S204 ᠱᠤᠭᠤᠮ ᠤᠨ ᠬᠤᠤ ᠷᠤᠤ ᠱᠠᠨ ︵ᠬᠢᠩᠭᠠᠨ ᠬᠦᠬᠡᠬᠤᠲᠠ ᠶᠢᠨ ᠵᠠᠭᠠᠭ ︶᠎ ᠠᠴᠠ ᠴᠠᠷᠠᠰᠤᠨ ᠬᠦᠷᠬᠦ ᠵᠠᠰᠠᠮᠠᠯ ᠵᠠᠮ ᠤᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/11
  ᠬᠡᠯᠬᠢᠶᠡᠰᠦᠨ ᠨᠣᠮᠧᠷ᠄ 000014348/2023-05418  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 62 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 27᠎ ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠮᠤᠵᠢ ᠶᠢᠨ ᠵᠠᠮ ᠤᠨ 204 ᠱᠤᠭᠤᠮ ᠤᠨ ᠬᠤᠤ ᠷᠤᠤ ᠱᠠᠨ ᠠᠴᠠ ᠴᠠᠷᠠᠰᠤᠨ ᠬᠥᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 14᠎ ᠤ ᠡᠳᠦᠷ ᠲᠠᠨ ᠤ ᠨᠢᠭᠡᠴᠢ ᠶᠢᠨ ᠳᠤᠷᠠᠳᠤᠭᠰᠠᠨ S204 ᠱᠤᠭᠤᠮ ᠤᠨ ᠬᠤᠤ ᠷᠤᠤ ᠱᠠᠨ ︵ᠬᠢᠩᠭᠠᠨ ᠬᠥᠬᠡᠬᠤᠲᠠ ᠶᠢᠨ ᠵᠠᠭᠠᠭ︶᠎ ᠠᠴᠠ ᠴᠠᠷᠠᠰᠤᠨ ᠬᠥᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  S204 ᠱᠤᠭᠤᠮ ᠤᠨ ᠬᠤᠤ ᠷᠤᠤ ᠱᠠᠨ ︵ᠭᠢᠩᠭᠠᠨ ᠬᠥᠬᠡᠬᠤᠲᠠ ᠶᠢᠨ ᠵᠠᠭᠠᠭ︶᠎ ᠠᠴᠠ ᠴᠠᠷᠠᠰᠤᠨ ᠬᠥᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠬᠢᠩᠭᠠᠨ ᠠᠶᠢᠮᠠᠭ ᠤᠨ ᠵᠠᠯᠠᠶᠢᠳ ᠬᠤᠰᠢᠭᠤ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠵᠤ᠂ 2016 ᠣᠨ ᠤ 10 ᠳ᠋ᠤᠭᠠᠷ ᠰᠠᠷ᠎ᠠ ᠳᠤ ᠮᠠᠨ ᠤ ᠲᠢᠩᠬᠢᠮ ᠤᠨ ᠦᠪᠦᠷ ᠤᠰᠤᠨ ᠤ ᠬᠠᠮᠠᠭᠠᠯᠠᠯᠲᠠ ﹇ 2016﹈ 184 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠬᠠᠶᠠᠭᠳᠠᠮᠠᠯ ᠰᠢᠷᠣᠶ ᠶᠢᠨ ᠲᠠᠯᠠᠪᠠᠶ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠵᠡᠷᠭᠡ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠪᠦᠲᠦᠭᠡᠨ ᠪᠠᠶᠢᠭᠤᠯᠬᠤ ᠨᠢᠭᠡᠴᠢ ᠠᠴᠠ ᠲᠤᠰ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠲᠤᠰ ᠪᠠᠷᠢᠯᠭ᠎ᠠ ᠶᠢᠨ ᠱᠤᠭᠤᠮ ᠤᠨ ᠪᠦᠬᠦ ᠤᠷᠲᠤ ᠨᠢ 119.231 ᠺᠢᠯᠤᠮᠧᠲᠷ ᠪᠠᠶᠢᠵᠤ᠂ ᠵᠠᠮ ᠤᠨ ᠰᠠᠭᠤᠷᠢ ᠵᠢᠴᠢ ᠬᠤᠶᠠᠷ ᠬᠠᠵᠠᠭᠤ᠂ ᠳᠠᠭᠠᠯᠲᠠ ᠪᠡᠯᠡᠳᠬᠡᠮᠵᠢ᠂ ᠰᠢᠷᠣᠶ ᠠᠪᠬᠤ ᠭᠠᠵᠠᠷ᠂ ᠪᠠᠷᠢᠯᠭ᠎ᠠ ᠶᠢᠨ ᠭᠠᠵᠠᠷ᠂ ᠪᠠᠷᠢᠯᠭ᠎ᠠ ᠶᠢᠨ ᠳᠥᠭᠦᠮ ᠵᠠᠮ ᠵᠢᠴᠢ ᠴᠠᠬᠢᠯᠭᠠᠨ ᠬᠠᠩᠭᠠᠬᠤ ᠱᠤᠭᠤᠮ ᠵᠡᠷᠭᠡ ᠪᠠᠷ ᠪᠦᠷᠢᠯᠳᠦᠵᠡᠶ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠭᠰᠠᠨ ᠲᠠᠯᠠᠪᠠᠶ 284.40 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 561.51 