ᠬᠡᠯᠬᠢᠶᠡᠰᠦᠨ ᠨᠣᠮᠧᠷ᠄ 000014348/2023-05420 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 64 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 06 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠤᠯᠠᠭᠠᠨᠬᠠᠳᠠ ᠶᠢᠨ ᠴᠠᠶ ᠬᠣ᠋ ᠯᠠᠨ ᠽᠢ ᠠᠯᠲᠠ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠄ | ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠲᠠᠨ ᠤ ᠺᠣᠮᠫᠠᠨᠢ ᠶᠢᠨ | ᠳᠤᠷᠠᠳᠤᠭᠰᠠᠨ ᠤᠯᠠᠭᠠᠨᠬᠠᠳᠠ ᠶᠢᠨ ᠴᠠᠶ ᠬᠤ᠋ ᠯᠠᠨ ᠽᠢ ᠠᠯᠲᠠᠨ ᠠᠭᠤᠷᠬᠠᠶ ᠶᠢᠨ ᠬᠢᠵᠠᠭᠠᠷᠲᠤ ᠺᠣᠮᠫᠠᠨᠢ ᠶᠢᠨ ᠴᠠᠶ ᠬᠤ᠋ | ᠯᠠᠨ ᠽᠢ ᠠᠭᠤᠷᠬᠠᠶ ᠶᠢᠨ ᠣᠷᠣᠨ ᠤ ᠠᠯᠲᠠᠨ ᠠᠭᠤᠷᠬᠠᠶ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ 27 ᠲᠦᠮᠡᠨ ᠲᠣᠨ | ᠠᠯᠲᠠᠨ ᠤ ᠬᠦᠳᠡᠷ ᠢ ᠰᠢᠯᠢᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ | ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ | ᠭᠦᠢᠴᠡᠳᠭᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ | ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ | ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃ | ᠤᠯᠠᠭᠠᠨᠬᠠᠳᠠ ᠶᠢᠨ ᠴᠠᠢ ᠬᠤ᠋ ᠯᠠᠨ ᠽᠢ ᠠᠯᠲᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠴᠠᠢ | ᠬᠤ᠋ ᠯᠠᠨ ᠽᠢ ᠠᠭᠤᠷᠬᠠᠢ ᠶᠢᠨ ᠲᠣᠭᠤᠷᠢᠭ ᠤᠨ ᠠᠯᠲᠠᠨ ᠠᠭᠤᠷᠬᠠᠢ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ 27 | ᠲᠦᠮᠡᠨ ᠲᠣᠨ ᠠᠯᠲᠠᠨ ᠤ ᠬᠦᠳᠡᠷ ᠢ ᠰᠢᠯᠢᠵᠦ ᠥᠷᠭᠡᠳᠬᠡᠨ ᠪᠠᠶᠢᠭᠤᠯᠬᠤ ᠲᠥᠷᠦᠯ ᠵᠦᠢᠯ ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠬᠢᠯᠢ ᠳᠤ ᠪᠤᠢ᠃ ᠲᠥᠷᠥᠯ ᠵᠦᠢᠯ ᠢ ᠥᠷᠭᠡᠳᠬᠡᠨ ᠪᠠᠶᠢᠭᠤᠯᠤᠭᠰᠠᠨ ᠤ | ᠳᠠᠷᠠᠭ᠎ᠠ ᠵᠢᠯ ᠳᠤ 60 ᠲᠦᠮᠡᠨ ᠲᠣᠨ ᠠᠯᠲᠠᠨ ᠤ ᠬᠦᠳᠡᠷ ᠮᠠᠯᠲᠠᠵᠤ ᠰᠣᠩᠭᠤᠨ᠎ᠠ᠂ ᠥᠷᠭᠡᠳᠬᠡᠨ ᠪᠠᠶᠢᠭᠤᠯᠤᠭᠰᠠᠨ | ᠲᠥᠷᠥᠯ ᠵᠦᠢᠯ ᠨᠢ ᠨᠢᠭᠡᠨᠲᠡ ᠪᠠᠶᠢᠭ᠎ᠠ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠭᠤᠤᠯᠳᠠᠭᠤ 1 ᠳᠡᠳ᠋ | ᠬᠤᠳᠳᠤᠭ ᠵᠢᠴᠢ ᠲᠡᠭᠦᠨ ᠤ ᠠᠵᠤ ᠦᠢᠯᠡᠳᠪᠦᠷᠢ ᠶᠢᠨ ᠲᠠᠯᠠᠪᠤᠷ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠲᠥᠷᠥᠯ | ᠵᠦᠢᠯ ᠤᠨ ᠲᠠᠲᠠᠪᠤᠷᠢᠯᠠᠨ ᠡᠵᠡᠯᠡᠭᠰᠡᠨ ᠶᠡᠷᠦᠩᠬᠡᠶ ᠲᠠᠯᠠᠪᠠᠶ ᠨᠢ 1.45 ᠾᠧᠺᠲ᠋ᠠᠷ ᠪᠠᠶᠢᠵᠤ᠂ ᠰᠢᠷᠣᠶ ᠴᠢᠯᠠᠭᠤ ᠶᠢᠨ | ᠶᠡᠷᠦᠩᠬᠡᠶ ᠬᠡᠮᠵᠢᠶ᠎ᠡ ᠨᠢ 7.75 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠶᠡᠷᠦᠩᠬᠡᠶ ᠪᠠᠯᠠ | ᠣᠷᠣᠭᠤᠯᠤᠯᠲᠠ ᠨᠢ 1.27 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠷᠢᠯᠭ᠎ᠠ ᠶᠢ 2022 ᠣᠨ ᠤ 5 ᠳ᠋ᠤᠭᠠᠷ | ᠰᠠᠷ᠎ᠠ ᠳᠤ ᠡᠬᠢᠯᠡᠭᠦᠯᠵᠦ᠂ 2023 ᠣᠨ ᠤ 12 ᠳ᠋ᠤᠭᠠᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ | ᠪᠠᠷᠢᠯᠭ᠎ᠠ ᠶᠢᠨ ᠬᠤᠭᠤᠴᠠᠭ᠎ᠠ ᠨᠢ 20 ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃ | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠢᠷᠣᠶ | ᠴᠢᠯᠠᠭᠤ ᠶᠢᠨ ᠠᠭᠤᠯᠠᠷᠬᠠᠭ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃ | ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ | ᠵᠥᠪᠰᠢᠶᠡᠷᠡᠪᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ 95 %᠂ ᠤᠰᠤ ᠰᠢᠷᠤᠢ ᠶᠢᠨ ᠢᠳᠡᠭᠳᠡᠯ ᠢ | ᠬᠢᠵᠠᠭᠠᠷᠯᠠᠭᠰᠠᠨ ᠬᠠᠷᠢᠴᠠᠯ 1.0᠂ ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ 97 %᠂ ᠣᠢ ᠮᠣᠳᠣ | ᠡᠪᠡᠰᠦ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 97 %᠂ ᠣᠢ ᠮᠣᠳᠣ ᠡᠪᠡᠰᠦ ᠶᠢᠨ ᠪᠦᠷᠬᠦᠴᠡ ᠶᠢᠨ | ᠨᠣᠷᠮ᠎ᠠ 26 % ᠪᠣᠯᠤᠨ᠎ᠠ᠃ | ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ | ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ | ᠵᠥᠪᠰᠢᠶᠡᠷᠡᠬᠦ ᠬᠡᠷᠡᠭᠲᠡᠶ᠃ | ︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ | ᠰᠦᠢᠳᠬᠡᠯ ᠢ 2.465 ᠲᠦᠮᠡᠨ ᠲᠥᠭᠦᠷᠢᠭ ᠵᠥᠪᠰᠢᠶᠡᠷᠡᠨ᠎ᠡ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ | ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ | ᠬᠢᠵᠦ᠂ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠵᠦ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ | ᠴᠠᠭᠠᠵᠠᠯᠠᠨ᠎ᠠ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ | ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ | ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ | ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ | ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ | ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃ | ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ | ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠢᠶᠠᠨ | ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠶ᠃ ᠬᠠᠶᠠᠭᠳᠠᠮᠠᠯ ᠰᠢᠭᠠᠷᠤ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠴᠢᠬᠤᠯᠠᠲᠠᠢ ᠪᠤᠶᠤ ᠬᠠᠶᠠᠭᠳᠠᠮᠠᠯ | ᠰᠢᠭᠠᠷᠤ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠠᠴᠠ ᠪᠣᠯᠵᠤ ᠬᠠᠶᠠᠭᠳᠠᠮᠠᠯ ᠰᠢᠭᠠᠷᠤ ᠶᠢᠨ ᠲᠠᠯᠠᠪᠤᠷ ᠤᠨ ᠵᠡᠷᠭᠡ ᠳᠡᠰ ᠢ | ᠳᠡᠭᠡᠭᠰᠢᠯᠡᠭᠦᠯᠦᠭᠰᠡᠨ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠬᠠᠶᠠᠭᠳᠠᠮᠠᠯ ᠰᠢᠭᠠᠷᠤ ᠶᠢᠨ | ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠬᠡᠷᠡᠭᠲᠡᠢ ᠪᠥᠭᠡᠳ ᠬᠠᠶᠠᠭᠳᠠᠮᠠᠯ ᠰᠢᠭᠠᠷᠤ ᠶᠢᠨ | ᠬᠡᠮᠵᠢᠶ᠎ᠡ ᠶᠢ ᠪᠠᠭᠠᠰᠬᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠪᠠᠷᠢᠯᠭ᠎ᠠ ᠳᠠᠭᠤᠰᠴᠤ | ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ | ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ | ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ | ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ | ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ᠂ ᠲᠡᠭᠦᠨ ᠤ ᠠᠯᠪᠠᠨ ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ | ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ | ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ | ᠪᠣᠯᠬᠤ ᠦᠭᠡᠶ︔ ᠤᠰᠤ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ | ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ | ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠰᠢᠯᠭᠠᠨ ᠠᠪᠬᠤ ᠶᠢ ᠥᠩᠭᠡᠷᠡᠭᠡᠭᠰᠡᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ | ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ | ᠪᠣᠯᠬᠤ ᠦᠭᠡᠶ᠃ | ᠲᠠᠪᠤ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ | ᠤᠷᠢᠳᠠᠪᠠᠷ ᠪᠠᠶᠢᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ᠂ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ | ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠠᠭᠠᠨᠬᠠᠳᠠ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ | ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ | ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠳᠠᠭᠠᠯᠳᠤᠭᠤᠯᠤᠯ᠄ | 1 . ᠤᠯᠠᠭᠠᠨᠬᠠᠳᠠ ᠶᠢᠨ ᠴᠠᠶ ᠬᠤ᠋ ᠯᠠᠨ ᠽᠢ ᠠᠯᠲᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ | ᠴᠠᠶ ᠬᠤ᠋ ᠯᠠᠨ ᠽᠢ ᠠᠭᠤᠷᠬᠠᠶ ᠶᠢᠨ ᠲᠣᠭᠤᠷᠢᠭ ᠤᠨ ᠠᠯᠲᠠᠨ ᠠᠭᠤᠷᠬᠠᠶ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ 27 | ᠲᠦᠮᠡᠨ ᠲᠣᠨ ᠠᠯᠲᠠᠨ ᠤ ᠬᠦᠳᠡᠷ ᠢ ᠰᠢᠯᠢᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠤᠰᠤ ᠰᠢᠷᠤᠢ ᠶᠢ | ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ.pdf | 2 . ︽ᠤᠯᠠᠭᠠᠨᠬᠠᠳᠠ ᠬᠤᠲᠠ ᠶᠢᠨ ᠴᠠᠶ ᠬᠤ᠋ ᠯᠠᠨ ᠽᠢ ᠠᠯᠲᠠᠨ ᠠᠭᠤᠷᠬᠠᠶ ᠶᠢᠨ ᠦᠢᠯᠡᠰ ᠤᠨ ᠬᠢᠵᠠᠭᠠᠷᠲᠤ | ᠺᠣᠮᠫᠠᠨᠢ ᠶᠢᠨ ᠴᠠᠶ ᠬᠤ᠋ ᠯᠠᠨ ᠽᠢ ᠠᠭᠤᠷᠬᠠᠶ ᠶᠢᠨ ᠲᠣᠭᠤᠷᠢᠭ ᠤᠨ ᠠᠯᠲᠠᠨ ᠠᠭᠤᠷᠬᠠᠶ ᠶᠢᠨ ᠵᠢᠯ ᠳᠤ ᠰᠢᠨ᠎ᠡ ᠪᠠᠷ | ᠨᠡᠮᠡᠭᠳᠡᠭᠰᠡᠨ 27 ᠲᠦᠮᠡᠨ ᠲᠣᠨ ᠠᠯᠲᠠᠨ ᠤ ᠬᠦᠳᠡᠷ ᠢ ᠰᠢᠯᠢᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ | ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ. pdf | | 2023 ᠣᠨ ᠤ 10 ᠳ᠋ᠤᠭᠠᠷ ᠰᠠᠷ᠎ᠠ ᠶᠢᠨ 6 ᠤ ᠡᠳᠦᠷ | | |