ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠬᠠᠮᠲᠤᠷᠠᠨ ᠲᠣᠬᠢᠷᠠᠭᠤᠯᠤᠨ ᠥᠪᠥᠷ ᠮᠣᠩᠭᠤᠯ  ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠳᠠᠬᠢᠨ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2022/9/17
   ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠭᠤᠤᠯ ᠮᠥᠷᠡᠨ ᠤ ᠠᠮᠢ ᠠᠬᠤᠶ ᠶᠢᠨ ᠰᠡᠷᠭᠦᠯᠲᠡ ᠶᠢ ᠠᠬᠢᠭᠤᠯᠬᠤ ᠶᠢᠨ ᠲᠤᠰᠠᠳᠠ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠰᠤᠩᠭᠠᠷᠢ ᠮᠥᠷᠡᠨ ᠪᠠᠷᠠᠭᠤᠨ ᠯᠢᠶᠣᠤ ᠾᠧ ᠭᠤᠤᠯ ᠤᠨ ᠵᠥᠪᠯᠡᠯ ᠤᠨ ᠬᠦᠴᠦᠲᠡᠶ ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠦᠷᠦᠭᠦᠦ ᠬᠤᠶᠠᠷ ᠵᠢᠯ ᠤᠨ ᠤᠰᠤᠨ ᠤ ᠬᠡᠮᠵᠢᠶ᠎ᠡ ᠶᠢᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ 2022 ᠣᠨ ᠳᠤ ᠰᠠᠪᠠ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠠᠮᠲᠤᠷᠠᠨ ᠲᠣᠬᠢᠷᠠᠭᠤᠯᠬᠤ ᠶᠢ ᠰᠦᠪᠡᠭᠴᠢᠯᠡᠨ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃  ᠳᠠᠷᠠᠰᠤᠨ ᠪᠤᠯᠤᠩ ᠤᠰᠤᠨ ᠴᠥᠭᠦᠷᠥᠮ ᠤᠨ ᠳᠣᠷᠣᠭᠰᠢ ᠤᠷᠤᠰᠬᠠᠬᠤ ᠠᠮᠢ ᠠᠬᠤᠶ ᠶᠢᠨ ᠤᠰᠤᠨ ᠤ ᠬᠡᠮᠵᠢᠶ᠎ᠡ ᠶᠢᠨ ᠪᠣᠳᠠᠲᠤ ᠪᠠᠶᠢᠳᠠᠯ᠃2022 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠠᠴᠠ ᠤᠰᠤ ᠢᠷᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠵᠠᠯᠭᠠᠭ᠎ᠠ ᠪᠠᠷ ᠬᠤᠶᠠᠷ ᠤᠳᠠᠭ᠎ᠠ ᠲᠣᠬᠢᠷᠠᠭᠤᠯᠤᠯᠲᠠ ᠶᠢᠨ ᠵᠠᠷᠯᠢᠭ ᠪᠠᠭᠤᠯᠭᠠᠵᠤ᠂ ᠰᠢᠷᠠᠮᠥ᠋ᠷᠡᠨ ᠭᠤᠤᠯ ᠪᠣᠯᠤᠨ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠳᠤ ︽ᠪᠥᠬᠦ ᠱᠤᠭᠤᠮ ᠢᠶᠠᠷ ᠪᠢᠲᠡᠭᠦᠮᠵᠢᠯᠡᠵᠦ᠂ ᠲᠥᠪᠯᠡᠷᠡᠭᠦᠯᠦᠨ ᠳᠣᠷᠣᠭᠰᠢ ᠤᠷᠤᠰᠬᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ ᠃ 8 ᠰᠠᠷ᠎ᠠ ᠶᠢᠨ 18 ᠤ ᠡᠳᠦᠷ ᠤᠨ 7 ᠴᠠᠭ ᠲᠤ᠂ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠤᠨ ᠤᠰᠤᠨ ᠦᠵᠦᠭᠦᠷ ᠲᠦᠩᠯᠢᠶᠣᠤ ᠬᠤᠲᠠ ᠶᠢᠨ ᠶᠡᠷᠦᠩᠬᠡᠶ ᠠᠯᠪᠠᠨ ᠬᠡᠷ ᠤᠨ ᠸᠧ ᠪᠦ᠋ᠦ ᠬᠦᠢᠰᠦ  ᠳᠤ ᠬᠦᠷᠴᠡᠶ ᠃ ᠡᠨᠡ ᠪᠣᠯ 2002 ᠣᠨ ᠠᠴᠠ ᠨᠠᠭᠠᠰᠢ ᠶᠡᠷᠦᠩᠬᠡᠶ ᠠᠯᠪᠠᠨ ᠬᠡᠷ ᠤᠨ ᠸᠧ ᠪᠦ᠋ᠦ ᠬᠦᠢᠰᠦ ᠳᠤ ᠠᠩᠬ᠎ᠠ ᠤᠳᠠᠭ᠎ᠠ ᠤᠰᠤ ᠭᠠᠲᠤᠯᠵᠤ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠳᠤ ᠪᠡᠯᠭᠡ ᠲᠡᠮᠳᠡᠭ ᠤᠨ ᠴᠢᠨᠠᠷᠲᠠᠶ ᠠᠴᠢ ᠬᠤᠯᠪᠣᠭᠳᠠᠯ ᠲᠠᠢ ᠶᠤᠮ᠃    ᠭᠤᠣᠯ ᠤᠷᠤᠰᠬᠠᠯ ᠤᠨ ᠤᠰᠤᠨ ᠤ ᠤᠷᠲᠤ ᠶᠢ ᠪᠦᠲᠦᠮᠵᠢᠲᠡᠶ ᠤᠷᠲᠤᠳᠬᠠᠬᠤ ᠶᠢᠨ ᠲᠥᠯᠥᠭᠡ᠂ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠠᠴᠠ ᠭᠤᠤᠯ ᠤᠨ ᠵᠠᠮ ᠳᠠᠭᠠᠤ ᠤᠰᠤᠨ ᠦᠵᠦᠭᠦᠷ ᠤᠨ ᠲᠠᠷᠬᠠᠬᠤ ᠴᠠᠭ ᠪᠠ ᠤᠰᠤᠨ ᠤ ᠡᠨᠧᠷᠭᠢ ᠶᠢᠨ ᠬᠤᠬᠢᠷᠠᠯ ᠢ  ᠵᠠᠳᠠᠯᠤᠨ ᠪᠠ ᠪᠣᠳᠣᠭᠰᠠᠨ ᠰᠠᠭᠤᠷᠢᠨ ᠳᠡᠭᠡᠷ᠎ᠡ᠂ 8 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠣᠬᠢᠷᠠᠭᠤᠯᠤᠯᠲᠠ ᠬᠢᠬᠦ ᠵᠠᠷᠯᠢᠭ ᠪᠠᠭᠤᠯᠭᠠᠵᠤ᠂ ᠰᠢᠷᠠᠮᠥ᠋ᠷᠡᠨ ᠭᠤᠤᠯ ᠤᠨ ᠳᠡᠭᠡᠳᠦ ᠤᠷᠤᠰᠬᠠᠯ ᠤᠨ ᠭᠤᠤᠯᠳᠠᠯᠭ᠎ᠠ ᠲᠠᠢ ᠡᠵᠡᠮᠰᠢᠯ ᠤᠨ ᠴᠢᠨᠠᠷᠲᠠᠶ ᠢᠨᠵᠧᠨᠧᠷᠢᠩ ᠤᠨ ᠳ᠋ᠠ ᠱᠢ ᠮᠧᠨ ᠤᠰᠤᠨ ᠴᠥᠭᠦᠷᠥᠮ ᠢ ᠬᠠᠮᠤᠭ ᠶᠡᠭᠡ ᠤᠷᠤᠰᠬᠤ ᠴᠢᠳᠠᠪᠤᠷᠢ 13 ᠺᠦᠪ      ᠮᠧᠲᠷ /ᠰᠧᠺᠦ᠋ᠨ᠋ᠳ᠋ ᠤᠨ ᠶᠣᠰᠣᠭᠠᠷ ᠵᠠᠯᠭᠠᠭ᠎ᠠ ᠪᠠᠷ 20 ᠡᠳᠦᠷ ᠳᠣᠷᠣᠭᠰᠢ ᠤᠷᠤᠰᠬᠠᠬᠤ ᠶᠢ  ᠱᠠᠭᠠᠷᠳᠠᠵᠤ ᠂ ᠴᠠᠭᠠᠨ ᠮᠥᠷᠡᠨ ᠭᠤᠤᠯ ᠤᠨ ᠳᠠᠷᠠᠰᠤᠨ ᠪᠤᠯᠤᠩ ᠤᠰᠤᠨ ᠴᠥᠭᠦᠷᠥᠮ ᠨᠢ ᠰᠧᠺᠦ᠋ᠨ᠋ᠳ᠋ ᠪᠦᠷᠢ 60 ᠺᠦᠪ ᠮᠧᠲᠷ ᠠᠴᠠ ᠳᠣᠤᠷ᠎ᠠ ᠥᠬᠡᠶ ᠤᠷᠤᠰᠬᠠᠯ ᠤᠨ ᠬᠡᠮᠵᠢᠶ᠎ᠡ ᠪᠠᠷ ᠵᠠᠯᠭᠠᠭ᠎ᠠ ᠪᠠᠷ 3 ᠡᠳᠦᠷ ᠳᠣᠷᠣᠭᠰᠢ ᠤᠷᠤᠰᠬᠠᠵᠤ᠂ ᠵᠠᠮ ᠳᠠᠭᠠᠤ ᠬᠠᠶᠢᠯᠠᠰᠤ ᠂ ᠰᠦ᠋ ᠵᠢᠶᠠ ᠪᠦ᠋ᠦ ᠂ ᠶᠡᠷᠦᠩᠬᠡᠶ ᠠᠯᠪᠠᠨ ᠬᠡᠷ ᠤᠨ ᠸᠧ ᠪᠦ᠋ᠦ ᠶᠢᠨ ᠤᠰᠤ ᠠᠪᠬᠤ ᠬᠠᠭᠠᠯᠲᠠ ᠶᠢ ᠪᠦᠬᠦᠨ ᠢ  ᠵᠣᠭᠰᠣᠭᠠᠵᠤ ᠂ ᠤᠰᠤᠨ ᠤ ᠬᠡᠮᠵᠢᠶ᠎ᠡ ᠴᠥᠮ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠳᠤ ᠤᠷᠤᠰᠬᠠᠪᠠ᠃ ᠲᠤᠰ ᠤᠳᠠᠭᠠᠨ ᠤ ᠲᠣᠬᠢᠷᠠᠭᠤᠯᠤᠯᠲᠠ ᠶᠢᠨ ᠶᠡᠷᠦᠩᠬᠡᠶ ᠠᠯᠪᠠᠨ ᠭᠡᠷ ᠤᠨ ᠸᠧ ᠪᠦ᠋ᠦ ᠶᠢᠨ ᠬᠦᠢᠰᠦ ᠶᠢᠨ ᠤᠰᠤᠨ ᠤ ᠶᠡᠷᠦᠩᠬᠡᠶ ᠬᠡᠮᠵᠢᠶ᠎ᠡ 636 . 