ᠵᠡᠭᠦᠨ ᠦᠵᠦᠮᠦᠴᠢᠨ ᠬᠤᠰᠢᠭᠤᠨ ᠤ《ᠰᠢᠶᠠᠨ ᠤ ᠨᠠᠮ ᠤᠨ ᠬᠤᠷᠢᠶᠠᠨ ᠤ ᠱᠦᠵᠢ ᠬᠢᠩᠭᠠᠨ ᠤᠰᠤ ᠠᠷᠪᠢᠯᠠᠬᠤ | ᠲᠤᠬᠠᠶ ᠶᠠᠷᠢᠭᠰᠠᠨ》 | ᠵᠡᠭᠦᠨ ᠦᠵᠦᠮᠦᠴᠢᠨ ᠬᠤᠰᠢᠭᠤ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ | ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ 527. | 6 ᠺᠢᠯᠣᠮᠧᠲᠷ ᠪᠠᠶᠢᠳᠠᠭ᠃ ᠪᠥᠬᠦ ᠬᠤᠰᠢᠭᠤᠨ ᠤ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠨᠢ 4.73 ᠲᠦᠮᠡᠨ | ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 5 ᠪᠠᠯᠭᠠᠰᠤ᠂ 4 ᠰᠤᠮᠤ᠂ 1 ᠤᠯᠤᠰ ᠤᠨ ᠣᠶ ᠰᠢᠭᠤᠶ ᠶᠢᠨ ᠲᠠᠯᠠᠪᠠᠶ | ᠲᠠᠢ᠂ ᠪᠥᠬᠦ ᠬᠥᠮᠦᠨ ᠠᠮᠠ ᠨᠢ 7.07 ᠲᠦᠮᠡᠨ ᠬᠥᠮᠦᠨ ᠪᠠᠶᠢᠨ᠎ᠠ ᠃ ᠤᠰᠤᠨ ᠤ ᠡᠬᠢ ᠰᠤᠷᠪᠤᠯᠵᠢ ᠶᠢᠨ ᠶᠡᠷᠦᠩᠬᠡᠶ | ᠬᠡᠮᠵᠢᠶ᠎ᠡ 9.01 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠃ ᠪᠥᠬᠦ ᠵᠢᠯ ᠤᠨ ᠳᠤᠮᠳᠠᠴᠢ ᠲᠤᠨᠳᠠᠰᠤᠨ ᠤ | ᠬᠡᠮᠵᠢᠶ᠎ᠡ ᠨᠢ 380 ᠮᠢᠯᠢᠮᠧᠲᠷ ᠪᠠᠶᠢᠵᠤ᠂ ᠭᠤᠤᠯᠳᠠᠭᠤ 6 ᠠᠴᠠ 8 ᠰᠠᠷ᠎ᠠ ᠳᠤ ᠲᠥᠪᠯᠡᠷᠡᠵᠦ᠂ ᠵᠢᠯ ᠤᠨ | ᠲᠤᠨᠳᠠᠰᠤᠨ ᠤ ᠬᠡᠮᠵᠢᠶ᠎ᠡ ᠶᠢᠨ 70 % ᠶᠢ ᠡᠵᠡᠯᠡᠨ᠎ᠡ᠃ | ᠣᠷᠴᠢᠮ ᠤᠨ ᠵᠢᠯ ᠳᠤ ᠂ ᠮᠠᠨ ᠤ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ《ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ | ᠲᠠᠯ᠎ᠠ ᠪᠠᠷ ᠬᠦᠴᠦᠯᠡᠬᠦ》ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ ᠤᠨ ᠴᠢᠭᠯᠡᠯᠲᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠠᠰᠢᠭᠯᠠᠬᠤ᠂ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠪᠠ ᠤᠰᠤ ᠶᠢ ᠠᠷᠪᠢᠯᠠᠨ ᠬᠡᠷᠡᠭᠯᠡᠬᠦ ᠶᠢ ᠴᠢᠬᠤᠯᠠ ᠬᠠᠷᠠᠯᠲᠠ ᠶᠢᠨ ᠡᠭᠦᠷᠭᠡ ᠪᠠᠨ | ᠪᠣᠯᠭᠠᠬᠤ ᠶᠢ ᠪᠠᠷᠢᠮᠲᠠᠯᠠᠵᠤ᠂《 ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ᠂ | ᠵᠣᠬᠢᠰᠲᠠᠢ ᠨᠡᠭᠡᠭᠡᠨ ᠬᠥᠭᠵᠢᠭᠦᠯᠬᠦ᠂ ᠪᠦᠲᠦᠮᠵᠢᠲᠡᠢ ᠬᠠᠮᠠᠭᠠᠯᠠᠬᠤ》ᠣᠶᠢᠯᠠᠭᠠᠭᠳᠠᠬᠤᠨ ᠶᠣᠰᠣᠭᠠᠷ᠂ ᠡᠬᠢ ᠪᠠᠶᠠᠯᠢᠭ | ᠤᠨ ᠬᠠᠮᠢᠶᠠᠷᠤᠯᠲᠠ᠂ ᠣᠷᠴᠢᠯ ᠠᠰᠢᠭᠯᠠᠯᠲᠠ ᠵᠢᠴᠢ ᠠᠷᠪᠢᠯᠠᠨ ᠬᠠᠮᠠᠭᠠᠯᠠᠬᠤ ᠵᠡᠷᠭᠡ ᠲᠠᠯ᠎ᠠ ᠠᠴᠠ ᠭᠠᠷᠳᠠᠵᠤ᠂ ᠤᠰᠤ | ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ | ᠬᠡᠪᠴᠢᠶᠡᠨ ᠳᠤ《ᠤᠰᠤ ᠬᠠᠮᠢᠶᠠᠷᠬᠤ᠂ ᠤᠰᠤ ᠬᠡᠷᠡᠭᠯᠡᠬᠦ᠂ ᠤᠰᠤ ᠠᠷᠪᠢᠯᠠᠬᠤ》ᠭᠤᠷᠪᠠᠨ ᠤᠰᠤ ᠶᠢ ᠨᠡᠶᠢᠲᠡᠯᠡᠨ | ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ | ᠨᠢᠭᠡ ᠳᠤ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠬᠠᠮᠢᠶᠠᠷᠬᠤ ᠳᠡᠭᠡᠷ᠎ᠡ ᠬᠦᠴᠦ | ᠲᠠᠯᠪᠢᠨ᠎ᠠ᠃ ᠤᠰᠤᠨ ᠤ ᠡᠬᠢ ᠰᠤᠷᠪᠤᠯᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠰᠢᠶᠠᠨ ᠤ | ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠡᠭᠦᠳᠦᠨ ᠪᠠᠶᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠵᠤ᠂《ᠭᠤᠷᠪᠠᠨ ᠤᠯᠠᠭᠠᠨ ᠱᠤᠭᠤᠮ》ᠪᠠ《ᠲᠦᠷᠪᠡᠨ ᠵᠦᠢᠯ ᠤᠨ ᠲᠦᠷᠢᠮ》 ᠢ ᠴᠢᠩᠭ᠎ᠠ ᠰᠠᠬᠢᠵᠤ᠂ | 《ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ | ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ》 ᠶᠢ ᠪᠠᠷᠢᠮᠲᠠᠯᠠᠭᠠᠳ᠂ ᠤᠷᠢᠳ ᠬᠤᠵᠢᠳ ᠵᠡᠭᠦᠨ | ᠦᠵᠦᠮᠦᠴᠢᠨ ᠬᠤᠰᠢᠭᠤᠨ ᠤ ᠤᠰᠤᠨ ᠤ ᠡᠬᠢ ᠰᠤᠷᠪᠤᠯᠵᠢ ᠶᠢᠨ ᠲᠥᠯᠥᠪᠵᠢᠭᠦᠯᠭᠡ᠂ ᠠᠰᠢᠭᠯᠠᠯᠲᠠ ᠪᠠ | ᠬᠠᠮᠠᠭᠠᠯᠠᠯᠲᠠ ᠶᠢᠨ ᠲᠥᠯᠥᠪᠵᠢᠭᠦᠯᠭᠡ᠂ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠪᠠ | ᠤᠰᠤᠨ ᠤ ᠡᠬᠢ ᠰᠤᠷᠪᠤᠯᠵᠢ ᠶᠢᠨ ᠳᠠᠭᠠᠭᠠᠴᠠ ᠶᠢᠨ ᠴᠢᠳᠠᠪᠤᠷᠢ ᠶᠢᠨ ᠦᠨᠡᠯᠡᠯᠲᠡ ᠵᠡᠷᠭᠡ《 ᠭᠤᠷᠪᠠᠨ | ᠲᠥᠯᠥᠪᠵᠢᠭᠦᠯᠪᠡ ᠨᠢᠭᠡ ᠦᠨᠡᠯᠡᠯᠲᠡ 》 ᠶᠢᠨ ᠶᠡᠷᠦᠩᠬᠡᠶᠢᠯᠡᠭᠰᠡᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠤᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠤᠨ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ᠂ ᠤᠰᠤ ᠠᠪᠬᠤ ᠵᠥᠪᠰᠢᠶᠡᠷᠡᠯ᠂ ᠲᠥᠯᠥᠪᠯᠡᠭᠡ ᠲᠠᠢ ᠤᠰᠤ | ᠬᠡᠷᠡᠭᠯᠡᠬᠦ ᠬᠠᠮᠢᠶᠠᠷᠤᠯᠲᠠ ᠪᠠ ᠤᠰᠤ ᠠᠷᠪᠢᠯᠠᠬᠤ ᠠᠴᠢᠶᠠᠯᠠᠪᠤᠷᠢ ᠶᠢ ᠮᠠᠭᠠᠳᠯᠠᠨ ᠲᠣᠭᠲᠠᠭᠠᠬᠤ ᠴᠢᠬᠤᠯᠠ | ᠦᠨᠳᠦᠰᠦᠯᠡᠯ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠷᠭᠦᠯᠵᠢᠯᠡᠭᠦᠯᠬᠦ᠂ ᠰᠢᠨ᠎ᠡ ᠪᠠᠷ | ᠡᠷᠬᠢᠯᠡᠬᠦ᠂ ᠨᠥᠬᠦᠵᠦ ᠡᠷᠬᠢᠯᠡᠬᠦ ᠳᠤ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠭᠤᠴᠠᠭ᠎ᠠ | ᠬᠢᠵᠠᠭᠠᠷᠯᠠᠨ ᠭᠦᠢᠴᠡᠳᠬᠡᠵᠦ᠂ ᠮᠥᠷᠳᠡᠨ ᠵᠠᠰᠠᠵᠤ᠂ ᠤᠰᠤ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠢ ᠨᠡᠶᠢᠲᠡ 33 | ᠣᠯᠭᠤᠵᠤ᠂ ᠵᠢᠯ ᠳᠤᠮᠳᠠᠴᠢ ᠪᠠᠷ 900 ᠭᠠᠷᠤᠢ ᠲᠦᠮᠡᠨ ᠲᠥᠭᠦᠷᠢᠭ ᠤᠨ ᠤᠰᠤᠨ ᠤ ᠡᠬᠢ ᠰᠤᠷᠪᠤᠯᠵᠢ ᠶᠢᠨ | ᠰᠦᠢᠳᠬᠡᠯ ᠬᠤᠷᠢᠶᠠᠨ᠎ᠠ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ | ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ | ᠤᠭᠰᠠᠷᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠢᠯ ᠤᠨ ᠭᠠᠵᠠᠷ ᠳᠣᠤᠷᠠᠬᠢ ᠤᠰᠤ ᠠᠪᠬᠤ ᠬᠡᠮᠵᠢᠶ᠎ᠡ ᠨᠢ ᠠᠷᠪᠠᠨ | ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠠᠵᠤ ᠠᠬᠤᠶᠢᠯᠠᠯ ᠳᠤ ᠴᠢᠭᠯᠡᠭᠦᠯᠦᠨ ᠰᠦᠯᠵᠢᠶᠡᠨ | ᠳᠡᠭᠡᠷ᠎ᠡ ᠬᠢᠨᠠᠨ ᠬᠡᠮᠵᠢᠵᠦ ᠬᠡᠮᠵᠢᠬᠦ ᠰᠢᠰᠲ᠋ᠧᠮᠵᠢ ᠶᠢ ᠪᠠᠶᠢᠭᠤᠯᠵᠤ᠂ ᠤᠰᠤ ᠬᠡᠷᠡᠭᠯᠡᠭᠰᠡᠨ ᠪᠠᠶᠢᠳᠠᠯ᠂ ᠬᠡᠮᠵᠢᠯᠲᠡ ᠶᠢᠨ | ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠡᠷᠭᠡᠪᠡᠷ ᠥᠷᠨᠢᠭᠦᠯᠵᠦ᠂ ᠲᠣᠭᠤᠷᠢᠨ ᠪᠠᠶᠢᠴᠠᠭᠠᠬᠤ ᠡᠬᠡ | ᠲᠠᠩᠰᠠ ᠶᠢ ᠪᠠᠶᠢᠭᠤᠯᠤᠨ᠂ ᠤᠰᠤᠨ ᠤ ᠡᠬᠢ ᠰᠤᠷᠪᠤᠯᠵᠢ ᠶᠢ ᠶᠡᠷᠦᠩᠬᠡᠶᠢᠯᠡᠨ ᠠᠰᠢᠭᠯᠠᠵᠤ ᠬᠠᠮᠢᠶᠠᠷᠤᠨ ᠡᠵᠡᠮᠳᠡᠬᠦ | ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂《ᠤᠰᠤ ᠬᠡᠷᠡᠭᠯᠡᠬᠦ》 | ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ《 ᠠᠭᠤᠯᠠ | ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ》ᠣᠶᠢᠯᠠᠭᠠᠭᠳᠠᠬᠤᠨ ᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠢᠳᠡ ᠰᠠᠨᠠᠭᠠᠴᠢᠯᠠᠭ᠎ᠠ ᠲᠠᠢ ᠪᠠᠷ ᠡᠬᠢᠯᠡᠨ ᠬᠢᠶ᠎ᠡ᠂ ᠢᠳᠡᠪᠬᠢᠲᠡᠶ ᠠᠷᠭ᠎ᠠ | ᠰᠦᠪᠡᠭᠴᠢᠯᠡᠬᠦ᠂ ᠤᠰᠤ ᠠᠷᠪᠢᠯᠠᠬᠤ ᠮᠡᠷᠭᠡᠵᠢᠯ᠂ ᠤᠷᠠᠯᠠᠯ᠂ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠶᠡᠬᠡᠪᠡᠷ | ᠳᠡᠯᠭᠡᠷᠡᠭᠦᠯᠦᠨ ᠬᠡᠷᠡᠭᠯᠡᠭᠦᠯᠵᠦ᠂ ᠤᠰᠤ ᠶᠢ ᠡᠷᠭᠢᠯᠳᠦᠭᠦᠯᠦᠨ ᠬᠡᠷᠡᠭᠯᠡᠬᠦ᠂ ᠨᠢᠭᠡ ᠤᠰᠤ ᠶᠢ ᠤᠯᠡᠠ ᠤᠳᠠᠭ᠎ᠠ ᠬᠡᠷᠡᠭᠯᠡᠬᠦ᠂ | ᠳᠠᠬᠢᠨ ᠠᠰᠢᠭᠯᠠᠬᠤ ᠪᠠ ᠪᠤᠵᠠᠷ ᠤᠰᠤ ᠶᠢ ᠰᠢᠢᠳᠪᠦᠷᠢᠯᠡᠨ ᠲᠠᠬᠢᠨ ᠬᠡᠷᠡᠭᠯᠡᠬᠦ ᠶᠢ ᠰᠠᠨᠠᠭᠠᠴᠢᠯᠠᠵᠤ᠂ ᠤᠷᠢᠳ | ᠬᠤᠵᠢᠳ 4545 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠡᠷᠡᠭᠯᠡᠭᠰᠡᠨ ᠤᠰᠤ ᠶᠢ ᠲᠠᠬᠢᠨ ᠬᠡᠷᠡᠭᠯᠡᠬᠦ | ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠬᠡᠷᠡᠭᠯᠡᠭᠰᠡᠨ ᠤᠰᠤᠨ ᠨᠠᠭᠤᠷ᠂ ᠬᠡᠷᠡᠭᠯᠡᠭᠰᠡᠨ ᠤᠰᠤᠨ ᠴᠡᠴᠡᠷᠯᠢᠭ | ᠪᠠ ᠬᠡᠷᠡᠭᠯᠡᠭᠰᠡᠨ ᠤᠰᠤᠨ ᠬᠤᠭᠤᠯᠠᠶ ᠶᠢᠨ ᠲᠣᠤᠷ ᠶᠢ ᠪᠠᠶᠢᠭᠤᠯᠬᠤ᠂ 1500 ᠺᠦᠪ ᠮᠧᠲᠷ ᠤᠨ ᠤᠰᠤᠨ | ᠴᠥᠭᠦᠷᠥᠮ ᠳᠥᠷᠪᠡ᠂ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠭᠡᠷ ᠭᠤᠷᠪᠠ ᠪᠠ 1200 ᠢᠵᠢ ᠪᠦᠷᠢᠳᠦᠭᠰᠡᠨ | ᠬᠤᠳᠳᠤᠭ ᠢ ᠲᠣᠬᠢᠷᠠᠭᠤᠯᠵᠤ᠂ ᠬᠤᠷᠢᠶᠠᠨ ᠠᠪᠴᠤ ᠦᠢᠯᠡᠳᠪᠦᠷᠢᠯᠡᠬᠦ᠂ ᠠᠮᠢᠳᠤᠷᠠᠯ ᠤᠨ ᠪᠣᠬᠢᠷ ᠤᠰᠤ ᠶᠢ ᠮᠡᠷᠭᠡᠵᠢᠯ | ᠤᠨ ᠠᠷᠭ᠎ᠠ ᠪᠠᠷ ᠰᠢᠢᠳᠪᠦᠷᠢᠯᠡᠬᠦ ᠪᠠᠷ ᠳᠠᠮᠵᠢᠨ᠂ ᠳᠠᠬᠢᠨ ᠬᠡᠷᠡᠭᠯᠡᠭᠰᠡᠨ ᠤᠰᠤᠨ ᠤ ᠦᠵᠡᠮᠵᠢ ᠶᠢᠨ ᠨᠠᠭᠤᠷ᠂ ᠢᠯᠴᠢ | ᠪᠠᠷ ᠴᠠᠬᠢᠯᠭᠠᠨ ᠭᠠᠷᠭᠠᠬᠤ᠂ ᠦᠶᠯᠡᠳᠪᠦᠷᠢ ᠶᠢᠨ ᠲᠣᠭᠤᠷᠢᠭ ᠤᠨ ᠥᠪᠡᠷᠲᠡᠭᠡᠨ ᠬᠡᠷᠡᠭᠯᠡᠬᠦ ᠵᠢᠴᠢ ᠨᠣᠭᠤᠭᠠᠷᠠᠭᠤᠯᠵᠤ | ᠤᠰᠤᠯᠠᠬᠤ ᠵᠡᠷᠭᠡ ᠬᠦᠷᠢᠶ᠎ᠡ ᠬᠡᠪᠴᠢᠶᠡᠨ ᠳᠤ ᠬᠡᠷᠡᠭᠯᠡᠵᠦ᠂ ᠤᠰᠤᠨ ᠤ ᠡᠬᠢ ᠰᠤᠷᠪᠤᠯᠵᠢ ᠶᠢ ᠡᠷᠭᠢᠯᠳᠦᠭᠦᠯᠦᠨ | ᠠᠰᠢᠭᠯᠠᠬᠤ ᠶᠢ ᠦᠨᠡᠨ ᠬᠦ ᠪᠡᠶᠡᠯᠡᠭᠦᠯᠪᠡ᠃2021 ᠣᠨ ᠳᠤ ᠪᠥᠬᠦ ᠬᠤᠰᠢᠭᠤᠨ ᠤ ᠳᠠᠬᠢᠨ ᠦᠢᠯᠡᠳᠦᠭᠰᠡᠨ | ᠤᠰᠤᠨ ᠤ ᠪᠣᠳᠠᠲᠠᠶ ᠡᠭᠦᠰᠦᠭᠰᠡᠨ ᠬᠡᠮᠵᠢᠶ᠎ᠡ ᠨᠢ 249 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠬᠡᠷᠡᠭᠯᠡᠭᠰᠡᠨ ᠤᠰᠤ ᠶᠢ ᠳᠠᠬᠢᠨ ᠬᠡᠷᠡᠭᠯᠡᠭᠰᠡᠨ ᠬᠡᠮᠵᠢᠶ᠎ᠡ ᠨᠢ 203.74 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠳᠠᠬᠢᠨ ᠬᠡᠷᠡᠭᠯᠡᠭᠰᠡᠨ ᠨᠣᠷᠮ᠎ᠠ ᠨᠢ 81.6 % ᠳᠤ ᠬᠦᠷᠴᠡᠶ᠃ ᠡᠭᠦᠨ ᠤ ᠬᠠᠮᠲᠤ᠂ ᠠᠵᠤ ᠦᠶᠯᠡᠳᠪᠦᠷᠢ | ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠤᠨ ᠤᠷ᠎ᠠ ᠮᠡᠷᠭᠡᠰᠢᠯ ᠤᠨ ᠰᠢᠨᠡᠴᠢᠯᠡᠯᠲᠡ ᠪᠠ ᠲᠥᠬᠦᠭᠡᠷᠦᠮᠵᠢ ᠶᠢᠨ | ᠲᠠᠰ ᠳᠡᠪᠰᠢᠬᠦ ᠶᠢ ᠢᠳᠡᠪᠬᠢᠲᠡᠶ ᠵᠣᠷᠢᠭᠵᠢᠭᠤᠯᠤᠨ ᠳᠡᠮᠵᠢᠵᠦ᠂ 55 ᠤᠰᠤ ᠠᠷᠪᠢᠯᠠᠬᠤ ᠠᠴᠢᠶᠠᠯᠠᠭᠴᠢ ᠶᠢ | ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠪᠣᠬᠢᠷ ᠤᠰᠤ ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ | ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠨ ᠬᠡᠪᠴᠢᠶᠡᠨ ᠤ15 ᠭᠤᠤᠯ ᠮᠥᠷᠡᠨ᠂ 42 ᠨᠠᠭᠤᠷ ᠴᠥᠭᠦᠷᠥᠮ ᠤᠨ | 50-1000 ᠲᠡᠭᠰᠢ ᠳᠥᠷᠪᠡᠯᠵᠢᠨ ᠺᠢᠯᠣᠮᠧᠲᠷ ᠤᠨ ᠭᠤᠤᠯ ᠮᠥᠷᠡᠨ ᠤ ᠡᠷᠭᠢ ᠶᠢᠨ ᠱᠤᠭᠤᠮ ᠢ ᠪᠦᠬᠦᠨ ᠢ | ᠬᠠᠮᠠᠭᠠᠯᠠᠬᠤ ᠲᠥᠯᠥᠪᠵᠢᠭᠦᠯᠭᠡ ᠪᠠ ᠬᠠᠷᠢᠭᠤᠴᠠᠯᠭ᠎ᠠ ᠶᠢ ᠬᠤᠪᠢᠶᠠᠷᠢᠯᠠᠨ ᠲᠣᠭᠲᠠᠭᠠᠬᠤ ᠳᠤ ᠣᠷᠣᠭᠤᠯᠵᠤ᠂《ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠭᠠᠷ ᠤᠲᠠᠰᠤᠨ ᠤ APP》 ᠶᠢᠨ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ《ᠬᠠᠪᠤᠷ ᠨᠠᠮᠤᠷ ᠤᠨ | ᠤᠯᠠᠷᠢᠯ》᠂《ᠳᠥᠷᠪᠡᠨ ᠰᠠᠮᠠᠭᠤᠨ ᠢ ᠠᠷᠢᠯᠭᠠᠬᠤ》ᠵᠡᠷᠭᠡ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠰᠤᠪᠠᠭ ᠤᠨ《ᠳᠤᠷ᠎ᠠ | ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ | ᠪᠠᠶᠢᠭᠤᠯᠬᠤ》ᠵᠡᠷᠭᠡ ᠦᠵᠡᠭᠳᠡᠯ ᠳᠤ ᠪᠦᠲᠦᠮᠵᠢᠲᠡᠶ ᠴᠣᠬᠢᠯᠲᠠ ᠥᠭᠴᠦ᠂ ᠭᠤᠤᠯ ᠮᠥᠷᠡᠨ ᠨᠠᠭᠤᠷ ᠴᠥᠭᠦᠷᠥᠮ ᠤᠨ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠠᠰᠢᠭᠯᠠᠯᠲᠠ ᠶᠢ ᠦᠨᠡᠨ ᠬᠦ ᠳᠡᠭᠡᠭᠰᠢᠯᠡᠭᠦᠯᠪᠡ᠃ | ᠭᠤᠷᠪᠠ ᠳᠤ ᠣᠶᠢᠯᠠᠭᠠᠭᠳᠠᠬᠤᠨ ᠤ ᠰᠢᠨᠡᠴᠢᠯᠡᠯᠲᠡ ᠶᠢ ᠴᠢᠩᠭᠠᠳᠬᠠᠵᠤ᠂ 《ᠤᠰᠤ ᠠᠷᠪᠢᠯᠠᠬᠤ》 ᠲᠠᠯ᠎ᠠ ᠪᠠᠷ | ᠬᠦᠴᠦ ᠣᠷᠣᠭᠤᠯᠬᠤ ᠬᠡᠷᠡᠭᠲᠡᠶ᠃ ᠪᠢᠳᠡ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ | ᠶᠢ ᠢᠮᠠᠭᠲᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠣᠳᠠᠲᠤ ᠶᠠᠪᠤᠳᠠᠯ ᠬᠢᠬᠦ᠂ ᠬᠥᠭᠵᠢᠯᠲᠡ ᠶᠢ | ᠠᠬᠢᠭᠤᠯᠬᠤ ᠲᠣᠮᠣ ᠶᠠᠪᠤᠳᠠᠯ ᠴᠢᠬᠤᠯᠠ ᠶᠠᠪᠤᠳᠠᠯ ᠪᠣᠯᠭᠠᠨ ᠴᠢᠬᠤᠯᠠᠴᠢᠯᠠᠵᠤ᠂ ᠤᠰᠤᠨ ᠤ ᠡᠬᠢ ᠰᠤᠷᠪᠤᠯᠵᠢ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠨ᠂ 《ᠵᠡᠭᠦᠨ ᠦᠵᠦᠮᠦᠴᠢᠨ ᠬᠤᠰᠢᠭᠤᠨ ᠤ ᠰᠢᠶᠠᠨ ᠤ | ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ | ᠪᠠᠶᠢᠭᠤᠯᠤᠯᠲᠠ ᠶᠢ ᠥᠷᠨᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ》 ᠢ ᠲᠣᠭᠲᠠᠭᠠᠨ ᠨᠡᠶᠢᠲᠡᠯᠡᠵᠦ᠂ ᠰᠠᠭᠤᠭᠠᠯᠢ | ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ( ᠲᠥᠯᠥᠪᠯᠡᠭᠡ ) ᠠᠴᠠ ᠬᠡᠲᠦᠷᠡᠭᠰᠡᠨ ᠬᠡᠰᠡᠭ ᠢ | ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠢᠵᠢ ᠪᠦᠷᠢᠳᠦᠭᠦᠯᠦᠨ ᠪᠠᠶᠢᠭᠤᠯᠵᠤ᠂ ᠪᠥᠬᠦ ᠬᠤᠰᠢᠭᠤᠨ ᠤ | ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠡᠷᠦᠬᠡ ᠳᠤ ᠭᠤᠷᠪᠠᠨ ᠵᠢᠯ ᠤᠨ ᠬᠡᠷᠡᠭᠯᠡᠬᠦ ᠤᠰᠤᠨ ᠤ ᠬᠡᠮᠵᠢᠶ᠎ᠡ | ᠶᠢ ᠪᠦᠷᠢᠳᠬᠡᠬᠦ ᠪᠠ ᠬᠡᠲᠦᠷᠡᠭᠦᠯᠦᠨ ᠦᠨ᠎ᠡ ᠨᠡᠮᠡᠬᠦ ᠲᠦᠷᠢᠮ ᠢ ᠬᠡᠷᠡᠭᠵᠢᠭᠦᠯᠵᠦ᠂ ᠣᠶᠢᠷ᠎ᠠ ᠶᠢᠨ ᠭᠤᠷᠪᠠᠨ ᠵᠢᠯ ᠳᠤ᠂ | ᠪᠠᠯᠭᠠᠰᠤᠨ ᠤ ᠲᠣᠭᠤᠷᠢᠭ ᠤᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠡᠷᠦᠬᠡ ᠶᠢᠨ ᠵᠢᠯ ᠤᠨ | ᠳᠤᠮᠳᠠᠴᠢ ᠬᠡᠷᠡᠭᠯᠡᠬᠦ ᠤᠰᠤᠨ ᠤ ᠬᠡᠮᠵᠢᠶ᠎ᠡ ᠶᠢ ᠪᠦᠲᠦᠮᠵᠢᠲᠡᠶ ᠪᠠᠭᠠᠰᠬᠠᠪᠠ᠃ ᠤᠰᠤ ᠬᠠᠩᠭᠠᠬᠤ ᠬᠤᠭᠤᠯᠠᠶ ᠲᠣᠤᠷ ᠢ | ᠥᠭᠡᠷᠡᠴᠢᠯᠡᠬᠦ᠂ ᠰᠢᠨᠡᠳᠬᠡᠬᠦ ᠵᠢᠴᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠷᠭᠡᠳᠬᠡᠵᠦ᠂ | ᠤᠰᠤ ᠬᠠᠩᠭᠠᠬᠤ ᠬᠤᠭᠤᠯᠠᠶ ᠲᠣᠤᠷ ᠤᠨ ᠭᠤᠭᠤᠵᠢᠵᠤ ᠬᠤᠬᠢᠷᠠᠬᠤ ᠶᠢ ᠡᠵᠡᠮᠳᠡᠬᠦ ᠪᠠᠨ ᠴᠢᠩᠭᠠᠳᠬᠠᠵᠤ᠂ ᠤᠰᠤ | ᠠᠷᠪᠢᠯᠠᠬᠤ ᠬᠡᠯᠪᠡᠷᠢ ᠶᠢᠨ ᠤᠰᠤᠨ ᠤ ᠭᠤᠭᠤᠵᠢᠭᠤᠷ ᠂ ᠤᠰᠤ ᠠᠷᠪᠢᠯᠠᠬᠤ ᠬᠡᠯᠪᠡᠷᠢ ᠶᠢᠨ ᠤᠰᠤ ᠰᠦᠷᠴᠢᠬᠦ | ᠬᠠᠶᠢᠷᠴᠠᠭ ᠵᠡᠷᠭᠡ ᠪᠠᠭᠠᠵᠢ ᠬᠡᠷᠡᠭᠰᠡᠯ ᠢ ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠰᠠᠭᠤᠭᠠᠯᠢ ᠠᠷᠠᠳ ᠤᠨ ᠤᠰᠤ | ᠠᠷᠪᠢᠯᠠᠬᠤ ᠪᠠᠭᠠᠵᠢ ᠬᠡᠷᠡᠭᠰᠡᠯ ᠢᠶᠠᠨ ᠰᠣᠯᠢᠬᠤ ᠶᠢ ᠵᠣᠷᠢᠭᠵᠢᠭᠤᠯᠵᠤ᠂ ᠤᠰᠤ ᠬᠠᠩᠭᠠᠬᠤ ᠪᠠ ᠤᠰᠤ ᠬᠡᠷᠡᠭᠯᠡᠬᠦ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ 《ᠳᠡᠯᠡᠬᠡᠶ ᠶᠢᠨ ᠤᠰᠤᠨ ᠤ ᠡᠳᠦᠷ》᠂ 《ᠳᠤᠮᠳᠠᠳᠤ ᠤᠯᠤᠰ ᠤᠨ | ᠤᠰᠤᠨ ᠤ ᠭᠠᠷᠠᠭ》᠂ 《ᠪᠦᠬᠦ ᠤᠯᠤᠰ ᠤᠨ ᠤᠰᠤ ᠶᠢ ᠠᠷᠪᠢᠯᠠᠨ ᠬᠡᠷᠡᠭᠯᠡᠬᠦ ᠤᠬᠠᠭᠤᠯᠭ᠎ᠠ ᠶᠢᠨ ᠭᠠᠷᠠᠭ》 ᠵᠡᠷᠭᠡ | ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠶᠢ ᠭᠦᠢᠴᠡᠳ ᠠᠰᠢᠭᠯᠠᠨ᠂ ᠵᠢᠯ ᠪᠦᠷᠢ ᠤᠰᠤ ᠠᠷᠪᠢᠯᠠᠬᠤ | ᠤᠬᠠᠭᠤᠯᠭ᠎ᠠ ᠬᠥᠮᠦᠵᠢᠯ ᠢ ᠠᠵᠤ ᠠᠬᠤᠶᠢᠯᠠᠯ᠂ ᠨᠡᠶᠢᠭᠡᠮ ᠲᠣᠭᠤᠷᠢᠭ᠂ ᠮᠠᠯᠵᠢᠬᠤ ᠣᠷᠣᠨ᠂ ᠪᠠᠶᠢᠭᠤᠯᠤᠯᠭ᠎ᠠ᠂ | ᠰᠤᠷᠭᠠᠭᠤᠯᠢ᠂ ᠠᠭᠤᠳᠠᠮ ᠲᠠᠯᠠᠪᠠᠶ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠷᠢᠶ᠎ᠠ ᠪᠢᠴᠢᠭᠡᠰᠦ | ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠰᠤ ᠠᠷᠪᠢᠯᠠᠬᠤ ᠬᠥᠮᠦᠵᠢᠯ ᠥᠷᠨᠢᠭᠦᠯᠬᠦ ᠵᠡᠷᠭᠡ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠬᠠᠭᠤᠯᠬᠤ ᠬᠡᠪᠴᠢᠶ᠎ᠡ ᠪᠠᠨ ᠥᠷᠭᠡᠳᠬᠡᠨ᠂ ᠥᠷᠭᠡᠨ ᠣᠯᠠᠨ ᠰᠠᠭᠤᠭᠠᠯᠢ | ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠶᠢ ᠣᠶᠢᠯᠠᠭᠠᠭᠤᠯᠵᠤ᠂ ᠤᠰᠤ ᠠᠷᠪᠢᠯᠠᠬᠤ | ᠳᠠᠳᠬᠠᠯ ᠲᠠᠢ ᠪᠣᠯᠭᠠᠬᠤ ᠬᠡᠷᠡᠭᠲᠡᠶ᠃ ᠣᠳᠣᠬᠠᠨ ᠳᠤ᠂ ᠪᠦᠬᠦ ᠬᠤᠰᠢᠭᠤᠨ ᠤ 132 ᠪᠠᠶᠢᠭᠤᠯᠤᠯᠭ᠎ᠠ ᠶᠢᠨ ᠠᠵᠢᠯ | ᠦᠢᠯᠡᠰ ᠤᠨ ᠨᠢᠭᠡᠴᠡ ᠤᠰᠤ ᠠᠷᠪᠢᠯᠠᠬᠤ ᠬᠡᠯᠪᠡᠷᠢ ᠶᠢᠨ ᠨᠢᠭᠡᠴᠡ ᠪᠠᠶᠢᠭᠤᠯᠵᠤ᠂ ᠠᠷᠪᠠᠨ ᠤᠰᠤ ᠠᠷᠪᠢᠯᠠᠬᠤ ᠬᠡᠯᠪᠡᠷᠢ | ᠶᠢᠨ ᠰᠠᠭᠤᠭᠠᠯᠢ ᠠᠷᠠᠳ ᠤᠨ ᠲᠣᠭᠤᠷᠢᠭ ᠢ ᠲᠥᠷᠥᠯ ᠬᠤᠪᠢᠶᠠᠨ ᠵᠢᠯᠣᠭᠤᠳᠴᠤ᠂ ᠪᠦᠲᠦᠭᠡᠨ ᠪᠠᠶᠢᠭᠤᠯᠤᠭᠰᠠᠨ | ᠨᠣᠷᠮ᠎ᠠ 22.7 % ᠳᠤ ᠬᠦᠷᠴᠡᠢ᠃ | ᠤᠰᠤᠨ ᠤ ᠡᠬᠢ ᠰᠤᠷᠪᠤᠯᠵᠢ ᠶᠢ ᠬᠠᠮᠠᠭᠠᠯᠠᠵᠤ᠂ ᠤᠰᠤᠨ ᠤ ᠡᠬᠢ ᠰᠤᠷᠪᠤᠯᠵᠢ ᠶᠢ ᠠᠷᠪᠢᠯᠠᠬᠤ ᠨᠢ ᠤᠳᠤ ᠦᠶ᠎ᠡ | ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ ᠬᠦᠷᠲᠡᠭᠡᠬᠦ ᠶᠠᠪᠤᠳᠠᠯ ᠪᠣᠯᠤᠨ᠎ᠠ ᠃ ᠮᠠᠨ ᠤ ᠬᠤᠰᠢᠭᠤᠨ ᠤ | ᠬᠢᠨ 《ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ | ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠶᠢ ᠡᠷᠡᠰ | ᠲᠤᠭᠤᠰᠢᠯᠠᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ | ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠰᠠᠶᠢᠲᠤᠷ ᠬᠠᠮᠢᠶᠠᠷᠬᠤ᠂ ᠤᠰᠤᠨ ᠤ | ᠡᠬᠢ ᠰᠤᠷᠪᠤᠯᠵᠢ ᠶᠢ ᠭᠦᠢᠴᠡᠳ ᠠᠰᠢᠭᠯᠠᠬᠤ᠂ ᠤᠰᠤᠨ ᠤ ᠠᠮᠢ ᠠᠬᠤᠢ ᠶᠢ ᠭᠤᠶᠤᠵᠢᠭᠤᠯᠬᠤ᠂ 《ᠬᠤᠶᠠᠷ | ᠬᠠᠯᠬᠠᠪᠴᠢ》 ᠶᠢ ᠪᠦᠳᠦᠬᠡᠨ ᠪᠠᠶᠢᠭᠤᠯᠬᠤ ᠳᠤ ᠨᠡᠩ ᠶᠡᠭᠡ ᠨᠡᠩ ᠤᠯᠠᠨ ᠬᠤᠪᠢ ᠨᠡᠮᠡᠷᠢ ᠦᠵᠡᠭᠦᠯᠦᠨ᠎ᠡ᠃ | |