ᠦᠬᠠᠶ ᠬᠤᠲᠠ ᠶᠢᠨ ᠤᠰᠤᠨ ᠶᠠᠪᠤᠳᠠᠯ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠭᠦᠨᠵᠡᠭᠡᠶ ᠤᠰᠤ ᠠᠷᠪᠢᠯᠠᠵᠤ ᠤᠰᠤ ᠡᠵᠡᠮᠳᠡᠬᠦ ᠠᠵᠢᠯ ᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2022/9/6
    ᠦᠬᠠᠶ ᠬᠤᠲᠠ ᠶᠢᠨ ᠤᠰᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠡᠭᠦᠰᠴᠦ᠂《ᠳᠥᠷᠪᠡᠨ ᠤᠰᠤ ᠳᠥᠷᠪᠡᠨ ᠲᠣᠭᠲᠠᠭᠠᠯ》 ᠤᠨ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠬᠤ ᠶᠢ ᠪᠠᠷᠢᠮᠲᠠᠯᠠᠨ᠂ ᠤᠰᠤᠨ ᠤ ᠡᠬᠢ ᠰᠤᠷᠪᠤᠯᠵᠢ ᠶᠢ ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠰᠤᠷᠪᠤᠯᠵᠢ ᠶᠢ ᠴᠢᠩᠭ᠎ᠠ ᠨᠢᠮᠪᠠᠶ ᠰᠠᠶᠢᠲᠤᠷ ᠬᠠᠮᠢᠶᠠᠷᠤᠨ᠂ ᠤᠰᠤ ᠠᠷᠪᠢᠯᠠᠵᠤ ᠤᠰᠤ ᠶᠢ ᠡᠵᠡᠮᠳᠡᠬᠦ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃    ᠨᠢᠭᠡ᠂ ᠤᠰᠤ ᠠᠷᠪᠢᠯᠠᠬᠤ ᠳᠦᠷᠢᠮ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠤᠰᠤᠨ ᠤ ᠡᠬᠢ ᠰᠤᠷᠪᠤᠯᠵᠢ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ    ᠤᠰᠤᠨ ᠤ ᠡᠬᠢ ᠰᠤᠷᠪᠤᠯᠵᠢ ᠶᠢ ᠰᠠᠶᠢᠲᠤᠷ ᠬᠠᠮᠢᠶᠠᠷᠴᠤ ᠬᠡᠷᠡᠭᠯᠡᠬᠦ ᠶᠢᠨ ᠲᠥᠯᠥᠭᠡ᠂ ᠤᠷᠢᠳ ᠬᠤᠵᠢᠳ《ᠦᠬᠠᠶ ᠬᠤᠲᠠ ᠶᠢᠨ ᠤᠰᠤᠨ ᠤ ᠡᠬᠢ ᠰᠤᠷᠪᠤᠯᠵᠢ ᠶᠢᠨ ᠲᠥᠰᠦᠪ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ( ᠲᠤᠷᠰᠢᠨ ᠬᠡᠷᠡᠭᠵᠢᠭᠦᠯᠬᠦ ) 》᠂《 ᠦᠬᠠᠶ ᠬᠤᠲᠠ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》᠂《 ᠦᠬᠠᠶ ᠬᠤᠲᠠ ᠶᠢᠨ ᠤᠰᠤᠨ ᠤ ᠡᠷᠬᠡ ᠶᠢ ᠡᠷᠭᠢᠯᠳᠦᠭᠦᠯᠬᠦ ᠠᠵᠢᠯ ᠤᠨ ᠬᠡᠷᠡᠭᠵᠢᠭᠦᠯᠬᠦ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠨᠡᠶᠢᠲᠡᠯᠡᠵᠦ᠂ ᠤᠰᠤᠨ ᠤ ᠡᠬᠢ ᠰᠤᠷᠪᠤᠯᠵᠢ ᠶᠢ ᠠᠷᠪᠢᠲᠠᠶ ᠡᠷᠴᠢᠮᠵᠢᠭᠦᠯᠦᠨ ᠠᠰᠢᠭᠯᠠᠬᠤ ᠶᠢ ᠪᠦᠲᠦᠮᠵᠢᠲᠡᠶ ᠠᠬᠢᠭᠤᠯᠵᠤ᠂ ᠤᠰᠤᠨ  ᠤ ᠡᠬᠢ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠢᠳᠡᠪᠬᠢᠲᠡᠢ ᠬᠠᠮᠵᠢᠯᠴᠠᠨ《ᠦᠬᠠᠢ ᠬᠤᠲᠠ  ᠶᠢᠨ ᠤᠰᠤ ᠶᠢ ᠠᠷᠪᠢᠯᠠᠨ ᠬᠡᠷᠡᠭᠯᠡᠬᠦ ᠳᠦᠷᠢᠮ》 ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠵᠦ᠂ ᠮᠠᠨ ᠤ ᠬᠤᠲᠠ  ᠶᠢᠨ ᠤᠰᠤ ᠶᠢ ᠠᠷᠪᠢᠯᠠᠨ ᠬᠡᠷᠡᠭᠯᠡᠬᠦ ᠠᠵᠢᠯ ᠳᠤ ᠬᠦᠴᠦᠲᠡᠢ ᠬᠠᠤᠯᠢ ᠳᠦᠷᠢᠮ  ᠤᠨ ᠪᠠᠲᠤᠯᠠᠭ᠎ᠠ ᠬᠠᠩᠭᠠᠪᠠ᠃    ᠬᠤᠶᠠᠷ᠂ ᠤᠰᠤ ᠲᠠᠲᠠᠵᠤ ᠬᠡᠷᠡᠭᠯᠡᠬᠦ ᠶᠢ ᠪᠦᠷᠢᠳᠬᠡᠨ ᠵᠠᠳᠠᠯᠬᠤ ᠠᠵᠢᠯ ᠢ ᠥᠷᠨᠢᠭᠦᠯᠵᠦ᠂ ᠪᠦᠬᠦ ᠬᠤᠲᠠ ᠶᠢᠨ ᠤᠰᠤ ᠲᠠᠲᠠᠵᠤ ᠬᠡᠷᠡᠭᠯᠡᠬᠦ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠎ᠠ    ᠳᠡᠭᠡᠷ᠎ᠡ ᠬᠠᠭᠠᠰ ᠵᠢᠯ ᠤᠨ ᠤᠰᠤ ᠲᠠᠲᠠᠵᠤ ᠬᠡᠷᠡᠭᠯᠡᠬᠦ ᠶᠢ ᠪᠦᠷᠢᠳᠬᠡᠨ ᠵᠠᠳᠠᠯᠬᠤ ᠠᠵᠢᠯ ᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠮᠠᠨ ᠤ ᠬᠤᠲᠠ ᠶᠢᠨ ᠳᠡᠭᠡᠷ᠎ᠡ ᠬᠠᠭᠠᠰ ᠵᠢᠯ ᠤᠨ ᠡᠯ᠎ᠡ ᠵᠠᠰᠠᠭ ᠵᠠᠬᠢᠷᠭᠠᠨ ᠤ ᠣᠷᠣᠨ ᠪᠦᠰᠡ᠂ ᠡᠯ᠎ᠡ ᠤᠰᠤᠨ ᠤ ᠡᠬᠢ ᠰᠤᠷᠪᠤᠯᠵᠢ ᠶᠢᠨ ᠲᠥᠷᠥᠯ ᠬᠡᠯᠪᠡᠷᠢ᠂ ᠡᠯ᠎ᠡ ᠤᠰᠤ ᠲᠠᠲᠠᠵᠤ ᠬᠡᠷᠡᠭᠯᠡᠬᠦ ᠶᠢᠨ ᠤᠰᠤ ᠲᠠᠲᠠᠵᠤ ᠬᠡᠷᠡᠭᠯᠡᠬᠦ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠦᠬᠦ ᠵᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ  ᠶᠢ ᠵᠠᠳᠠᠯᠤᠨ ᠲᠥᠰᠦᠭᠡᠯᠡᠨ᠎ᠡ᠃ ᠪᠦᠷᠢᠳᠬᠡᠯ ᠢ ᠦᠨᠳᠦᠰᠦᠯᠡᠪᠡᠯ᠂ 2022 ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠣᠷᠣᠨ ᠪᠦᠰᠡ ᠬᠤᠪᠢᠶᠠᠭᠰᠠᠨ᠂ ᠤᠰᠤᠨ ᠰᠤᠷᠪᠤᠯᠵᠢ ᠬᠤᠪᠢᠶᠠᠭᠰᠠᠨ᠂ ᠬᠡᠷᠡᠭᠴᠡᠭᠡ ᠬᠤᠪᠢᠶᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠴᠥᠮ ᠲᠣᠭᠲᠠᠭᠠᠭᠰᠠᠨ ᠬᠠᠭᠠᠰ ᠵᠢᠯ ᠤᠨ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠠᠴᠠ ᠬᠡᠲᠦᠷᠡᠭᠰᠡᠨ ᠥᠬᠡᠶ᠃ ᠠᠩᠬ᠎ᠠ ᠠᠯᠬᠤᠮ ᠤᠨ ᠵᠢᠱᠢᠯᠲᠡ ᠪᠠᠷ᠂ ᠳᠡᠭᠡᠷ᠎ᠡ ᠬᠠᠭᠠᠰ ᠵᠢᠯ  ᠳᠤ ᠮᠠᠨ ᠤ ᠬᠤᠲᠠ ᠶᠢᠨ ᠲᠦᠮᠡᠨ ᠲᠥᠭᠦᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ  ᠤᠨ ᠤᠰᠤ ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠴᠥᠮ ᠡᠳᠦᠶ ᠲᠡᠳᠦᠶ ᠪᠠᠭᠤᠷᠠᠪᠠ᠃    ᠭᠤᠷᠪᠠ᠂ ᠤᠰᠤᠨ ᠤ ᠡᠬᠢ ᠰᠤᠷᠪᠤᠯᠵᠢ ᠶᠢ ᠲᠥᠯᠥᠪᠯᠡᠨ ᠬᠠᠮᠢᠶᠠᠷᠬᠤ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠭᠠᠷᠠᠭᠤᠯᠵᠤ᠂ ᠠᠵᠢᠯ ᠲᠥᠷᠥᠯ ᠤᠨ ᠤᠰᠤ ᠶᠢ ᠠᠷᠪᠢᠯᠠᠨ ᠬᠡᠷᠡᠭᠯᠡᠬᠦ ᠶᠢ ᠲᠦᠯᠬᠢᠨ ᠠᠬᠢᠭᠤᠯᠤᠨ᠎ᠠ    2021 ᠣᠨ ᠤ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠭᠰᠡᠨ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠤᠰᠤᠨ ᠶᠠᠪᠤᠳᠠᠯ ᠤᠨ ᠲᠣᠪᠴᠢᠶ᠎ᠠ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠭᠰᠡᠨ ᠰᠢᠯᠲᠠᠭᠠᠨ ᠢ ᠵᠠᠳᠠᠯᠵᠤ᠂ ᠠᠵᠤ ᠠᠬᠤᠶᠢᠯᠠᠯ ᠢ ᠵᠢᠯᠣᠭᠤᠳᠤᠨ ᠤᠰᠤ ᠬᠡᠷᠡᠭᠯᠡᠬᠦ ᠳᠤᠲᠠᠭᠤᠳᠠᠯ ᠢ ᠭᠦᠶᠴᠡᠳ ᠨᠥᠬᠦᠪᠥᠷᠢᠯᠡᠵᠦ᠂ ᠤᠰᠤ ᠠᠪᠴᠤ ᠬᠡᠷᠡᠭᠯᠡᠬᠦ ᠲᠥᠯᠥᠪᠯᠡᠭᠡ ᠶᠢᠨ ᠬᠠᠮᠢᠶᠠᠷᠤᠯᠲᠠ ᠪᠠ ᠲᠣᠭᠲᠠᠭᠰᠠᠨ ᠲᠣᠭᠠᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠤᠰᠤᠨ ᠤ ᠡᠬᠢ ᠰᠤᠷᠪᠤᠯᠵᠢ ᠶᠢ ᠨᠠᠷᠢᠯᠢᠭ ᠪᠤᠳᠤᠵᠤ ᠰᠠᠶᠢᠲᠤᠷ ᠬᠡᠷᠡᠭᠯᠡᠪᠡ᠃ ᠡᠭᠦᠨ ᠤ ᠬᠠᠮᠲᠤ᠂ ᠠᠵᠤ ᠠᠬᠤᠶᠢᠯᠠᠯ ᠳᠤ ᠬᠠᠮᠤᠭ ᠤᠨ ᠰᠢᠨ᠎ᠡ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠲᠦᠷᠢᠮ ᠪᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠤᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠰᠤᠨ ᠤ ᠡᠷᠬᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ ᠤᠰᠤ ᠠᠷᠪᠢᠯᠠᠬᠤ ᠬᠡᠮᠵᠢᠶ᠎ᠡ ᠶᠢ ᠰᠢᠯᠵᠢᠭᠦᠯᠦᠨ ᠥᠭᠴᠦ ᠂ ᠮᠠᠨ ᠤ ᠬᠤᠲᠠ ᠶᠢᠨ ᠤᠰᠤᠨ ᠤ ᠡᠬᠢ ᠰᠤᠷᠪᠤᠯᠵᠢ ᠶᠢ ᠠᠮᠢᠳᠤᠯᠢᠭ ᠪᠣᠯᠭᠠᠨ᠎ᠠ᠃ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠲᠠᠢ ᠬᠤᠯᠪᠣᠭᠠᠯᠠᠨ ᠪᠥᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ  ᠶᠢᠨ ᠤᠰᠤ ᠠᠷᠪᠢᠯᠠᠬᠤ ᠠᠵᠢᠯ ᠢ ᠬᠠᠮᠲᠤ ᠪᠠᠷ ᠠᠬᠢᠭᠤᠯᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤᠨ ᠤ ᠡᠬᠢ ᠰᠤᠷᠪᠤᠯᠵᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ ᠨᠡᠶᠢᠭᠡᠮ ᠤᠨ ᠤᠰᠤ ᠠᠷᠪᠢᠯᠠᠬᠤ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠨ᠎ᠠ᠃    ᠳᠥᠷᠪᠡ᠂ ᠭᠦᠨ ᠤᠰᠤ ᠠᠷᠪᠢᠯᠠᠵᠤ ᠤᠰᠤ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠤᠨ᠎ᠠ    ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠤᠳᠠ ᠶᠢᠨ ᠲᠤᠬᠤᠢ ᠲᠣᠭᠤᠷᠢᠭ ᠥᠨᠳᠥᠷ ᠪᠦᠲᠦᠮᠵᠢᠲᠡᠢ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠵᠦ᠂ ᠵᠢᠯ ᠪᠦᠷᠢ 287 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠠᠷᠪᠢᠯᠠᠵᠤ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠴᠢᠶᠠᠨ ᠯᠢ ᠱᠠᠨ ᠪᠠᠯᠭᠠᠰᠤ ᠲᠠᠷᠢᠶᠠᠯᠠᠬᠤ ᠪᠠᠨ ᠵᠣᠭᠰᠣᠬᠤ ᠪᠠ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠳᠠ ᠬᠢᠬᠦ  ᠪᠠᠷ ᠲᠠᠮᠵᠢᠨ 18.2 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠣᠯᠤᠨ᠎ᠠ᠃ ᠬᠠᠶᠢᠨᠠᠨ ᠲᠣᠭᠤᠷᠢᠭ 1083 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠲᠥᠯᠥᠪᠯᠡᠵᠦ᠂ ᠣᠲᠣ ᠨᠢᠭᠡᠨᠲᠡ 