ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠤ 《ᠲᠠᠪᠤᠨ ᠶᠡᠭᠡ ᠦᠨᠳᠦᠰᠦᠨ ᠠᠴᠠ ᠨᠢ ᠵᠠᠰᠠᠬᠤ》 ᠠᠵᠢᠯᠯᠠᠭ᠎ᠠ ᠶᠢ ᠠᠬᠢᠭᠤᠯᠵᠤ ᠲᠤᠰᠬᠠᠢ ᠲᠣᠭᠤᠷᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/20
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢᠨ ᠶᠣᠰᠣᠭᠠᠷ᠂ 2022 ᠣᠨ ᠤ 9 ᠳ᠋ᠦ᠋ᠭᠡᠷ ᠰᠠᠷ᠎ᠠ ᠶᠢᠨ 19᠎ ᠤ ᠡᠳᠦᠷ ᠠᠴᠠ 10 ᠳ᠋ᠤᠭᠠᠷ‌‍ᠰᠠᠷ᠎ᠠ ᠶᠢᠨ 16᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠎ ᠳᠤ 《ᠲᠠᠪᠤᠨ ᠶᠡᠭᠡ ᠦᠨᠳᠦᠰᠦᠨ ᠠᠴᠠ ᠨᠢ ᠵᠠᠰᠠᠬᠤ》ᠠᠵᠢᠯᠯᠠᠭ᠎ᠠ ᠶᠢ ᠠᠬᠢᠭᠤᠯᠵᠤ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠪᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ 《ᠲᠠᠪᠤᠨ ᠶᠡᠭᠡ ᠦᠨᠳᠦᠰᠦᠨ ᠠᠴᠠ ᠨᠢ ᠵᠠᠰᠠᠬᠤ》 ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ᠂ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠣᠶᠢᠯᠠᠭᠠᠵᠤ᠂ ᠭᠤᠤᠯᠳᠠᠭᠤ 《ᠲᠠᠪᠤᠨ ᠶᠡᠭᠡ ᠦᠨᠳᠦᠰᠦᠨ ᠠᠴᠠ ᠨᠢ ᠵᠠᠰᠠᠬᠤ》 ᠠᠵᠢᠯᠯᠠᠭ᠎ᠠ ᠶᠢ ᠠᠬᠢᠭᠤᠯᠬᠤ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠲᠤᠰᠬᠠᠯ ᠢ ᠭᠥᠯᠢᠶᠡᠨ ᠠᠪᠴᠤ ᠰᠢᠶᠳᠪᠦᠷᠢᠯᠡᠨ᠎ᠡ ᠃ ᠲᠣᠭᠤᠷᠢᠨ ᠪᠠᠶᠢᠴᠠᠭᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠤᠬᠢᠷᠠᠭᠤᠯᠪᠠ᠄ 0471-2570824᠂ ᠡᠳᠦᠷ ᠪᠦᠷᠢ ᠶᠢᠨ ᠬᠦᠯᠢᠶᠠᠨ ᠠᠪᠴᠤ ᠰᠢᠢᠳᠪᠦᠷᠢᠯᠡᠬᠦ ᠤᠲᠠᠰᠤ ᠨᠢ 8 ᠄00᠎ ᠠᠴᠠ 18 ᠄00 ᠪᠣᠯᠤᠨ᠎ᠠ ︔ ᠰᠢᠦᠳᠠᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠎ ᠶᠢᠨ A926 ᠰᠢᠦᠳᠠᠨ ᠬᠠᠶᠢᠷᠴᠠᠭ ︔ ᠢᠮᠧᠯ᠄ zzqxs21@163.com ︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠤᠷᠪᠤᠯᠵᠢᠯᠠᠯ ᠢ ᠭᠥᠯᠢᠶᠡᠨ ᠠᠪᠬᠤ ᠭᠠᠵᠠᠷ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠨᠣᠮᠧᠷᠲᠤ ᠺᠠᠶ ᠶᠤᠸᠠᠨ ᠮᠢᠩ ᠳ᠋ᠦ᠋ ᠲᠣᠮᠣ ᠪᠠᠭᠤᠳᠠᠯ ᠤᠨ 1631 ᠥᠷᠥᠭᠡ᠃ ᠡᠭᠦᠨ ᠤ ᠬᠠᠮᠲᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠳ᠋ᠦ᠋ᠭᠡᠷ ᠲᠣᠭᠠᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠠᠰᠠᠷ ᠎ ᠤᠨ ᠨᠢᠭᠡᠳᠦᠭᠡᠷ ᠳᠠᠪᠬᠤᠷᠯᠢᠭ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 9 ᠳ᠋ᠦ᠋ᠭᠡᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ 2 ᠳ᠋ᠤᠭᠠᠷ ᠨᠣᠮᠧᠷᠲᠤ ᠠᠰᠠᠷ ᠤᠨ ᠡᠭᠦᠳᠡᠨ ᠲᠢᠩᠬᠢᠮ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ 120 ᠳ᠋ᠤᠭᠠᠷ ᠨᠣᠮᠧᠷᠲᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠡᠭᠦᠳᠡᠨ ᠲᠢᠩᠬᠢᠮ᠂ ᠬᠥᠬᠡᠬᠤᠲᠠ ᠎ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠣᠮᠧᠷᠲᠤ ᠺᠠᠶ ᠶᠤᠸᠠᠨ ᠮᠢᠩ ᠳ᠋ᠦ᠋ ᠲᠣᠮᠣ ᠪᠠᠭᠤᠳᠠᠯ ᠤᠨ ᠭᠤᠤᠯ ᠡᠭᠦᠳᠡᠨ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠎ ᠶᠢ ᠭᠥᠯᠢᠶᠡᠨ ᠠᠪᠬᠤ ᠴᠠᠭ 10 ᠳ᠋ᠤᠭᠠᠷ ᠰᠠᠷ᠎ᠠ ᠶᠢᠨ 16᠎ ᠤ ᠡᠳᠦᠷ ᠪᠣᠯᠲᠠᠯ᠎ᠠ ᠶᠠᠪᠤᠭᠳᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号