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 7.29 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠷᠢᠯᠭ᠎ᠠ ᠶᠢ 2018 ᠣᠨ ᠤ 4 ᠳ᠋ᠦ᠋ᠭᠡᠷ ᠰᠠᠷ᠎ᠠ ᠳᠤ ᠡᠬᠢᠯᠡᠭᠦᠯᠵᠦ᠂ 2024 ᠣᠨ ᠤ 6 ᠳ᠋ᠤᠭᠠᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ ᠬᠤᠭᠤᠴᠠᠭ᠎ᠠ ᠨᠢ 75 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠡᠪᠴᠢᠶ᠎ᠡ ᠨᠢ 284.40 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ        97 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 98 %᠂ ᠣᠶ ᠮᠣᠳᠣ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 97 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 27 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠰᠦᠢᠳᠭᠡᠯ ᠢ 796.42 ᠲᠦᠮᠡᠨ ᠲᠥᠭᠦᠷᠢᠭ ︵ᠨᠢᠭᠡᠨᠲᠡ ᠲᠤᠰᠢᠶᠠᠪᠠ︶ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ        ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠤᠷ ᠲᠤ ᠲᠡᠭᠡᠭᠡᠪᠦᠷᠢᠯᠡᠨ ᠬᠦᠷᠭᠡᠵᠦ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ        ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠵᠠᠰᠠᠮᠠᠯ ᠵᠠᠮ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠯᠠᠶᠢᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠤᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ᠄  1 . S204 ᠱᠤᠭᠤᠮ ᠤᠨ ᠬᠤᠤ ᠷᠤᠤ ᠱᠠᠨ ︵ᠬᠢᠩᠭᠠᠨ ᠬᠥᠬᠡᠬᠤᠲᠠ ᠶᠢᠨ ᠵᠠᠭᠠᠭ︶᠎ ᠠᠴᠠ ᠴᠠᠷᠠᠰᠤᠨ ᠬᠥᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ︵ᠮᠡᠳᠡᠭᠦᠯᠦᠨ ᠵᠥᠪᠰᠢᠶᠡᠷᠡᠭᠦᠯᠬᠦ ᠨᠤᠤᠷᠠᠭ︶ . pdf  2 . ︽S204 ᠱᠤᠭᠤᠮ ᠤᠨ ᠬᠤᠤ ᠷᠤᠤ ᠱᠠᠨ ︵ᠬᠢᠩᠭᠠᠨ ᠬᠥᠬᠡᠬᠤᠲᠠ ᠶᠢᠨ ᠵᠠᠭᠠᠭ︶᠎ ᠠᠴᠠ ᠴᠠᠷᠠᠰᠤᠨ ᠬᠥᠷᠬᠦ ᠬᠡᠰᠡᠭ ᠤᠨ ᠵᠠᠰᠠᠮᠠᠯ ᠵᠠᠮ ᠤᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾᠎ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ . pdf                         2023 ᠣᠨ ᠤ 9 ᠳ᠋ᠦ᠋ᠭᠡᠷ ᠰᠠᠷ᠎ᠠ ᠶᠢᠨ 27᠎ ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
div>⺀Ù