2 ᠺᠦᠪ ᠮᠧᠲᠷ ᠲᠤ ᠬᠦᠷᠴᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠤᠰᠤᠨ ᠡᠬᠢ ᠨᠢ ᠡᠴᠦᠰ ᠲᠡᠭᠡᠨ ᠶᠡᠷᠦᠩᠬᠡᠶ ᠠᠯᠪᠠᠨ ᠭᠡᠷ ᠤᠨ ᠸᠧ ᠪᠦ᠋ᠦ ᠶᠢᠨ ᠬᠦᠢᠰᠦ ᠶᠢᠨ ᠳᠣᠣᠷᠠᠳᠤ ᠤᠷᠤᠰᠬᠠᠯ ᠤᠨ ᠪᠠᠷᠤᠭ 18 ᠺᠢᠯᠣᠮᠧᠲᠷ ᠭᠠᠵᠠᠷ ᠲᠤ ᠬᠦᠷᠴᠡᠶ᠃    ᠶᠡᠷᠦᠩᠬᠡᠶ ᠠᠯᠪᠠᠨ ᠭᠡᠷ ᠤᠨ ᠸᠧ ᠪᠦ᠋ᠦ ᠶᠢᠨ ᠬᠦᠢᠰᠦ ᠶᠢᠨ ᠳᠣᠣᠷᠠᠳᠤ ᠤᠷᠤᠰᠬᠠᠯ ᠤᠨ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠤᠨ ᠤᠰᠤ ᠥᠩᠭᠡᠷᠡᠬᠦ ᠪᠣᠳᠠᠲᠤ  ᠪᠠᠶᠢᠳᠠᠯ᠃  ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠠᠷᠠᠭᠤᠨ ᠯᠢᠶᠣᠤ ᠾᠧ ᠭᠤᠤᠯ ᠳᠡᠭᠡᠷᠡᠬᠢ ᠨᠥᠭᠦᠭᠡ ᠨᠢᠭᠡ ᠭᠤᠤᠯ ᠴᠢᠳᠬᠤᠯᠠᠩ ᠪᠣᠯᠬᠤ ᠦᠯᠵᠡᠢᠮᠥ᠋ᠷᠡᠨ ᠭᠤᠤᠯ ᠤᠨ ᠤᠰᠤ ᠨᠡᠯᠢᠶᠡᠳ ᠰᠠᠶᠢᠨ ᠢᠷᠡᠭᠰᠡᠨ ᠳᠠᠪᠠᠭᠤᠯᠢᠭ ᠢ ᠠᠰᠢᠭᠯᠠᠨ᠂ ︽ᠤᠯᠠᠭᠠᠨᠴᠠᠪ ᠠᠴᠠ ᠤᠰᠤ ᠲᠠᠲᠠᠵᠤ ᠨᠡᠪᠲᠡᠷᠡᠭᠦᠯᠬᠦ︾ ᠤᠰᠤ ᠶᠢ ᠲᠠᠲᠠᠬᠤ ᠢᠨᠵᠧᠨᠧᠷᠢᠩ ᠢ ᠬᠠᠮᠲᠤᠷᠠᠨ ᠲᠣᠬᠢᠷᠠᠭᠤᠯᠵᠤ ᠮᠣᠷᠢᠨ ᠰᠦᠮ᠎ᠡ ᠤᠰᠤᠨ ᠴᠥᠭᠦᠷᠥᠮ ᠳᠤ ᠲᠠᠰᠤᠷᠠᠯᠲᠠ ᠥᠬᠡᠶ ᠤᠰᠤ ᠨᠥᠬᠦᠪᠥᠷᠢᠯᠡᠪᠡ᠃ 9 ᠳ᠋ᠦ᠋ᠭᠡᠷ ᠰᠠᠷ᠎ᠠ ᠶᠢᠨ ᠳᠤᠮᠳᠠᠴᠢ ᠪᠣᠯᠲᠠᠯ᠎ᠠ᠂  ᠮᠤᠷᠤᠢ ᠶᠢᠨ ᠰᠦᠮ᠎ᠡ ᠶᠢᠨ ᠤᠰᠤᠨ ᠴᠥᠭᠦᠷᠥᠮ ᠨᠡᠶᠢᠲᠡ 4500 ᠲᠦᠮᠡᠨ‌‍ᠺᠦ᠋ᠪ ᠮᠧᠲᠷ ᠤᠰᠤ ᠲᠠᠲᠠᠵᠤ ᠂ ᠡᠭᠦᠨ ᠳᠤ ᠤᠯᠠᠭᠠᠨ ᠲᠤᠭ ᠤᠰᠤᠨ ᠴᠥᠭᠦᠷᠥᠮ ᠢᠶᠠᠷ ᠳᠡᠮᠵᠢᠨ 2575 ᠲᠦᠮᠡᠨ‌‍ᠺᠦ᠋ᠪ ᠮᠧᠲᠷ ᠤᠰᠤ ᠨᠥᠬᠦᠪᠥᠷᠢᠯᠡᠵᠡᠶ᠃    ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠲᠤ ᠳᠡᠭᠡᠳᠦ ᠳᠣᠤᠷᠠᠳᠤ ᠤᠷᠤᠰᠬᠠᠯ᠂ ᠭᠤᠣᠯ ᠪᠠ ᠰᠠᠯᠪᠤᠷᠢ ᠤᠷᠤᠰᠬᠠᠯ ᠤᠨ ᠤᠰᠤᠨ ᠴᠥᠭᠦᠷᠥᠮ᠂ ᠵᠠᠩᠭᠢᠯᠠᠭ᠎ᠠ ᠶᠢᠨ ᠤᠰᠤᠨ ᠠᠰᠢᠭᠯᠠᠯᠲᠠ ᠵᠢᠨ‌ᠢᠨᠵᠧᠨᠧᠷᠢᠩ ᠤᠨ ᠬᠠᠮᠲᠤᠷᠠᠨ ᠲᠣᠬᠢᠷᠠᠭᠤᠯᠬᠤ ᠶᠢ ᠬᠡᠷᠡᠭᠵᠢᠭᠦᠯᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠭᠦᠢᠯᠭᠡᠭᠡᠨ ᠤ ᠤᠰᠤ ᠶᠢ ᠡᠷᠲᠡᠬᠡᠨ ᠪᠡᠶᠡᠯᠡᠭᠦᠯᠬᠦ ᠳᠤ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ 2020 ᠣᠨ ᠳᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠶᠢ ᠠᠩᠬ᠎ᠠ ᠤᠳᠠᠭ᠎ᠠ ᠬᠡᠷᠡᠭᠵᠢᠭᠦᠯᠦᠭᠰᠡᠨ ᠠᠴᠠ ᠨᠠᠰᠢ᠂ ᠨᠢᠭᠡᠨᠲᠡ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠳᠤ ᠠᠮᠢ ᠠᠬᠤᠶ ᠶᠢᠨ ᠤᠰᠤᠨ ᠤ ᠬᠡᠮᠵᠢᠶ᠎ᠡ ᠶᠢ 6 . 9 ᠳ᠋ᠦᠩᠰᠢᠭᠤᠷ ᠺᠦᠪ ᠮᠧᠲᠷ ᠳᠣᠷᠣᠭᠰᠢ ᠤᠷᠤᠰᠬᠠᠬᠤ᠂ ᠳᠣᠤᠷᠠᠳᠤ ᠤᠷᠤᠰᠬᠠᠯ ᠤᠨ ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠭᠠᠵᠠᠷ ᠳᠣᠤᠷᠠᠬᠢ ᠤᠰᠤᠨ ᠤ ᠪᠠᠶᠢᠷᠢᠯᠠᠯ ᠢ ᠡᠭᠡᠭᠦᠯᠦᠨ ᠨᠥᠬᠦᠪᠥᠷᠢᠯᠡᠬᠦ ᠳᠤ ᠲᠦᠢᠯ ᠤᠨ ᠴᠢᠬᠤᠯᠠ ᠦᠢᠯᠡᠳᠦᠯ ᠦᠵᠡᠭᠦᠯᠪᠡ᠃    ︵ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠭᠠᠵᠠᠷ ᠡᠬᠡ ᠪᠢᠴᠢᠭ ᠬᠠᠩᠭᠠᠪᠠ︶᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号