤᠯ ᠲᠠᠢ ᠪᠠᠷ ᠳᠦᠷᠰᠦᠯᠡᠪᠡ᠃    《ᠪᠢᠳᠡ ᠡᠷᠬᠢᠨ ᠲᠣᠭᠤᠷᠢᠨ ᠤ 38 ᠮᠠᠯᠴᠢᠳ ᠢ ᠬᠥᠯᠥᠰᠥᠯᠡᠵᠦ᠂ ᠤᠬᠠᠭᠤᠯᠭ᠎ᠠ ᠬᠢᠨᠠᠯᠲᠠ ᠬᠠᠮᠢᠶᠠᠷᠤᠯᠲᠠ  ᠶᠢᠨ ᠡᠩᠨᠡᠭᠡ ᠶᠢ ᠵᠣᠬᠢᠶᠠᠨ ᠪᠠᠶᠢᠭᠤᠯᠪᠠ᠂ ᠡᠭᠦᠨ ᠳᠤ 6 ᠬᠢᠨᠠᠯᠲᠠ ᠬᠠᠮᠢᠶᠠᠷᠤᠯᠲᠠ ᠶᠢᠨ ᠳᠤᠮᠳᠠ ᠠᠩᠭᠢ ᠪᠠᠭᠲᠠᠵᠤ᠂ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠲᠣᠭᠤᠷᠢᠨ ᠬᠠᠮᠠᠭᠠᠯᠠᠯᠲᠠ ᠶᠢᠨ ᠠᠵᠢᠯ ᠥᠷᠨᠢᠭᠦᠯᠬᠦ ᠳᠤ ᠬᠠᠮᠵᠢᠯᠴᠠᠨ᠎ᠠ᠃ ᠡᠨᠡ ᠨᠢ ᠨᠢᠭᠡ ᠲᠠᠯ᠎ᠠ ᠪᠠᠷ ᠪᠣᠶᠢᠳᠠ ᠪᠥᠭᠯᠡᠭᠦᠦ ᠣᠷᠣᠨ  ᠤ ᠬᠢᠨᠠᠯᠲᠠ ᠬᠠᠮᠢᠶᠠᠷᠤᠯᠲᠠ ᠶᠢᠨ ᠬᠤᠭᠤᠰᠣᠨ ᠢ ᠨᠥᠬᠦᠪᠥᠷᠢᠯᠡᠵᠦ᠂ ᠬᠠᠮᠠᠭᠠᠯᠠᠯᠲᠠ ᠶᠢᠨ ᠣᠷᠣᠨ ᠤ ᠪᠥᠬᠦ ᠬᠢᠯᠢ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ ᠬᠠᠮᠠᠭᠠᠯᠠᠬᠤ ᠶᠢ ᠪᠡᠶᠡᠯᠡᠭᠦᠯᠪᠡ︔ ᠨᠥᠭᠦᠭᠡ ᠲᠠᠯ᠎ᠠ ᠪᠠᠷ᠂ ᠲᠤᠬᠠᠶ ᠶᠢᠨ ᠭᠠᠵᠠᠷ ᠤᠨ ᠮᠠᠯᠴᠢᠳ ᠲᠠᠢ ᠣᠶᠢᠯᠠᠭᠠᠯᠴᠠᠨ ᠵᠣᠬᠢᠴᠠᠭᠤᠯᠵᠤ᠂ ᠵᠠᠷᠢᠮ ᠦᠶᠯᠡ ᠠᠵᠢᠯᠯᠠᠭ᠎ᠠ ᠶᠢ ᠢᠳᠬᠠᠨ ᠬᠤᠷᠢᠭᠯᠠᠬᠤ ᠴᠢᠬᠤᠯᠠᠲᠠᠶ ᠦᠶ᠎ᠡ ᠳᠤ᠂ ᠮᠠᠯᠴᠢᠳ ᠬᠤᠭᠤᠷᠣᠨᠳᠤ ᠪᠠᠨ ᠪᠦᠷ ᠨᠠᠶᠢᠵᠠ᠂ ᠬᠥᠷᠰᠢ ᠵᠡᠷᠭᠡᠯᠡᠳᠡᠭᠡ ᠪᠠᠶᠢᠵᠤ᠂ ᠢᠳᠬᠠᠬᠤ ᠳᠤ ᠦᠷ᠎ᠡ ᠪᠦᠲᠦᠮᠵᠢ  ᠨᠢ ᠨᠠᠩ ᠰᠠᠶᠢᠨ ᠪᠠᠶᠢᠳᠠᠭ᠃》    ᠴᠠᠭᠳᠠᠨ ᠬᠠᠮᠠᠭᠠᠯᠠᠬᠤ ᠵᠠᠮ ᠢᠶᠠᠷ ᠴᠠᠭᠳᠠᠨ ᠬᠠᠮᠠᠭᠠᠯᠠᠵᠤ᠂ ᠲᠣᠣᠷ ᠰᠦᠯᠵᠢᠶ᠎ᠡ ᠪᠠᠷ ᠴᠠᠭᠳᠠᠨ ᠬᠠᠮᠠᠭᠠᠯᠠᠵᠤ᠂ ᠬᠢᠨᠠᠨ ᠡᠵᠡᠮᠳᠡᠵᠦ ᠴᠠᠭᠳᠠᠨ ᠬᠠᠮᠠᠭᠠᠯᠠᠵᠤ᠂ ᠯᠢ ᠪᠢᠩ ᠬᠤᠢ ᠨᠠᠷ ᠡᠳᠦᠷ ᠪᠦᠷᠢ ᠠᠳᠡᠬᠢ ᠶᠢ ᠰᠠᠬᠢᠨ ᠬᠠᠮᠠᠭᠠᠯᠠᠵᠤ᠂ ᠬᠠᠮᠠᠭᠠᠯᠠᠯᠲᠠ ᠶᠢᠨ ᠣᠷᠣᠨ ᠤ ᠡᠬᠢ ᠪᠠᠶᠠᠯᠢᠭ᠂ ᠪᠠᠶᠢᠳᠠᠯ ᠢ ᠲᠣᠪ ᠲᠣᠳᠣᠷᠬᠠᠢ ᠣᠶᠢᠯᠠᠭᠠᠵᠤ ᠪᠠᠶᠢᠯ᠎ᠠ᠃    ᠬᠠᠮᠠᠭᠠᠯᠠᠯᠲᠠ ᠶᠢᠨ ᠣᠷᠣᠨ ᠳᠤ ᠭᠤᠤᠯᠳᠠᠯᠭ᠎ᠠ ᠲᠠᠢ ᠬᠠᠮᠠᠭᠠᠯᠠᠳᠠᠭ ᠬᠤᠪᠣᠷ ᠴᠤᠬᠠᠭ ᠰᠢᠪᠠᠭᠤᠨ ᠤ ᠲᠥᠷᠥᠯ 18 ᠪᠠᠭ 48 ᠢᠵᠠᠭᠤᠷ 297 ᠵᠦᠶᠯ ᠪᠠᠶᠢᠵᠤ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠭᠤᠤᠯᠳᠠᠯᠭ᠎ᠠ  ᠲᠠᠢ ᠬᠠᠮᠠᠭᠠᠯᠠᠬᠤ ᠰᠢᠪᠠᠭᠤᠨ ᠤ ᠲᠥᠷᠥᠯ ᠳᠤ ᠠᠯ ᠰᠡᠭᠦᠯ᠂ ᠰᠢᠷ᠎ᠠ ᠬᠤᠰᠢᠭᠤᠲᠤ ᠴᠠᠭᠠᠨ ᠳᠡᠭᠡᠯᠡᠶ ᠵᠡᠷᠭᠡ 20 ᠵᠦᠶᠯ ᠪᠠᠶᠢᠵᠤ᠂ ᠤᠯᠤᠰ ᠤᠨ ᠬᠤᠶᠠᠳᠤᠭᠠᠷ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ ᠳᠤ ᠲᠣᠮᠣ ᠬᠤᠨ ᠭᠠᠯᠠᠭᠤ ᠵᠡᠷᠭᠡ 49 ᠵᠦᠶᠯ ᠪᠠᠶᠢᠨ᠎ᠠ᠃    《ᠲᠠ ᠨᠠᠷ ᠬᠡᠷᠪᠡ ᠠᠷᠪᠠᠳᠤᠭᠠᠷ ᠰᠠᠷ᠎ᠠ  ᠳᠤ ᠢᠷᠡᠪᠡᠯ᠂ ᠬᠠᠷᠠᠭᠳᠠᠬᠤ ᠵᠦᠢᠯᠡᠰ ᠨᠢᠳᠦᠨ ᠡᠮᠦᠨᠡᠬᠢ ᠰᠠᠶᠢᠬᠠᠨ ᠦᠵᠡᠮᠵᠢ ᠪᠠᠷ ᠪᠠᠷᠠᠬᠤ ᠦᠭᠡᠢ᠂ ᠪᠠᠰᠠ ᠳᠥᠷᠪᠡᠨ ᠲᠦᠮᠡ ᠭᠠᠷᠤᠢ ᠬᠤᠨ ᠭᠠᠯᠠᠭᠤ ᠨᠠᠭᠤᠷ ᠲᠤ ᠨᠠᠭᠠᠳᠴᠤ ᠪᠠᠶᠢᠬᠤ  ᠶᠢ ᠣᠯᠵᠤ ᠬᠠᠷᠠᠨ᠎ᠠ᠂ ᠲᠡᠷᠡ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠬᠤᠨ ᠭᠠᠯᠠᠭᠤᠨ ᠨᠠᠭᠤᠷ ᠪᠣᠯᠤᠨ᠎ᠠ᠃》ᠭᠡᠵᠦ ᠯᠢ ᠪᠢᠩ ᠬᠤᠢ ᠰᠤᠷᠪᠤᠯᠵᠢᠯᠠᠭᠴᠢ ᠶᠢ ᠮᠠᠨᠲᠸᠧ ᠠᠭᠤᠯᠠ ᠶᠢᠨ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠲᠤ ᠳᠠᠭᠠᠭᠤᠯᠤᠨ ᠠᠪᠴᠢᠷᠠᠪᠠ᠃ ᠮᠠᠨᠲᠸᠧ ᠠᠭᠤᠯᠠᠨ ᠳᠡᠭᠡᠷ᠎ᠡ ᠵᠣᠭᠰᠣᠵᠤ᠂ ᠳᠠᠯᠠᠢ ᠨᠠᠭᠤᠷ ᠢ ᠥᠩᠭᠡᠢᠨ ᠬᠠᠷᠠᠵᠤ᠂ ᠨᠣᠮᠢᠨ ᠨᠣᠭᠤᠭᠠᠨ ᠨᠠᠭᠤᠷ ᠤᠨ ᠤᠰᠤ ᠲᠠᠯ᠎ᠠ ᠨᠤᠲᠤᠭ ᠲᠤ ᠳᠡᠯᠭᠡᠭᠳᠡᠵᠦ᠂ ᠲᠠᠭᠠᠯᠠᠮᠵᠢᠲᠠᠶ ᠪᠥᠭᠡᠳ ᠨᠠᠮ ᠵᠢᠮ᠃ ᠨᠠᠭᠤᠷ ᠤᠨ ᠬᠥᠪᠡᠭᠡᠨ ᠳᠤ ᠤᠯᠠᠭᠠᠨ ᠪᠠ ᠴᠠᠭᠠᠨ ᠥᠩᠭᠡ ᠶᠢᠨ ᠬᠡᠰᠡᠭ ᠪᠠᠶᠢᠨ᠎ᠠ᠃    《ᠤᠯᠠᠭᠠᠨ ᠥᠩᠭᠡᠲᠡᠶ ᠨᠢ ᠬᠠᠮᠬᠤᠤᠯ᠂ ᠴᠠᠭᠠᠨ ᠥᠩᠭᠡᠲᠡᠶ ᠨᠢ ᠬᠤᠵᠢᠷᠯᠢᠭ ᠭᠠᠵᠠᠷ ᠪᠢᠰᠢ᠂ ᠬᠠᠮᠬᠤᠤᠯ ᠤᠨ ᠦᠯᠦᠩ  ᠤᠨ ᠲᠦᠷᠦᠭᠦᠦ ᠶᠤᠮ᠂ ᠦᠯᠦᠩ ᠡᠪᠡᠰᠦ ᠦᠨᠡᠨ ᠳᠡᠭᠡᠨ 40 ᠰᠠᠨᠲ᠋ᠢᠮᠧᠲᠷ ᠥᠨᠳᠥᠷ ᠪᠠᠶᠢᠳᠠᠭ᠃》 ᠯᠢ ᠪᠢᠩ ᠬᠤᠢ ᠰᠤᠷᠪᠤᠯᠵᠢᠯᠠᠭᠴᠢ ᠳᠤ ᠲᠠᠨᠢᠯᠴᠠᠭᠤᠯᠬᠤ ᠪᠠᠷ ᠶᠠᠭᠠᠷᠠᠨ᠎ᠠ᠃    ᠳᠠᠯᠠᠶᠢᠨᠠᠭᠤᠷ ᠪᠣᠯ ᠰᠤᠳᠠ ᠬᠡᠯᠪᠡᠷᠢ ᠶᠢᠨ ᠬᠤᠵᠢᠷᠯᠢᠭ ᠨᠠᠭᠤᠷ ᠶᠤᠮ᠂ ᠤᠰᠤᠨ ᠲᠦᠪᠰᠢᠨ ᠳᠣᠷᠣᠭᠰᠢᠯᠠᠪᠠᠯ ᠬᠤᠵᠢᠷᠯᠢᠭ ᠭᠠᠵᠠᠷ ᠢᠯᠡ ᠭᠠᠷᠳᠠᠭ᠃《ᠡᠨᠡ ᠬᠤᠶᠠᠷ ᠵᠦᠶᠯ ᠤᠨ ᠤᠷᠭᠤᠮᠠᠯ ᠬᠤᠵᠢᠷ ᠲᠤ ᠲᠡᠰᠪᠦᠷᠢᠲᠡᠶ ᠪᠥᠭᠡᠳ ᠬᠤᠵᠢᠷ ᠰᠣᠷᠣᠵᠤ᠂ ᠣᠷᠴᠢᠨ ᠲᠣᠭᠤᠷᠢᠨ ᠢ ᠪᠦᠲᠦᠮᠵᠢᠲᠡᠶ ᠵᠠᠰᠠᠵᠤ ᠴᠢᠳᠠᠨ᠎ᠠ᠃ 2013 ᠣᠨ ᠠᠴᠠ ᠡᠬᠢᠯᠡᠨ᠂ ᠪᠢᠳᠡ 6 ᠲᠦᠮᠡᠨ ᠮᠥ ᠬᠤᠵᠢᠷ ᠲᠤ ᠲᠡᠰᠪᠦᠷᠢᠲᠡᠶ ᠤᠷᠭᠤᠮᠠᠯ ᠳᠠᠷᠢᠵᠤ᠂ 4 ᠲᠦᠮᠡᠨ ᠮᠥ ᠭᠠᠵᠠᠷ ᠢ ᠬᠦᠷᠢᠶᠡᠯᠡᠨ ᠪᠢᠲᠡᠭᠦᠮᠵᠢᠯᠡᠪᠡ᠃》ᠭᠡᠵᠦ ᠯᠢ ᠪᠢᠩ ᠬᠤᠢ ᠰᠤᠷᠪᠤᠯᠵᠢᠯᠠᠭᠴᠢ ᠳᠤ ᠲᠡᠳᠡᠨ ᠤ ᠬᠠᠮᠠᠭᠠᠯᠠᠵᠤ ᠵᠠᠰᠠᠭᠰᠠᠨ ᠤᠷᠠᠨ ᠠᠷᠭ᠎ᠠ ᠪᠠᠨ ᠳᠦᠷᠰᠦᠯᠢᠭ ᠢᠶᠠᠷ ᠲᠠᠨᠢᠯᠴᠠᠭᠤᠯᠪᠠ᠃ ᠲᠡᠷᠡ ᠭᠠᠵᠠᠷ ᠳᠡᠭᠡᠷ᠎ᠡ ᠵᠢᠷᠤᠵᠤ ᠡᠬᠢᠯᠡᠪᠡ᠂ ᠤᠷᠢᠳ ᠢᠶᠠᠷ ᠨᠢᠭᠡ ᠲᠣᠭᠤᠷᠢᠭ ᠵᠢᠷᠤᠵᠤ ᠨᠠᠭᠤᠷ ᠢ ᠲᠥᠯᠥᠭᠡᠯᠡᠵᠦ᠂ ᠨᠢᠭᠡ ᠵᠤᠷᠪᠤᠰ ᠮᠤᠷᠤᠶ ᠰᠠᠷᠤᠶ ᠱᠤᠭᠤᠮ ᠨᠢ ᠲᠡᠯᠡᠶ ᠨᠠᠭᠤᠷ ᠲᠤ ᠴᠢᠳᠬᠤᠨ ᠤᠷᠤᠭᠰᠠᠨ ᠭᠤᠤᠯ ᠮᠥᠷᠡᠨ ᠢ ᠲᠥᠯᠥᠭᠡᠯᠡᠵᠦ᠂《ᠲᠠ ᠦᠵᠡ᠂ ᠡᠨᠡ ᠬᠦ ᠭᠦᠩᠭᠠᠷ ᠭᠤᠤᠯ ᠤᠤᠯ ᠨᠢ ᠨᠠᠨ ᠾᠧ ᠭᠤᠤᠯ ᠤᠨ ᠠᠮᠠᠰᠠᠷ ᠠᠴᠠ ᠨᠠᠭᠤᠷ ᠲᠤ ᠤᠷᠤᠰᠤᠨ ᠣᠷᠣᠵᠤ ᠪᠠᠶᠢᠵᠠᠶ᠂ ᠪᠢᠳᠡ ᠲᠡᠭᠦᠨ ᠤ ᠭᠤᠤᠯ ᠤᠨ ᠵᠠᠮ ᠢ ᠤᠷᠲᠤᠳᠬᠠᠵᠤ᠂ ᠨᠠᠭᠤᠷ ᠢ ᠲᠠᠭᠠᠨ ᠦᠷᠭᠦᠯᠵᠢᠯᠡᠨ ᠤᠷᠤᠰᠬᠠᠵᠤ᠂ ᠪᠸᠢ ᠾᠧ ᠭᠤᠤᠯ ᠤᠨ ᠠᠮᠠᠰᠠᠷ ᠠᠴᠠ ᠨᠠᠭᠤᠷ ᠲᠤ ᠤᠷᠤᠰᠤᠨ ᠣᠷᠣᠬᠤ ᠪᠣᠯᠭᠠᠵᠠᠢ᠂ ᠢᠩᠭᠢᠪᠡᠯ ᠳᠠᠷᠤᠶ ᠴᠡᠩᠭᠡᠭ ᠤᠰᠤᠨ ᠤ ᠰᠠᠪᠠ ᠭᠠᠵᠠᠷ ᠤᠨ ᠲᠠᠯᠠᠪᠠᠶ  ᠶᠢ ᠨᠡᠮᠡᠭᠳᠡᠭᠦᠯᠵᠦ᠂ ᠡᠪᠡᠰᠦ ᠠᠶᠠᠨᠳᠠᠭᠠᠨ ᠨᠠᠩ ᠰᠠᠶᠢᠨ ᠤᠷᠭᠤᠨ᠎ᠠ᠃ 》    ᠯᠢ ᠪᠢᠩ ᠬᠤᠶ ᠶᠢᠨ ᠲᠠᠨᠢᠯᠴᠠᠭᠤᠯᠤᠭᠰᠠᠨ ᠢᠶᠠᠷ᠂ ᠲᠡᠯᠡᠶ ᠨᠠᠭᠤᠷ ᠤᠨ ᠬᠠᠮᠠᠭᠠᠯᠠᠯᠲᠠ ᠶᠢᠨ ᠣᠷᠣᠨ ᠪᠣᠯ ᠬᠤᠪᠣᠷ ᠴᠤᠬᠠᠭ ᠰᠢᠪᠠᠭᠤᠨ ᠤ ᠲᠥᠷᠥᠯ ᠵᠢᠴᠢ ᠲᠡᠭᠦᠨ ᠤ ᠣᠷᠣᠰᠢᠨ ᠠᠮᠢᠳᠤᠷᠠᠬᠤ ᠳᠤ ᠲᠦᠰᠢᠭᠯᠡᠵᠦ ᠪᠠᠶᠢᠭ᠎ᠠ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦᠷᠬᠡᠭ ᠭᠠᠵᠠᠷ᠂ ᠨᠤᠲᠤᠭ ᠪᠡᠯᠴᠢᠭᠡᠷ ᠵᠢᠴᠢ ᠣᠶᠢᠲᠤ ᠭᠠᠵᠠᠷ ᠵᠡᠷᠭᠡ ᠣᠯᠠᠨ ᠶᠠᠩᠵᠤ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠃ ᠤᠯᠠᠨ ᠵᠢᠯ ᠤᠨ ᠲᠤᠷᠰᠢ᠂《ᠠᠮᠢ ᠠᠬᠤᠢ ᠶᠢ ᠤᠷᠢᠳ  ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ》ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠢ ᠠᠬᠤᠢ ᠶᠢᠨ ᠵᠠᠰᠠᠯᠲᠠ ᠶᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠯᠢ ᠤᠯᠠᠨ ᠠᠷᠭ᠎ᠠ ᠬᠡᠮᠵᠢᠶ᠎ᠡ ᠠᠪᠴᠤ᠂ ᠠᠮᠢ ᠠᠬᠤᠢ ᠣᠷᠴᠢᠨ ᠲᠣᠭᠤᠷᠢᠨ ᠢ ᠲᠠᠰᠤᠷᠠᠯᠳᠠ ᠦᠭᠡᠢ ᠬᠠᠮᠠᠭᠠᠯᠠᠨ ᠰᠠᠶᠢᠵᠢᠷᠠᠭᠤᠯᠵᠤ᠂ ᠲᠤᠰ ᠭᠠᠵᠠᠷ ᠣᠷᠣᠨ ᠤ ᠠᠮᠢ ᠠᠬᠤᠢ ᠶᠢᠨ ᠰᠠᠶᠢᠨ ᠣᠷᠴᠢᠯ ᠲᠡᠶᠢᠰᠢ ᠬᠥᠭᠵᠢᠬᠦ ᠶᠢ ᠠᠬᠢᠭᠤᠯᠪᠠ᠃    ᠰᠤᠷᠪᠤᠯᠵᠢᠯᠠᠭᠴᠢ ᠶᠠᠪᠤᠬᠤ ᠦᠶ᠎ᠡ ᠳᠤ ᠬᠡᠳᠦᠨ ᠤᠰᠤᠨ ᠰᠢᠪᠠᠭᠤ ᠢᠳᠡᠰᠢ ᠬᠠᠶᠢᠵᠤ ᠪᠠᠶᠢᠭ᠎ᠠ ᠦᠵᠡᠮᠵᠢ ᠦᠵᠡᠰᠬᠦᠯᠡᠩ ᠢ ᠨᠡᠩ ᠨᠡᠮᠡᠭᠳᠡᠭᠦᠯᠦᠭᠰᠡᠨ ᠪᠠᠶᠢᠯ᠎ᠠ᠂《ᠪᠢᠳᠡ ᠡᠨᠡ ᠬᠦ ᠪᠠᠶᠢᠭᠠᠯᠢ ᠶᠢᠨ ᠡᠷᠳᠡᠨᠢᠰ ᠤᠨ ᠰᠠᠩ ᠢ ᠰᠠᠶᠢᠲᠤᠷ ᠰᠠᠬᠢᠵᠤ᠂ ᠠᠳᠡᠬᠢ ᠶᠢ ᠨᠣᠮᠢᠨ ᠳᠠᠪᠠᠯᠭᠠᠨ ᠳᠣᠯᠭᠢᠶᠠᠯᠠᠨ᠂ ᠰᠢᠪᠠᠭᠤᠳ ᠵᠢᠷᠭᠢᠨ ᠳᠡᠪᠬᠡᠷᠴᠦ᠂ ᠦᠷ᠎ᠡ ᠬᠤᠶᠢᠴᠢᠰ ᠲᠠᠭᠠᠨ ᠪᠠᠶᠢᠭᠠᠯᠢ ᠶᠢᠨ〈ᠦᠨᠳᠦᠰᠦ ᠰᠠᠭᠤᠷᠢ〉 ᠶᠢ ᠦᠯᠡᠳᠡᠭᠡᠵᠦ ᠥᠭᠬᠦ ᠬᠡᠷᠡᠭᠲᠡᠢ ᠭᠡᠵᠦ ᠯᠢ ᠪᠢᠩ ᠬᠤᠢ ᠬᠡᠯᠡᠪᠡ᠃                     ︵ᠰᠤᠷᠪᠤᠯᠵᠢᠯᠠᠭᠴᠢ᠄ ᠯᠢ ᠴᠢᠶᠠᠨ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号