ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠠᠴᠠ ᠴᠢᠬᠡᠴᠢ ᠵᠠᠰᠠᠭ ᠤᠨ ᠰᠠᠨᠠᠭᠤᠯᠤᠮᠵᠢ ᠶᠢᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/17
   9 ᠰᠠᠷ᠎ᠠ ᠶᠢᠨ 15 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠠᠴᠠ ᠪᠠᠶᠢᠭᠤᠯᠤᠯᠭ᠎ᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠪᠣᠯᠤᠨ ᠡᠯ᠎ᠡ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ᠂ ᠸᠢᠳᠢᠣ᠋ ᠬᠤᠷᠠᠯ ᠤᠨ ᠬᠡᠯᠪᠡᠷᠢ ᠪᠠᠷ ᠴᠢᠬᠡᠴᠢ ᠵᠠᠰᠠᠭ ᠤᠨ ᠰᠠᠨᠠᠭᠤᠯᠤᠮᠵᠢ ᠶᠠᠷᠢᠯᠴᠠᠭ᠎ᠠ ᠥᠷᠨᠢᠭᠦᠯᠪᠡ᠃ ᠬᠤᠷᠠᠯ ᠢ ᠭᠤᠤᠯ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠶ ᠵᠢᠶᠦ᠋ᠨ ᠡᠷᠭᠢᠯᠡᠵᠦ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠰᠦᠸᠧ ᡁᠢ ᠭᠠᠩ᠂ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠠᠩ ᠬᠤᠩ ᠸᠧᠶ ᠬᠤᠷᠠᠯ ᠳᠤ ᠣᠷᠣᠯᠴᠠᠪᠠ᠃     ᠵᠠᠩ ᠬᠤᠩ ᠸᠧᠢ ᠠᠴᠠ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ‍ᠤᠨ‌ᠡᠯ᠎ᠡ ᠱᠠᠲᠤᠨ ᠤ ᠤᠳᠤᠷᠢᠳᠬᠤ ᠺᠠᠳ᠋ᠷ ᠨᠢ ᠲᠡᠮᠦᠷ ᠳᠠᠪᠲᠠᠬᠤ ᠳᠤ ᠥᠪᠡᠷ ᠢᠶᠠᠨ ᠬᠠᠲᠠᠭᠤ ᠪᠠᠶᠢᠬᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠴᠡ ᠪᠠᠨ ᠥᠷᠭᠡᠳᠬᠡᠵᠦ᠂ ᠴᠢᠳᠠᠪᠤᠷᠢ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠲᠦᠷᠦᠭᠦᠯᠡᠨ ᠬᠡᠪ ᠳᠠᠭᠤᠷᠢᠶᠠᠯ ᠦᠵᠡᠭᠦᠯᠵᠦ᠂ ᠡᠷᠬᠡ ᠲᠡᠭᠰᠢ ᠲᠥᠪ ᠭᠤᠣᠯᠴᠢ ᠪᠠᠶᠢᠵᠤ᠂ ᠠᠵᠢᠯ ᠬᠢᠵᠦ ᠦᠢᠯᠡᠰ ᠪᠤᠰᠬᠠᠬᠤ ᠡᠶ᠎ᠡ ᠵᠣᠬᠢᠴᠠᠩᠭᠤᠢ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ ᠃   ᠰᠦᠸᠧ ᡁᠢ ᠭᠠᠩ ᠠᠴᠠ᠂ ᠡᠨᠡ ᠡᠳᠦᠷ ᠤᠨ ᠴᠢᠬᠡᠴᠢ ᠵᠠᠰᠠᠭ ᠤᠨ ᠰᠠᠨᠠᠭᠤᠯᠤᠮᠵᠢ ᠶᠢᠨ ᠶᠠᠷᠢᠯᠴᠠᠭ᠎ᠠ ᠳᠤ ᠣᠷᠣᠯᠴᠠᠭᠰᠠᠨ ᠨᠥᠬᠦᠳ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠥᠪᠡᠷ ᠢ ᠪᠠᠨ ᠲᠠᠰᠤᠷᠠᠯᠲᠠ ᠦᠭᠡᠢ ᠤᠬᠠᠭᠠᠷᠠᠭᠤᠯᠵᠤ ᠂ ᠥᠪᠡᠷ ᠢ ᠪᠠᠨ ᠲᠠᠰᠤᠷᠠᠯᠲᠠ ᠦᠭᠡᠢ ᠰᠡᠷᠡᠮᠵᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠵᠣᠭᠰᠣᠯᠲᠠ ᠪᠠᠲᠤ ᠪᠠᠶᠢᠵᠤ᠂ ᠪᠠᠭ᠎ᠠ ᠳᠡᠭᠡᠷ᠎ᠡ ᠨᠢ ᠪᠣᠯᠭᠤᠮᠵᠢᠯᠠᠨ ᠭᠠᠭᠴᠠᠭᠠᠷ ᠪᠠᠶᠢᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯ ᠬᠢᠬᠦ ᠳᠡᠭᠡᠨ ᠬᠢᠴᠢᠶᠡᠨ ᠴᠢᠷᠮᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠨᠡᠩ ᠰᠠᠶᠢᠲᠤᠷ ᠬᠢᠵᠦ᠂ ᠤᠰᠤᠨ ᠰᠢᠨᠵᠢᠯᠡᠭᠡᠨ ᠤ ᠦᠢᠯᠡᠰ ᠢ ᠨᠡᠩ ᠥᠨᠳᠥᠷ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠸᠠᠩ ᠬᠠᠢ ᠵᠢᠶᠦ᠋ᠨ ᠠᠴᠠ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ  ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠤᠰ ᠤᠳᠠᠭᠠᠨ ᠤ ᠴᠢᠬᠡᠴᠢ ᠵᠠᠰᠠᠭ  ᠤᠨ ᠰᠠᠨᠠᠭᠤᠯᠤᠮᠵᠢ ᠶᠢᠨ ᠶᠠᠷᠢᠯᠴᠠᠭ᠎ᠠ ᠶᠢ ᠡᠨᠡ ᠵᠢᠯ ᠤᠨ ᠥᠷᠨᠢᠭᠦᠯᠦᠭᠰᠡᠨ ︽ᠰᠤᠷᠲᠠᠯ ᠤᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠯᠤᠭ᠎ᠠ ᠤᠶᠠᠯᠳᠤᠭᠤᠯᠵᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠣᠨᠣᠯ ᠤᠨ ᠵᠡᠪᠰᠡᠭᠯᠡᠯ ᠢ ᠴᠢᠩᠭᠠᠳᠬᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠳᠡᠭᠡᠷ᠎ᠡ ᠦᠯᠢᠭᠡᠷ ᠳᠠᠭᠤᠷᠢᠶᠠᠯ ᠦᠵᠡᠭᠦᠯᠵᠦ᠂ ᠨᠠᠩ ᠡᠷᠡᠰ ᠰᠢᠭᠤᠷᠬᠠᠶ ᠣᠪᠣᠷ ᠢᠶᠠᠷ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ᠂ ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠠᠵᠢᠯ ᠢ ᠱᠠᠯᠠᠪᠳᠠᠨ ᠰᠠᠶᠢᠲᠤᠷ ᠠᠳᠬᠤᠵᠤ ᠂ ᠤᠯᠤᠰ ᠲᠥᠷᠥ ᠢᠯᠡ ᠲᠣᠳᠣ ᠂ ᠺᠠᠳ᠋ᠷᠴᠤᠳ ᠲᠥᠪ ᠰᠢᠳᠤᠷᠭᠤ᠂ ᠣᠪᠣᠷ ᠰᠤᠷᠲᠠᠯ ᠠᠷᠢᠭᠤᠨ ᠴᠢᠬᠡᠴᠢ ᠰᠠᠶᠢᠨ ᠰᠠᠶᠢᠬᠠᠨ ᠠᠭᠤᠷ ᠠᠮᠢᠰᠬᠤᠯ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠤᠰᠤᠨ ᠰᠢᠨᠵᠢᠯᠡᠭᠡᠨ ᠤ ᠬᠦᠴᠦᠨ ᠴᠢᠳᠠᠯ ᠢᠶᠠᠨ ᠡᠷᠭᠦᠶ᠎ᠡ ᠭᠡᠵᠡᠢ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号