《 ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠶᠠᠨ ᠬᠥᠩ ᠤᠰᠤ ᠠᠷᠪᠢᠯᠠᠬᠤ ᠲᠤᠬᠠᠶ ᠶᠠᠷᠢᠭᠰᠠᠨ》 | ( ᠲᠤᠯᠤᠨ ᠨᠠᠭᠤᠷ ᠰᠢᠶᠠᠨ ) | ᠲᠤᠯᠤᠨ ᠨᠠᠭᠤᠷ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠰᠢᠯᠢ | ᠶᠢᠨ ᠭᠤᠣᠯ ᠠᠶᠢᠮᠠᠭ ᠤᠨ ᠵᠡᠭᠦᠨ ᠡᠮᠦᠨᠡᠲᠦ ᠬᠡᠰᠡᠭ ᠲᠤ ᠪᠠᠶᠢᠷᠢᠯᠠᠵᠤ᠂ 3 ᠪᠠᠯᠭᠠᠰᠤ 2 ᠰᠢᠶᠠᠩ ᠢ ᠬᠠᠷᠢᠶᠠᠯᠠᠵᠤ᠂ | ᠶᠡᠷᠦᠩᠬᠡᠢ ᠲᠠᠯᠠᠪᠠᠢ ᠨᠢ 3863 ᠲᠡᠭᠰᠢ ᠳᠥᠷᠪᠡᠯᠵᠢᠨ ᠺᠢᠯᠤᠮᠧᠳ᠋ᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ | 10.37 ᠲᠦᠮᠡ ᠪᠠᠶᠢᠵᠤ᠂ ᠬᠢᠯᠢ ᠶᠢᠨ ᠳᠣᠲᠣᠷ᠎ᠠ ᠪᠠᠶᠢᠩᠭᠤ ᠶᠢᠨ ᠴᠢᠨᠠᠷᠲᠠᠢ ᠭᠤᠣᠯ ᠮᠥᠷᠡᠨ 47 ᠵᠤᠷᠪᠤᠰ᠂ ᠶᠡᠭᠡ | ᠪᠠᠭ᠎ᠠ ᠨᠠᠭᠤᠷ ᠴᠥᠭᠦᠷᠥᠮ 62 ᠪᠠᠶᠢᠵᠤ᠂ ᠤᠯᠠᠨ ᠵᠢᠯ ᠤᠨ ᠳᠤᠮᠳᠠᠴᠢ ᠲᠤᠨᠤᠳᠠᠰᠤᠨ ᠤ ᠬᠡᠮᠵᠢᠶ᠎ᠡ ᠨᠢ 385.2 | ᠮᠢᠯᠢᠮᠧᠲᠷ᠂ ᠤᠰᠤᠨ ᠤ ᠡᠬᠢ ᠰᠤᠷᠪᠤᠯᠵᠢ ᠶᠢᠨ ᠶᠡᠷᠦᠩᠬᠡᠢ ᠬᠡᠮᠵᠢᠶ᠎ᠡ ᠨᠢ 1.64 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠣᠯᠤᠨ᠎ᠠ᠃ | ᠤᠢᠢᠷ᠎ᠠ ᠶᠢᠨ ᠵᠢᠯ ᠳᠤ ᠂ ᠲᠤᠯᠤᠨ ᠨᠠᠭᠤᠷ ᠰᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠣᠯᠤᠨ《ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ | ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ》ᠤᠰᠤ ᠵᠠᠰᠠᠬᠤ ᠰᠡᠳᠬᠢᠴᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠲᠠ ᠶᠢ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠤᠰᠤᠨ ᠤ ᠡᠬᠢ ᠰᠤᠷᠪᠤᠯᠵᠢ ᠶᠢᠨ ᠳᠠᠭᠠᠭᠠᠴᠠ | ᠶᠢᠨ ᠴᠢᠳᠠᠪᠤᠷᠢ ᠶᠢ ᠰᠢᠶᠠᠨ ᠤ ᠬᠡᠪᠴᠢᠶᠡᠨ ᠤ ᠬᠥᠭᠵᠢᠯᠲᠡ ᠶᠢᠨ ᠴᠢᠬᠤᠯᠠ ᠨᠥᠬᠦᠴᠡᠯ ᠪᠣᠯᠭᠠᠵᠤ᠂ ᠤᠰᠤᠨ ᠤ ᠡᠬᠢ | ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠪᠠᠷ ᠭᠤᠣᠯ ᠪᠣᠯᠭᠠᠵᠤ᠂ | ᠤᠰᠤ ᠠᠷᠪᠢᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠤᠯᠤᠰ ᠤᠨ ᠤᠰᠤ ᠠᠷᠪᠢᠯᠠᠬᠤ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠤᠲᠠᠭᠤᠳᠠᠯ ᠢ | ᠬᠦᠴᠦᠯᠡᠨ ᠨᠥᠬᠦᠪᠥᠷᠢᠯᠡᠵᠦ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠲᠠᠰᠤᠷᠠᠯᠳᠠ ᠦᠭᠡᠢ ᠴᠢᠩᠭᠠᠷᠠᠵᠤ᠂ | ᠤᠰᠤᠨ ᠤ ᠡᠬᠢ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ᠃ 2021 ᠣᠨ ᠳᠤ᠂ | ᠪᠥᠬᠦ ᠤᠯᠤᠰ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠰᠡᠨ ᠰᠢᠶᠠᠨ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠪᠠ᠃ | ᠨᠢᠭᠡ᠂ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ ᠤᠰᠤ ᠠᠷᠪᠢᠯᠠᠬᠤ ᠪᠠᠲᠤᠯᠠᠭ᠎ᠠ ᠶᠢ | ᠪᠠᠬᠢᠵᠢᠭᠦᠯᠦᠨ᠎ᠡ | ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ ᠃ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠪᠠ ᠳᠡᠭᠡᠳᠦ ᠱᠠᠲᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ | ᠳᠤ ᠬᠦᠷᠭᠡᠬᠦ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠪᠣᠯᠭᠠᠵᠤ᠂ ᠲᠣᠭᠲᠠᠭᠰᠠᠨ ᠬᠤᠭᠤᠴᠠᠭ᠎ᠠ ᠲᠠᠢ | ᠪᠠᠷ ᠰᠤᠷᠤᠯᠴᠠᠨ ᠲᠤᠭᠤᠰᠢᠯᠠᠭᠤᠯᠵᠤ ᠂ ᠡᠯ᠎ᠡ ᠱᠠᠲᠤᠨ ᠤ ᠺᠠᠳ᠋ᠷ ᠤᠨ ᠤᠰᠤ ᠠᠷᠪᠢᠯᠠᠬᠤ ᠤᠬᠠᠮᠰᠠᠷ ᠢ ᠦᠨᠡᠨ ᠬᠦ | ᠳᠡᠭᠡᠭᠰᠢᠯᠡᠭᠦᠯᠦᠨ᠎ᠡ ᠃ ᠬᠤᠶᠠᠷ ᠲᠤ᠂ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠎ᠠ᠃《ᠵᠠᠰᠠᠭ ᠤᠨ ᠣᠷᠳᠣᠨ | ᠢᠶᠠᠷ ᠭᠤᠤᠯᠯᠠᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠤᠰᠤᠨ ᠠᠰᠢᠭᠯᠠᠯᠲᠠ ᠪᠠᠷ ᠲᠦᠷᠦᠭᠦᠯᠡᠭᠦᠯᠬᠦ᠂ | ᠰᠠᠯᠠᠭ᠎ᠠ ᠮᠥᠴᠢᠷ ᠤᠳ ᠬᠠᠮᠵᠢᠯᠴᠠᠬᠤ᠂ ᠵᠡᠷᠭᠡ ᠪᠠᠷ ᠡᠵᠡᠮᠰᠢᠨ ᠬᠠᠮᠲᠤ ᠪᠠᠷ ᠬᠠᠮᠢᠶᠠᠷᠬᠤ》ᠤᠰᠤ ᠠᠷᠪᠢᠯᠠᠬᠤ | ᠲᠣᠭᠲᠠᠴᠠ ᠶᠢ ᠪᠠᠶᠢᠭᠤᠯᠤᠨ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠢᠶᠠᠨ ᠤ ᠤᠰᠤᠨ ᠠᠰᠢᠭᠯᠠᠯᠲᠠ᠂ ᠡᠳ᠋ ᠤᠨ ᠵᠠᠰᠠᠭ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠤᠳᠤᠷᠢᠳᠤᠯᠭ᠎ᠠ ᠪᠠᠷ ᠪᠦᠷᠢᠯᠳᠦᠭᠰᠡᠨ ᠳᠣᠯᠣᠨ ᠨᠠᠭᠤᠷ ᠰᠢᠶᠠᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠷᠢᠯᠢᠬᠵᠢᠭᠤᠯᠵᠤ᠂ | ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠡᠵᠡᠮᠳᠡᠨ ᠂ ᠤᠰᠤ ᠶᠢ | ᠠᠷᠪᠢᠯᠠᠨ ᠬᠡᠷᠡᠭᠯᠡᠬᠦ ᠠᠵᠢᠯ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠭᠤᠷᠪᠠ | ᠳᠤ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠯᠠᠨ᠎ᠠ ᠃《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》《ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠥᠭᠡᠷᠡᠴᠢᠯᠡᠬᠦ ᠲᠤᠷᠰᠢᠯᠲᠠ ᠶᠢᠨ ᠬᠡᠷᠡᠭᠵᠢᠭᠦᠯᠬᠦ | ᠠᠷᠭ᠎ᠠ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ》ᠵᠡᠷᠭᠡ ᠤᠰᠤ ᠠᠷᠪᠢᠯᠠᠬᠤ ᠤᠰᠤ ᠬᠡᠷᠡᠭᠯᠡᠬᠦ ᠰᠢᠷᠢᠰ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠪᠣᠯᠤᠨ ᠬᠠᠮᠢᠶ᠎ᠠ ᠪᠥᠬᠦᠶ ᠲᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠠᠵᠢᠯ ᠳᠤ | ᠵᠢᠷᠤᠮᠯᠠᠬᠤ ᠲᠦᠷᠢᠮ ᠲᠠᠢ ᠪᠣᠯᠭᠠᠨ᠎ᠠ᠃ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠨᠠᠷ ᠭᠤᠣᠯ ᠮᠥᠷᠡᠨ ᠤ | ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ | ᠲᠣᠭᠤᠷᠢᠨ ᠪᠠᠶᠢᠴᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠥᠷᠨᠢᠭᠦᠯᠦᠨ᠂ ᠤᠰᠤ ᠠᠷᠪᠢᠯᠠᠬᠤ ᠠᠵᠢᠯ | ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠨ᠎ᠡ᠃ | ᠬᠤᠶᠠᠷ᠂ ᠪᠦᠬᠦᠨ ᠢᠶᠠᠷ ᠢᠶᠠᠨ ᠳᠠᠶᠢᠴᠢᠯᠠᠬᠤ ᠶᠢ ᠪᠠᠷᠢᠮᠲᠠᠯᠠᠨ᠂ ᠤᠰᠤ ᠠᠷᠪᠢᠯᠠᠬᠤ ᠨᠡᠶᠢᠯᠡᠮᠡᠯ ᠬᠦᠴᠦᠨ ᠢᠶᠠᠨ | ᠨᠢᠭᠲᠠᠷᠠᠭᠤᠯᠤᠨ᠎ᠠ | ᠨᠢᠭᠡ ᠳᠤ ᠥᠳᠭᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ 《ᠳᠡᠯᠡᠬᠡᠶ ᠶᠢᠨ ᠤᠰᠤᠨ ᠤ | ᠡᠳᠦᠷ 》᠂ 《ᠳᠤᠮᠳᠠᠳᠤ ᠤᠯᠤᠰ ᠤᠨ ᠤᠰᠤᠨ ᠤ ᠭᠠᠷᠠᠭ》 ᠵᠡᠷᠭᠡ ᠴᠢᠬᠤᠯᠠ ᠤᠬᠠᠭᠤᠯᠭ᠎ᠠ ᠶᠢᠨ ᠵᠠᠩᠭᠢᠶᠠᠰᠤ | ᠲᠠᠢ ᠤᠶᠠᠯᠳᠤᠭᠤᠯᠤᠨ᠂ ᠤᠬᠠᠭᠤᠯᠤᠨ ᠳᠠᠶᠢᠴᠢᠯᠠᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ | ᠡᠷᠦᠬᠡ ᠳᠤ ᠬᠦᠷᠴᠦ ᠤᠬᠠᠭᠤᠯᠬᠤ᠂ ᠣᠯᠠᠨ ᠨᠡᠶᠢᠲᠡ ᠶᠢᠨ ᠳ᠋ᠤᠭᠠᠷ ᠨᠡᠶᠢᠲᠡᠯᠡᠬᠦ᠂ ᠤᠰᠤ ᠠᠷᠪᠢᠯᠠᠬᠤ ᠦᠵᠡᠯ | ᠤᠬᠠᠮᠰᠠᠷ ᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠪᠠ ᠮᠡᠳᠡᠯᠭᠡ ᠶᠢᠨ ᠤᠷᠤᠯᠳᠤᠭᠠᠨ ᠥᠷᠨᠢᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠣᠯᠠᠨ ᠠᠷᠭ᠎ᠠ ᠵᠠᠮ ᠢᠶᠠᠷ | ᠤᠬᠠᠭᠤᠯᠤᠨ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠰᠤ | ᠠᠷᠪᠢᠯᠠᠬᠤ᠂ ᠤᠰᠤ ᠬᠠᠮᠠᠭᠠᠯᠠᠬᠤ᠂ ᠤᠰᠤ ᠬᠠᠶᠢᠷᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠪᠥᠬᠦ ᠠᠷᠠᠳ | ᠢᠶᠠᠷ ᠢᠶᠠᠨ ᠤᠰᠤ ᠠᠷᠪᠢᠯᠠᠬᠤ ᠳᠤ ᠣᠷᠣᠯᠴᠠᠬᠤ ᠥᠳᠭᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠶᠠᠷ ᠲᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠤᠬᠠᠭᠤᠯᠵᠤ ᠬᠥᠲᠥᠯᠥᠨ | ᠵᠢᠯᠣᠭᠤᠳᠬᠤ ᠶᠢ ᠴᠢᠩᠭᠠᠳᠬᠠᠬᠤ᠂ ᠤᠰᠤ ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ | ᠲᠦᠷᠦᠭᠦᠯᠡᠨ ᠡᠭᠦᠳᠦᠨ ᠪᠠᠶᠢᠭᠤᠯᠵᠤ᠂ ᠰᠢᠶᠠᠨ ᠤ ᠱᠠᠲᠤᠨ ᠤ 30 ᠨᠢᠭᠡᠴᠡ ᠶᠢ ᠳᠠᠶᠢᠴᠢᠯᠠᠨ ᠰᠢᠶᠠᠨ ᠤ ᠱᠠᠲᠤᠨ ᠤ | 《ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠬᠡᠯᠪᠡᠷᠢ ᠶᠢᠨ ᠨᠢᠭᠡᠴᠡ》 ᠪᠠᠷ ᠠᠮᠵᠢᠯᠲᠠ ᠲᠠᠢ | ᠬᠢᠨᠠᠨ ᠲᠣᠭᠲᠠᠭᠠᠵᠤ᠂ ᠵᠢᠶᠠ ᠾᠧ ᠵᠢᠶᠠᠩᠨᠠᠨ᠂ ᠱᠧᠩ ᠱᠢ ᠰᠢᠨ᠎ᠡ ᠬᠤᠲᠠ ᠵᠡᠷᠭᠡ 26 ᠵᠢᠵᠢᠭ ᠲᠣᠭᠤᠷᠢᠭ ᠨᠢ | ᠰᠢᠶᠠᠨ ᠤ ᠱᠠᠲᠤᠨ ᠤ 《ᠤᠰᠤ ᠠᠷᠪᠢᠯᠠᠬᠤ ᠬᠡᠯᠪᠡᠷᠢ ᠶᠢᠨ ᠰᠠᠭᠤᠭᠠᠯᠢ ᠠᠷᠠᠳ ᠤᠨ ᠲᠣᠭᠤᠷᠢᠭ》 ᠢᠶᠠᠷ ᠬᠢᠨᠠᠨ | ᠲᠣᠭᠲᠠᠭᠠᠪᠠ᠃ | ᠭᠤᠷᠪᠠ᠂ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠵᠤ᠂ ᠤᠰᠤ ᠠᠷᠪᠢᠯᠠᠬᠤ ᠴᠢᠳᠠᠪᠤᠷᠢ ᠶᠢ | ᠨᠡᠮᠡᠭᠳᠡᠭᠦᠯᠦᠨ᠎ᠡ | ᠨᠢᠭᠡ ᠳᠤ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠤᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ | ᠤᠰᠤᠯᠠᠯᠲᠠ ᠶᠢ ᠶᠡᠬᠡᠪᠡᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ | ᠳᠤ ᠲᠦᠰᠢᠭᠯᠡᠨ᠂ ᠰᠦᠷᠴᠢᠨ ᠤᠰᠤᠯᠠᠬᠤ᠂ ᠳᠤᠰᠤᠯᠭᠠᠨ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠥᠷᠭᠡᠨ | ᠢᠶᠠᠷ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 9 ᠲᠦᠮᠡᠨ ᠮᠥ ᠪᠥᠲᠥᠭᠡᠨ | ᠪᠠᠶᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ᠂ ᠲᠠᠷᠢᠶᠠᠨ ᠭᠠᠵᠠᠷ ᠤᠨ ᠤᠰᠤ ᠠᠷᠪᠢᠯᠠᠬᠤ ᠲᠡᠷᠢᠭᠦᠨ ᠤ ᠬᠡᠷᠡᠭᠯᠡᠭᠡᠨ | ᠤ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠭᠤᠯᠤᠨ᠂ ᠪᠦᠬᠦ ᠰᠢᠶᠠᠨ ᠤ ᠤᠰᠤᠯᠠᠯᠲᠠ ᠶᠢᠨ ᠭᠠᠵᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ 《ᠲᠤᠯᠤᠨ ᠨᠠᠭᠤᠷ ᠰᠢᠶᠠᠨ ᠤ ᠤᠰᠤᠯᠠᠯᠲᠠ ᠶᠢᠨ ᠭᠠᠵᠠᠷ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ》 ᠶᠢ ᠲᠣᠭᠲᠠᠭᠠᠨ ᠨᠡᠶᠢᠲᠡᠯᠡᠵᠦ᠂《ᠬᠤᠶᠠᠷ ᠵᠥᠪᠰᠢᠶᠡᠷᠡᠬᠦ ᠦᠭᠡᠶ ᠪᠠ ᠨᠢᠭᠡ ᠡᠷᠬᠡᠪᠰᠢ | ᠪᠠᠶᠢᠬᠤ》 ᠶᠢ ᠡᠷᠡᠰ ᠪᠡᠶᠡᠯᠡᠭᠦᠯᠦᠨ᠎ᠡ᠂ ᠲᠤᠬᠠᠶᠢᠯᠠᠪᠠᠯ ᠤᠰᠤᠯᠠᠯᠲᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢ | ᠵᠥᠪᠰᠢᠶᠡᠷᠡᠬᠦ ᠦᠭᠡᠶ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠶᠢ | ᠵᠥᠪᠰᠢᠶᠡᠷᠡᠬᠦ ᠦᠭᠡᠶ᠂ ᠲᠥᠮᠥᠰᠥ ᠶᠢᠨ ᠰᠦᠷᠴᠢᠨ ᠤᠰᠤᠯᠠᠬᠤ ᠬᠠᠰᠢᠶ᠎ᠠ ᠶᠢ ᠤᠰᠤᠯᠠᠬᠤ ᠳᠤ ᠡᠷᠬᠡᠪᠰᠢ ᠵᠢᠯ ᠪᠦᠷᠢ | ᠨᠢᠭᠡ ᠤᠳᠠᠭ᠎ᠠ ᠡᠭᠡᠯᠵᠢᠯᠡᠨ ᠲᠠᠷᠢᠵᠤ᠂ ᠲᠠᠷᠢᠶᠠᠯᠠᠩ ᠤᠨ ᠤᠰᠤ ᠠᠷᠪᠢᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ ᠃ ᠬᠤᠶᠠᠷ ᠲᠤ᠂ ᠠᠵᠤ ᠦᠶᠯᠡᠳᠪᠦᠷᠢ ᠶᠢᠨ ᠤᠰᠤ | ᠠᠷᠪᠢᠯᠠᠬᠤ ᠶᠢ ᠴᠢᠩᠭ᠎ᠠ ᠠᠳᠬᠤᠨ᠎ᠠ᠃ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ᠂ ᠠᠷᠪᠢᠯᠠᠨ | ᠭᠠᠮᠨᠠᠬᠤ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠮᠡᠷᠭᠡᠵᠢᠯ ᠤᠨ ᠥᠭᠡᠷᠡᠴᠢᠯᠡᠯᠲᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠪᠣᠬᠢᠷ ᠤᠰᠤ ᠶᠢ ᠶᠡᠷᠦᠩᠬᠡᠶᠢᠯᠡᠨ ᠵᠠᠰᠠᠵᠤ ᠡᠭᠡᠭᠦᠯᠦᠨ ᠬᠡᠷᠡᠭᠯᠡᠬᠦ ᠶᠢ ᠴᠢᠩᠭᠠᠳᠬᠠᠨ᠂ ᠠᠵᠤ | ᠦᠢᠯᠡᠳᠪᠦᠷᠢ ᠶᠢᠨ ᠤᠰᠤ ᠠᠷᠪᠢᠯᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠳ᠋ᠠ ᠲᠠᠩ ᠥᠪᠥᠷ ᠮᠣᠩᠭᠤᠯ ᠤᠨ ᠲᠤᠯᠤᠨ ᠨᠠᠭᠤᠷ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠨᠢᠭᠡᠨᠲᠡ ᠠᠵᠤ ᠦᠢᠯᠡᠳᠪᠦᠷᠢ ᠶᠢᠨ ᠤᠰᠤ ᠠᠷᠪᠢᠯᠠᠬᠤ ᠬᠡᠯᠪᠡᠷᠢ ᠶᠢᠨ | ᠠᠵᠤ ᠠᠬᠤᠶᠢᠯᠠᠯ ᠢ ᠠᠮᠵᠢᠯᠲᠠ ᠲᠠᠢ ᠡᠭᠦᠳᠦᠨ ᠪᠠᠢᠭᠤᠯᠤᠭᠰᠠᠨ ᠠᠵᠤ | ᠠᠬᠤᠢᠯᠠᠯ ᠃ ᠭᠤᠷᠪᠠ ᠳᠤ᠂ ᠠᠮᠢᠳᠤᠷᠠᠯ ᠤᠨ ᠤᠰᠤ ᠠᠷᠪᠢᠯᠠᠬᠤ ᠶᠢ ᠬᠥᠲᠥᠯᠥᠨ ᠵᠢᠯᠣᠭᠤᠳᠤᠨ᠎ᠠ᠃ | ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ | ᠪᠦᠬᠦ ᠰᠢᠶᠠᠨ ᠤ ᠤᠰᠤ ᠬᠠᠩᠭᠠᠬᠤ ᠬᠤᠭᠤᠯᠠᠶ ᠶᠢᠨ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ 2016 ᠣᠨ | ᠳᠤ 19 % ᠪᠠᠶᠢᠭᠰᠠᠨ ᠠᠴᠠ ᠪᠠᠨ ᠪᠠᠭᠤᠷᠠᠭᠠᠳ ᠣᠳᠣ 9.9 % ᠪᠣᠯᠵᠤ᠂ ᠬᠤᠭᠤᠯᠠᠶ ᠶᠢᠨ ᠲᠣᠣᠷ ᠤᠨ | ᠭᠤᠭᠤᠵᠢᠵᠤ ᠬᠤᠬᠢᠷᠠᠬᠤ ᠨᠣᠷᠮ᠎ᠠ ᠶᠢ ᠡᠵᠡᠮᠳᠡᠬᠦ ᠪᠠᠨ ᠳᠡᠭᠡᠭᠰᠢᠯᠡᠭᠦᠯᠪᠡ᠃ ᠤᠰᠤ ᠠᠷᠪᠢᠯᠠᠬᠤ ᠪᠠᠭᠠᠵᠢ ᠬᠡᠷᠡᠭᠰᠡᠯ ᠢ | ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠡᠯ᠎ᠡ ᠪᠠᠶᠢᠭᠤᠯᠭ᠎ᠠ ᠠᠵᠢᠯ ᠦᠶᠯᠡᠰ ᠤᠨ ᠨᠢᠭᠡᠴᠡ᠂ ᠬᠠᠭᠤᠴᠢᠨ ᠰᠠᠭᠤᠭᠠᠯᠢ | ᠠᠷᠠᠳ ᠤᠨ ᠵᠢᠵᠢᠭ ᠲᠣᠭᠤᠷᠢᠭ ᠢ ᠵᠢᠯᠣᠭᠤᠳᠴᠤ ᠪᠠᠶᠢᠭᠠᠳ ᠤᠰᠤ ᠠᠷᠪᠢᠯᠠᠬᠤ ᠪᠠᠭᠠᠵᠢ ᠬᠡᠷᠡᠭᠰᠡᠯ ᠢ ᠰᠠᠨᠠᠭᠠᠴᠢᠯᠠᠭ᠎ᠠ | ᠠᠴᠠ ᠪᠠᠨ ᠰᠣᠯᠢᠨ ᠤᠭᠰᠠᠷᠠᠭᠤᠯᠵᠤ᠂ ᠤᠰᠤ ᠠᠷᠪᠢᠯᠠᠬᠤ ᠪᠠᠭᠠᠵᠢ ᠬᠡᠷᠡᠭᠰᠡᠯ ᠤᠨ ᠲᠦᠭᠡᠮᠡᠯᠵᠢᠭᠦᠯᠦᠯᠲᠡ ᠶᠢᠨ ᠨᠣᠷᠮ᠎ᠠ | ᠶᠢ 100 % ᠳᠤ ᠬᠦᠷᠦᠭᠦᠯᠦᠨ᠎ᠡ᠃ | ᠳᠥᠷᠪᠡ᠂ ᠴᠢᠩᠭ᠎ᠠ ᠬᠠᠮᠢᠶᠠᠷᠬᠤ ᠶᠢ ᠪᠠᠷᠢᠮᠲᠠᠯᠠᠨ᠂ ᠤᠰᠤ ᠠᠷᠪᠢᠯᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ | ᠨᠢᠭᠡ ᠳᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠴᠢᠩᠭ᠎ᠠ ᠬᠡᠷᠡᠭᠵᠢᠭᠦᠯᠦᠨ᠎ᠡ᠃ ᠤᠰᠤᠨ ᠤ ᠡᠬᠢ | ᠰᠤᠷᠪᠤᠯᠵᠢ ᠶᠢ ᠨᠤᠲᠠᠯᠠᠬᠤ᠂ ᠤᠰᠤ ᠲᠠᠲᠠᠬᠤ ᠵᠥᠪᠰᠢᠶᠡᠷᠡᠯ᠂ ᠤᠰᠤ ᠠᠷᠪᠢᠯᠠᠬᠤ | ᠠᠴᠢᠶᠠᠯᠠᠪᠤᠷᠢ ᠶᠢ ᠦᠨᠡᠮᠰᠢᠬᠦ ᠵᠡᠷᠭᠡ ᠠᠵᠢᠯ ᠤᠨ ᠳᠤᠮᠳᠠ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ | ᠶᠢ ᠴᠢᠩᠭ᠎ᠠ ᠬᠡᠷᠡᠭᠵᠢᠭᠦᠯᠵᠦ᠂ ᠤᠰᠤ ᠬᠡᠷᠡᠭᠯᠡᠬᠦ ᠡᠷᠦᠬᠡ ᠶᠢᠨ ᠤᠰᠤᠨ ᠤ ᠬᠡᠮᠵᠢᠶ᠎ᠡ ᠶᠢ ᠶᠡᠭᠡ ᠬᠡᠮᠵᠢᠶ᠎ᠡ ᠪᠠᠷ | ᠮᠡᠳᠡᠭᠦᠯᠵᠦ ᠪᠠᠭ᠎ᠠ ᠬᠡᠷᠡᠭᠯᠡᠬᠦ ᠪᠠᠷ ᠭᠤᠶᠤᠴᠢᠯᠠᠬᠤ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ ᠬᠤᠶᠠᠷ ᠢ ᠡᠵᠡᠮᠳᠡᠬᠦ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠤᠰᠤᠨ ᠤ ᠡᠬᠢ ᠰᠤᠷᠪᠤᠯᠵᠢ ᠶᠢᠨ | 《 ᠭᠤᠷᠪᠠᠨ ᠤᠯᠠᠭᠠᠨ ᠱᠤᠭᠤᠮ 》 ᠢ ᠴᠢᠩᠭ᠎ᠠ ᠰᠠᠬᠢᠵᠤ᠂ ᠤᠰᠤᠨ ᠤ ᠡᠬᠢ | ᠰᠤᠷᠪᠤᠯᠵᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ | ᠡᠵᠡᠮᠳᠡᠯ ᠤᠨ ᠠᠵᠢᠯᠯᠠᠭ᠎ᠠ ᠳᠤᠮᠳᠠ᠂ ᠳᠡᠭᠡᠳᠦ ᠱᠠᠲᠤᠨ ᠠᠴᠠ ᠪᠠᠭᠤᠯᠭᠠᠭᠰᠠᠨ ᠣᠨ ᠤ ᠬᠠᠷᠠᠯᠲᠠ ᠶᠢᠨ ᠬᠡᠮᠵᠢᠭᠳᠡᠯ ᠢ | ᠨᠡᠯᠢᠶᠡᠳ ᠰᠠᠶᠢᠨ ᠪᠡᠶᠡᠯᠡᠭᠦᠯᠦᠨ᠎ᠡ᠃ ᠭᠤᠷᠪᠠ ᠳᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ | ᠴᠢᠩᠭᠠᠯᠠᠨ᠎ᠠ ᠃ ᠵᠢᠯ ᠪᠦᠷᠢ ᠶᠢᠨ ᠡᠴᠦᠰ ᠲᠤ ᠡᠯ᠎ᠡ ᠤᠰᠤ ᠠᠪᠬᠤ ᠨᠢᠭᠡᠴᠡ ᠶᠢ ᠲᠤᠬᠠᠶ | ᠶᠢᠨ ᠵᠢᠯ ᠤᠨ ᠤᠰᠤ ᠬᠡᠷᠡᠭᠯᠡᠭᠰᠡᠨ ᠳ᠋ᠦᠩᠨᠡᠯᠲᠡ ᠶᠢᠨ ᠮᠡᠳᠡᠭᠦᠯᠦᠯᠲᠡ ᠪᠣᠯᠤᠨ ᠳᠠᠷᠠᠭ᠎ᠠ ᠨᠢᠭᠡ ᠵᠢᠯ ᠤᠨ ᠤᠰᠤ | ᠬᠡᠷᠡᠭᠯᠡᠬᠦ ᠲᠥᠯᠥᠪᠯᠡᠭᠡ ᠪᠠᠨ ᠮᠡᠳᠡᠭᠦᠯᠬᠦ ᠪᠠᠷ ᠱᠠᠭᠠᠷᠳᠠᠵᠤ᠂ ᠰᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠤᠭᠰᠠᠨ ᠤ ᠳᠠᠷᠠᠭ᠎ᠠ ᠡᠯ᠎ᠡ ᠠᠵᠤ ᠠᠬᠤᠶᠢᠯᠠᠯ ᠤᠨ ᠣᠨ ᠤ ᠤᠰᠤ | ᠬᠡᠷᠡᠭᠯᠡᠬᠦ ᠲᠥᠯᠥᠪᠯᠡᠭᠡ ᠶᠢ ᠪᠠᠭᠤᠯᠭᠠᠨ᠎ᠠ᠃ ᠳᠥᠷᠪᠡ ᠳᠤ ᠤᠰᠤᠨ ᠤ ᠡᠬᠢ | ᠰᠤᠷᠪᠤᠯᠵᠢ ᠶᠢᠨ ᠭᠠᠶᠢᠯᠢ ᠶᠢ ᠬᠠᠤᠯᠢ ᠶᠣᠰᠣᠭᠠᠷ ᠬᠤᠷᠢᠶᠠᠨ᠎ᠠ᠃ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ | ᠨᠢᠭᠲᠠ ᠬᠠᠮᠵᠢᠯᠴᠠᠨ᠂ ᠤᠰᠤᠨ ᠤ ᠡᠬᠢ ᠰᠤᠷᠪᠤᠯᠵᠢ ᠶᠢᠨ ᠭᠠᠶᠢᠯᠢ ᠶᠢ ᠬᠠᠤᠯᠢ | ᠲᠣᠭᠲᠠᠭᠠᠯ ᠶᠣᠰᠣᠭᠠᠷ ᠲᠠᠲᠠᠪᠤᠷᠢᠯᠠᠵᠤ᠂ ᠲᠣᠭᠲᠠᠭᠰᠠᠨ ᠲᠤᠭ᠎ᠠ ᠠᠴᠠ ᠬᠡᠲᠦᠷᠡᠭᠰᠡᠨ᠂ ᠲᠥᠯᠥᠪᠯᠡᠭᠡ ᠠᠴᠠ | ᠬᠡᠲᠦᠷᠡᠭᠦᠯᠦᠨ ᠤᠰᠤ ᠬᠡᠷᠡᠭᠯᠡᠭᠰᠡᠨ ᠳᠤ ᠨᠡᠶᠢᠲᠡ ᠳᠤᠨᠢ ᠦᠨ᠎ᠡ ᠨᠡᠮᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | | ᠤᠰᠤ ᠶᠢ ᠠᠷᠪᠢᠯᠠᠵᠤ ᠬᠡᠷᠡᠭᠯᠡᠬᠦ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ | ᠬᠦᠷᠲᠡᠭᠡᠬᠦ ᠶᠠᠪᠤᠳᠠᠯ ᠪᠣᠯᠤᠨ᠎ᠠ᠃ ᠲᠤᠯᠤᠨ ᠨᠠᠭᠤᠷ ᠰᠢᠶᠠᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠴᠥᠬᠦᠷᠡᠰᠢ ᠦᠭᠡᠢ ᠭᠦᠨᠵᠡᠭᠡᠢ ᠲᠤᠭᠤᠰᠢᠯᠠᠭᠤᠯᠵᠤ᠂ ᠬᠥᠬᠡ ᠤᠰᠤ | ᠬᠥᠬᠡᠮᠳᠦᠭ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠶᠢ ᠪᠠᠷᠢᠮᠲᠠᠯᠠᠵᠤ᠂ ᠪᠣᠬᠢᠷᠲᠤᠯ ᠦᠭᠡᠢ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢᠨ ᠪᠣᠯᠪᠠᠰᠤᠨ ᠤ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠤᠨ᠎ᠠ᠃ | |