ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/1/17
  ᠲᠥᠪ ᠲᠧᠯᠸᠢᠰ ᠤᠨ ᠮᠡᠳᠡᠭᠡ ︵ᠰᠣᠨᠢᠨ ᠮᠡᠳᠡᠭᠡᠨ ᠤ ᠨᠡᠪᠲᠡᠷᠡᠭᠦᠯᠭᠡ︶᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ  ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃  ︽ᠰᠠᠨᠠᠯ︾ ᠳᠤ ᠤᠰᠤ ᠰᠢᠷᠣᠶ ᠶᠢ ᠬᠠᠮᠠᠭᠠᠯᠠᠬᠤ ᠪᠣᠯ ᠭᠤᠤᠯ ᠮᠥᠷᠡᠨ ᠢ ᠬᠠᠮᠠᠭᠠᠯᠠᠨ ᠵᠠᠰᠠᠬᠤ ᠦᠨᠳᠦᠰᠦᠨ ᠠᠷᠭ᠎ᠠ ᠬᠡᠮᠵᠢᠶ᠎ᠡ ᠮᠥᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠠᠮᠢ ᠠᠬᠤᠶ ᠶᠢ ᠲᠡᠷᠢᠭᠦᠨ ᠳᠤ ᠪᠣᠳᠣᠯᠬᠢᠯᠠᠵᠤ᠂ ᠬᠠᠮᠠᠭᠠᠯᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠰᠢᠰᠲ᠋ᠧᠮ  ᠲᠠᠢ ᠵᠠᠰᠠᠬᠤ᠂ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ ᠭᠡᠵᠦ ᠵᠢᠭᠠᠨ ᠭᠠᠷᠭᠠᠵᠠᠢ᠃  ︽ᠰᠠᠨᠠᠯ︾ ᠳᠤ ᠳᠤᠷᠠᠳᠤᠭᠰᠠᠨ ᠭᠤᠤᠯ ᠬᠠᠷᠠᠯᠲᠠ ᠪᠣᠯ 2025 ᠣᠨ ᠪᠣᠯᠬᠤ ᠳᠤ᠂ ᠤᠰᠤ ᠰᠢᠷᠣᠶ ᠶᠢ ᠬᠠᠮᠠᠭᠠᠯᠠᠬᠤ ᠪᠠᠶᠢᠭᠤᠯᠤᠯ ᠲᠤᠭᠳᠠᠴᠠ ᠪᠠ ᠠᠵᠢᠯ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠰᠢᠷᠣᠶ ᠶᠢᠨ ᠵᠣᠷᠢᠭᠤᠳᠠ ᠶᠢᠨ ᠢᠳᠡᠭᠳᠡᠯ ᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠭᠤᠤᠯᠳᠠᠯᠭ᠎ᠠ ᠲᠠᠢ ᠭᠠᠵᠠᠷ ᠣᠷᠣᠨ ᠤ ᠤᠰᠤ ᠰᠢᠷᠣᠶ ᠶᠢᠨ ᠢᠳᠡᠭᠳᠡᠯ ᠢ ᠪᠦᠲᠦᠮᠵᠢᠲᠡᠶ ᠵᠠᠰᠠᠵᠤ᠂ ᠤᠰᠤ ᠰᠢᠷᠣᠶ ᠶᠢᠨ ᠢᠳᠡᠭᠳᠡᠯ ᠤᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠪᠥᠬᠦ ᠤᠯᠤᠰ ᠤᠨ ᠤᠰᠤ ᠰᠢᠷᠣᠶ ᠶᠢ ᠬᠠᠮᠠᠭᠠᠯᠠᠬᠤ ᠨᠣᠷᠮ᠎ᠠ ᠶᠢ 73 % ᠳᠤ ᠬᠦᠷᠭᠡᠨ᠎ᠡ᠃ 2035 ᠣᠨ ᠪᠣᠯᠬᠤ ᠳᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠰᠲ᠋ᠧᠮᠵᠢᠭᠰᠡᠨ ᠥᠨᠳᠥᠷ ᠪᠦᠲᠦᠮᠵᠢᠲᠡᠶ ᠤᠰᠤ ᠰᠢᠷᠣᠶ ᠶᠢ ᠬᠠᠮᠠᠭᠠᠯᠠᠬᠤ ᠪᠠᠶᠢᠭᠤᠯᠤᠯ ᠲᠤᠭᠳᠠᠴᠠ ᠶᠢ ᠪᠥᠬᠦ ᠲᠠᠯ᠎ᠠ ᠪᠠᠷ ᠪᠦᠷᠢᠯᠳᠦᠭᠦᠯᠵᠦ᠂ ᠤᠰᠤ ᠰᠢᠷᠣᠶ ᠶᠢᠨ ᠵᠣᠷᠢᠭᠤᠳᠠ ᠶᠢᠨ ᠢᠳᠡᠭᠳᠡᠯ  ᠶᠢ ᠪᠥᠬᠦ ᠲᠠᠯ᠎ᠠ ᠪᠠᠷ ᠬᠢᠵᠠᠭᠠᠷᠯᠠᠵᠤ᠂ ᠭᠤᠤᠯᠳᠠᠯᠭ᠎ᠠ ᠲᠠᠢ ᠭᠠᠵᠠᠷ ᠣᠷᠣᠨ ᠤ ᠤᠰᠤ ᠰᠢᠷᠣᠶ ᠶᠢᠨ ᠢᠳᠡᠭᠳᠡᠯ ᠢ ᠪᠥᠬᠦ ᠲᠠᠯ᠎ᠠ ᠪᠠᠷ ᠵᠠᠰᠠᠵᠤ᠂ ᠪᠥᠬᠦ ᠤᠯᠤᠰ ᠤᠨ ᠤᠰᠤ ᠰᠢᠷᠣᠶ ᠶᠢ ᠬᠠᠮᠠᠭᠠᠯᠠᠬᠤ ᠨᠣᠷᠮ᠎ᠠ ᠶᠢ 75 % ᠳᠤ ᠬᠦᠷᠦᠭᠦᠯᠵᠦ᠂ ᠠᠮᠢ ᠠᠬᠤᠶ ᠶᠢᠨ ᠰᠢᠰᠲ᠋ᠧᠮ ᠤᠨ ᠤᠰᠤ ᠰᠢᠷᠣᠶ ᠶᠢ ᠬᠠᠮᠠᠭᠠᠯᠠᠬᠤ ᠴᠢᠳᠠᠮᠵᠢ ᠶᠢ ᠢᠯᠡᠳᠲᠡ ᠴᠢᠩᠭᠠᠷᠠᠭᠤᠯᠤᠨ᠎ᠠ᠃ 
 
ᠢᠷᠡᠯᠲᠡ᠄ ᠲᠥᠪ ᠲᠧᠯᠸᠢᠰ ᠦᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号