500 ᠮᠥ ᠪᠥᠲᠥᠭᠡᠨ ᠪᠠᠶᠢᠭᠤᠯᠵᠤ᠂ ᠵᠢᠱᠢᠯᠲᠡ ᠪᠠᠷ 23.86 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠣᠯᠤᠨ᠎ᠠ᠃ ᠠᠵᠤ ᠦᠶᠯᠡᠳᠪᠦᠷᠢ ᠶᠢᠨ ᠤᠰᠤ ᠠᠷᠪᠢᠯᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ ᠲᠠᠯ᠎ᠠ ᠪᠠᠷ᠂ ᠨᠢᠭᠡᠨᠲᠡ 4 ᠡᠷᠦᠬᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 188 . 7 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠪᠠ᠃ ᠬᠡᠦᠷᠰᠢᠭᠦᠯᠬᠦ ᠠᠵᠤ ᠦᠶᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠪᠠ ᠬᠠᠭᠤᠷᠠᠶ ᠠᠷᠭ᠎ᠠ ᠪᠠᠷ ᠬᠡᠦᠷᠰᠢᠭᠦᠯᠬᠦ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ᠠᠭᠠᠷ ᠢᠶᠠᠷ ᠬᠥᠷᠥᠭᠡᠬᠦ ᠮᠡᠷᠭᠡᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠢᠱᠢᠯᠲᠡ  ᠪᠠᠷ 2025 ᠣᠨ ᠪᠣᠯᠬᠤ ᠳᠤ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠪᠦᠷᠢ 2000 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ ᠪᠣᠯᠤᠨ᠎ᠠ᠃ ᠠᠮᠢ ᠠᠬᠤᠶ ᠶᠢᠨ ᠨᠣᠭᠤᠭᠠᠷᠠᠭᠤᠯᠤᠯᠲᠠ  ᠶᠢᠨ ᠤᠰᠤᠨ ᠤ ᠬᠡᠮᠵᠢᠶ᠎ᠡ ᠪᠠᠷ ᠬᠢᠬᠦ ᠲᠠᠯ᠎ᠠ ᠪᠠᠷ᠂ ᠳᠡᠭᠡᠷ᠎ᠡ ᠬᠠᠭᠠᠰ ᠵᠢᠯ ᠠᠴᠠ ᠣᠲᠣ ᠪᠣᠯᠲᠠᠯ᠎ᠠ᠂ ᠠᠮᠢ ᠠᠬᠤᠶ ᠶᠢᠨ ᠤᠰᠤ ᠨᠥᠬᠦᠪᠥᠷᠢᠯᠡᠬᠦ ᠭᠦᠶᠴᠡᠳᠬᠡᠯ ᠲᠤᠭ᠎ᠠ ᠶᠢ 6540 ᠲᠦᠮᠡᠨ ᠪᠣᠰᠤᠭ᠎ᠠ ᠳᠥᠷᠪᠡᠯᠵᠢᠨ ᠮᠧᠲᠷ ᠤᠯᠬᠤ ᠪᠠᠷ ᠢᠳᠡᠪᠬᠢᠲᠡᠶ ᠴᠢᠷᠮᠠᠶᠢᠵᠤ᠂ ᠠᠮᠢ ᠠᠬᠤᠶ ᠶᠢᠨ ᠤᠰᠤ ᠬᠡᠷᠡᠭᠯᠡᠬᠦ ᠪᠠᠴᠢᠮ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠠᠬᠢᠭᠤᠯᠪᠠ᠃ ᠬᠤᠲᠠ ᠬᠥᠳᠡᠭᠡ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠲᠠᠯ᠎ᠠ ᠪᠠᠷ᠂ 2022 ᠣᠨ ᠤ ᠳᠡᠭᠡᠷ᠎ᠡ ᠬᠠᠭᠠᠰ ᠵᠢᠯ ᠳᠤ ᠤᠰᠤ ᠬᠠᠩᠭᠠᠬᠤ ᠺᠣᠮᠫᠠᠨᠢ ᠨᠢᠭᠡᠨᠲᠡ ᠬᠤᠭᠤᠯᠠᠶ ᠶᠢᠨ ᠲᠣᠤᠷ ᠤᠨ ᠵᠢᠭᠰᠠᠭᠠᠨ ᠪᠠᠶᠢᠴᠠᠭᠠᠯᠲᠠ ᠶᠢ 410 ᠺᠢᠯᠣᠮᠧᠲᠷ ᠪᠡᠶᠡᠯᠡᠭᠦᠯᠵᠦ᠂ ᠬᠤᠭᠤᠯᠠᠶ ᠶᠢᠨ ᠲᠣᠤᠷ ᠤᠨ ᠬᠠᠮᠠᠭᠠᠯᠠᠯᠲᠠ ᠶᠢ ᠴᠠᠭ ᠲᠤᠬᠠᠶ ᠳᠤᠨᠢ ᠬᠢᠵᠦ᠂ ᠬᠠᠷᠢᠶᠠᠨ ᠳᠠᠬᠢ ᠲᠣᠤᠷ ᠤᠨ ᠭᠤᠭᠤᠵᠢᠵᠤ ᠬᠤᠬᠢᠷᠠᠬᠤ ᠨᠣᠷᠮ᠎ᠠ ᠶᠢ ᠦᠨᠳᠦᠰᠦᠨ ᠳᠡᠭᠡᠨ 10 % ᠳᠣᠲᠣᠷ᠎ᠠ ᠬᠢᠵᠠᠭᠠᠷᠯᠠᠪᠠ᠃ ᠡᠩ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠲᠠᠯ᠎ᠠ ᠪᠠᠷ᠂ ᠬᠠᠶᠢᠨᠠᠨ ᠲᠣᠭᠤᠷᠢᠭ ᠤᠨ ᠪᠠᠶᠠᠨᠲᠣᠬᠤᠶ ᠶᠢᠨ ᠡᠩ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠲᠥᠷᠥᠯ ᠵᠦᠶᠯ ᠪᠠ ᠤᠳᠠ ᠶᠢᠨ ᠲᠣᠬᠤᠶ ᠲᠣᠭᠤᠷᠢᠭ ᠤᠨ ᠤᠯᠠᠭᠠᠨᠮᠥ᠋ᠴᠢᠷ ᠤᠨ ᠱᠣᠷᠪᠣᠭᠯᠢᠭ ᠤᠰᠤᠨ ᠤ ᠡᠬᠢ ᠰᠤᠷᠪᠤᠯᠵᠢ ᠶᠢ ᠠᠰᠢᠭᠯᠠᠬᠤ ᠲᠥᠷᠥᠯ ᠵᠦᠶᠯ ᠢ ᠬᠡᠷᠡᠭᠵᠢᠭᠦᠯᠵᠦ᠂ ᠵᠢᠱᠢᠯᠲᠡ ᠪᠠᠷ ᠡᠩ ᠤᠨ ᠪᠤᠰᠤ ᠤᠰᠤᠨ ᠤ ᠡᠬᠢ ᠰᠤᠷᠪᠤᠯᠵᠢ ᠶᠢ 2000 ᠲᠦᠮᠡᠨ ᠪᠣᠰᠤᠭ᠎ᠠ ᠳᠥᠷᠪᠡᠯᠵᠢᠨ ᠮᠧᠲᠷ  ᠠᠴᠠ ᠳᠡᠭᠡᠭᠰᠢ ᠮᠠᠯᠲᠠᠵᠤ ᠪᠣᠯᠤᠨ᠎ᠠ᠃ ᠮᠠᠨ ᠤ ᠬᠤᠲᠠ ᠨᠢᠭᠡᠨᠲᠡ ᠪᠦᠬᠦ ᠤᠯᠤᠰ ᠠᠴᠠ ᠳᠠᠬᠢᠯᠲᠠ ᠤᠰᠤᠨ ᠤ ᠠᠰᠢᠭᠯᠠᠯᠲᠠ ᠶᠢᠨ ᠲᠤᠷᠰᠢᠯᠲᠠ ᠶᠢᠨ ᠬᠤᠲᠠ ᠪᠣᠯᠬᠤ ᠪᠠᠷ ᠮᠡᠳᠡᠭᠦᠯᠪᠡ᠃ ᠲᠠᠷᠠᠭᠠᠴᠢ ᠶᠢᠨ ᠠᠯᠬᠤᠮ ᠳᠤ᠂《ᠪᠣᠬᠢᠷ ᠤᠰᠤ ᠰᠢᠶᠳᠪᠦᠷᠢᠯᠡᠬᠦ ᠦᠶᠯᠡᠳᠪᠦᠷᠢ + ᠠᠵᠤ ᠠᠬᠤᠶᠢᠯᠠᠯ 》 ᠤᠨ《ᠴᠡᠭ ᠬᠠᠷᠠᠭᠠᠯᠵᠠᠭᠤᠯᠤᠭᠰᠠᠨ》ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ ᠢ ᠪᠠᠶᠢᠭᠤᠯᠵᠤ᠂《ᠭᠤᠷᠪᠠᠨ ᠣᠷᠣᠨ ᠨᠢᠭᠡ ᠬᠦᠷᠢᠶᠡᠯᠡᠩ ᠣᠯᠠᠨ ᠴᠡᠭ  ᠲᠠᠢ》ᠦᠬᠠᠶ ᠬᠤᠲᠠ ᠶᠢᠨ ᠳᠠᠬᠢᠯᠲᠠ ᠤᠰᠤ ᠶᠢ ᠠᠰᠢᠭᠯᠠᠬᠤ ᠪᠠᠶᠢᠷᠢᠰᠢᠭᠤᠯᠤᠯᠲᠠ ᠶᠢ ᠪᠠᠶᠢᠭᠤᠯᠵᠤ᠂ ᠵᠢᠱᠢᠯᠲᠡ ᠪᠠᠷ ᠵᠢᠯ ᠳᠤ 3300 ᠲᠦᠮᠡᠨ ᠪᠣᠰᠤᠭ᠎ᠠ ᠳᠥᠷᠪᠡᠯᠵᠢᠨ ᠮᠧᠲᠷ ᠳᠠᠬᠢᠯᠲᠠ ᠤᠰᠤ ᠶᠢ ᠠᠰᠢᠭᠯᠠᠬᠤ ᠪᠣᠯᠤᠨ᠎ᠠ᠃    ᠲᠠᠪᠤ᠂ ᠤᠰᠤ ᠠᠷᠪᠢᠯᠠᠬᠤ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ    ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠢ ᠢᠳᠡᠪᠬᠢᠲᠡᠢ ᠵᠣᠯᠭᠠᠭᠤᠯᠵᠤ᠂ ᠮᠠᠨ ᠤ ᠬᠤᠲᠠ ᠶᠢᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠬᠡᠷᠡᠭᠵᠢᠭᠦᠯᠬᠦ᠂ ᠤᠰᠤᠨ ᠤ ᠡᠬᠢ ᠰᠤᠷᠪᠤᠯᠵᠢ ᠶᠢ ᠠᠷᠪᠢᠲᠠᠢ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠠᠯ᠎ᠠ ᠶᠢᠨ ᠠᠵᠢᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠨ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠂ ᠡᠳᠦᠷ ᠲᠤᠲᠤᠮ ᠤᠨ ᠠᠵᠢᠯ ᠪᠠ ᠪᠤᠰᠤᠳ ᠴᠠᠭ ᠬᠤᠭᠤᠴᠠᠭ᠎ᠠ ᠶᠢᠨ ᠵᠠᠩᠭᠢᠶᠠᠰᠤ ᠳᠤ ᠰᠠᠭᠤᠷᠢᠯᠠᠨ᠂ ᠡᠯ᠎ᠡ ᠲᠥᠷᠥᠯ  ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠵᠤ᠂ ᠤᠰᠤ ᠠᠷᠪᠢᠯᠠᠬᠤ ᠤᠬᠠᠭᠤᠯᠭ᠎ᠠ ᠶᠢᠨ ᠵᠦᠶᠯ ᠢ ᠦᠶᠯᠡᠳᠦᠨ ᠲᠠᠷᠬᠠᠭᠠᠵᠤ᠂ ᠨᠡᠶᠢᠭᠡᠮ ᠨᠡᠶᠢᠲᠡ ᠳᠤ ᠤᠰᠤ ᠠᠷᠪᠢᠯᠠᠬᠤ ᠮᠡᠳᠡᠯᠭᠡ ᠪᠠ ᠣᠨᠣᠯᠵᠢᠬᠤᠨ ᠢ ᠲᠦᠭᠡᠮᠡᠯᠵᠢᠭᠦᠯᠦᠨ᠂ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠬᠤ ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ  ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠠᠶᠢᠨ ᠰᠠᠶᠢᠬᠠᠨ ᠠᠵᠢᠯ ᠤᠨ ᠪᠠᠶᠢᠳᠠᠯ ᠤᠨ ᠰᠠᠭᠤᠷᠢᠨ ᠳᠡᠭᠡᠷ᠎ᠡ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠦᠷᠭᠦᠯᠵᠢᠯᠡᠨ ᠪᠥᠬᠦ ᠲᠠᠯ᠎ᠠ ᠪᠠᠷ ᠬᠡᠷᠡᠭᠵᠢᠭᠦᠯᠵᠦ᠂《ᠳᠥᠷᠪᠡᠨ ᠤᠰᠤ ᠳᠥᠷᠪᠡᠨ ᠲᠣᠭᠲᠠᠭᠠᠯ 》 ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠦᠬᠠᠶ ᠶᠢᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃ 
 
ᠢᠷᠡᠯᠲᠡ᠄ ᠦᠬᠠᠶ ᠬᠤᠲᠠ ᠶᠢᠨ ᠤᠰᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号