ᠬᠡᠯᠬᠢᠶᠡᠰᠦᠨ ᠨᠣᠮᠧᠷ᠄ 000014348/2023-05425 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 65 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 06 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠪᠠᠶᠢᠭᠤᠯᠭ᠎ᠠ ᠶᠢᠨ | ᠳᠤᠷᠠᠳᠤᠭᠰᠠᠨ ᠤᠯᠤᠰ ᠤᠨ ᠵᠠᠮ ᠤᠨ 331 ᠱᠤᠭᠤᠮ ᠤᠨ ᠦᠵᠦᠭᠦᠷ ᠠᠴᠠ ᠪᠸᠢ ᠶᠢᠨ ᠭᠧᠨ ᠬᠥᠷᠬᠦ ᠵᠠᠰᠠᠮᠠᠯ | ᠵᠠᠮ ᠤᠨ ᠢᠨᠵᠧᠨᠧᠷᠢᠩ ᠤᠨ ᠤᠷᠠᠳ ᠤᠨ ᠬᠤᠶᠢᠲᠤ ᠬᠤᠰᠢᠭᠤᠨ ᠤ ᠪᠠᠶᠠᠨᠴᠠᠭᠠᠨ ᠠᠴᠠ ᠪᠸᠢ ᠶᠢᠨ ᠭᠧᠨ ᠬᠥᠷᠬᠦ | ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ | ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ | ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ | ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ | ᠲᠣᠭᠲᠠᠪᠠ᠃ ᠤᠯᠤᠰ ᠤᠨ ᠵᠠᠮ ᠤᠨ 331 ᠱᠤᠭᠤᠮ ᠤᠨ ᠦᠵᠦᠭᠦᠷ ᠠᠴᠠ ᠪᠸᠢ ᠶᠢᠨ ᠭᠧᠨ ᠬᠥᠷᠬᠦ ᠵᠠᠰᠠᠮᠠᠯ | ᠵᠠᠮ ᠤᠨ ᠢᠨᠵᠧᠨᠧᠷᠢᠩ ᠤᠨ ᠤᠷᠠᠳ ᠤᠨ ᠬᠤᠶᠢᠲᠤ ᠬᠤᠰᠢᠭᠤᠨ ᠤ ᠪᠠᠶᠠᠨᠴᠠᠭᠠᠨ ᠠᠴᠠ ᠪᠸᠢ ᠶᠢᠨ ᠭᠧᠨ ᠬᠥᠷᠬᠦ | ᠬᠡᠰᠡᠭ ᠤᠨ ᠵᠠᠰᠠᠮᠠᠯ ᠵᠠᠮ ᠨᠢ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠬᠢᠯᠢ ᠳᠤ ᠪᠠᠶᠢᠷᠢᠯᠠᠵᠤ | ᠪᠣᠶ᠂ 2017 ᠣᠨ ᠤ 2 ᠳ᠋ᠤᠭᠠᠷ ᠰᠠᠷ᠎ᠠ ᠳᠤ᠂ ᠮᠠᠨ ᠤ ᠲᠢᠩᠬᠢᠮ ᠤᠨ ᠳᠣᠲᠣᠷᠠᠬᠢ ᠤᠰᠤᠨ ᠤ ᠬᠠᠮᠠᠭᠠᠯᠠᠯᠲᠠ ﹇ | 2017﹈ 19 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ | ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠰᠢᠷᠣᠶ | ᠠᠪᠬᠤ ︵ᠬᠠᠶᠠᠬᠤ︶ ᠲᠠᠯᠠᠪᠤᠷ ᠤᠨ ᠣᠷᠣᠨ ᠪᠠᠶᠢᠷᠢ ᠵᠢᠴᠢ ᠲᠤᠭ᠎ᠠ ᠬᠡᠮᠵᠢᠶ᠎ᠡ᠂ ᠤᠷᠭᠤᠮᠠᠯ ᠤᠨ ᠠᠷᠭ᠎ᠠ ᠬᠡᠮᠵᠢᠶ᠎ᠡ ᠶᠢᠨ | ᠲᠠᠯᠠᠪᠠᠶ᠂ ᠥᠩᠭᠡᠨ ᠬᠥᠷᠥᠰᠥ ᠶᠢ ᠰᠠᠯᠭᠠᠬᠤ ᠬᠡᠮᠵᠢᠶ᠎ᠡ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ | ᠬᠤᠪᠢᠷᠠᠯᠲᠠ ᠪᠣᠯᠵᠤ᠂ ᠪᠦᠲᠦᠭᠡᠨ ᠪᠠᠶᠢᠭᠤᠯᠬᠤ ᠨᠢᠭᠡᠴᠢ ᠨᠢ ᠲᠤᠰ ᠤᠰᠤ ᠰᠢᠷᠤᠢ ᠶᠢ ᠬᠠᠮᠠᠭᠠᠯᠠᠬᠤ ᠲᠥᠰᠦᠯ ᠳᠤ | ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ | ᠮᠡᠳᠡᠭᠦᠯᠬᠦ ᠬᠡᠷᠡᠭᠲᠡᠶ᠃ ᠪᠠᠷᠢᠯᠭ᠎ᠠ ᠶᠢᠨ ᠱᠤᠭᠤᠮ ᠤᠨ ᠪᠦᠬᠦ ᠤᠷᠲᠤ ᠨᠢ 232.586 ᠺᠢᠯᠤᠮᠧᠲᠷ ᠪᠠᠶᠢᠵᠤ᠂ | ᠵᠠᠮ ᠤᠨ ᠰᠠᠭᠤᠷᠢ᠂ ᠬᠥᠭᠦᠷᠭᠡ᠂ ᠰᠢᠷᠣᠶ ᠠᠪᠬᠤ ︵ᠬᠠᠶᠠᠬᠤ︶ ᠲᠠᠯᠠᠪᠤᠷ᠂ ᠳᠠᠭᠠᠯᠲᠠ ᠪᠡᠯᠡᠳᠬᠡᠮᠵᠢ᠂ ᠪᠠᠷᠢᠯᠭ᠎ᠠ | ᠪᠠᠷᠢᠵᠤ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠪᠠᠷᠢᠯᠭ᠎ᠠ ᠪᠠᠷᠢᠬᠤ ᠳᠥᠭᠦᠮ ᠵᠠᠮ ᠵᠢᠴᠢ ᠴᠠᠬᠢᠯᠭᠠᠨ | ᠬᠠᠩᠭᠠᠬᠤ ᠱᠤᠭᠤᠮ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ | 627.05 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 607.02 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 9.36 ᠳ᠋ᠦᠩᠰᠢᠭᠤᠷ ᠲᠥᠭᠦᠷᠢᠭ ᠲᠤ | ᠬᠦᠷᠴᠦ᠂ ᠪᠠᠷᠢᠯᠭ᠎ᠠ ᠨᠢ 2018 ᠣᠨ ᠤ 8 ᠳ᠋ᠤᠭᠠᠷ ᠰᠠᠷ᠎ᠠ ᠳᠤ ᠡᠬᠢᠯᠡᠵᠦ᠂ 2021 ᠣᠨ ᠤ 12 ᠳ᠋ᠤᠭᠠᠷ | ᠰᠠᠷ᠎ᠠ ᠳᠤ ᠪᠠᠷᠢᠯᠭ᠎ᠠ ᠳᠠᠭᠤᠰᠴᠤ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 41 ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠡᠪᠴᠢᠶ᠎ᠡ ᠨᠢ 627.05 ᠾᠧᠺᠲ᠋ᠠᠷ ᠪᠣᠯᠤᠨ᠎ᠠ᠃ | | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ ᠡᠯᠡᠰᠦᠨ ᠤ | ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃ | ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ | ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ 82 %᠂ ᠤᠰᠤ ᠰᠢᠷᠤᠢ ᠶᠢᠨ ᠢᠳᠡᠭᠳᠡᠯ ᠢ | ᠬᠢᠵᠠᠭᠠᠷᠯᠠᠭᠰᠠᠨ ᠬᠠᠷᠢᠴᠠᠯ ᠨᠢ 0.8᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ ᠨᠢ 87 %᠂ | ᠬᠥᠷᠥᠰᠥᠨ ᠤ ᠭᠠᠳᠠᠷᠭᠤ ᠶᠢᠨ ᠬᠠᠮᠠᠭᠠᠯᠠᠯᠲᠠ ᠶᠢᠨ ᠨᠣᠷᠮ᠎ᠠ ᠨᠢ 90 %᠂ ᠣᠶ ᠡᠪᠡᠰᠦ ᠶᠢᠨ ᠤᠷᠭᠤᠮᠠᠯ ᠤᠨ | ᠬᠤᠴᠢᠯᠭ᠎ᠠ ᠶᠢᠨ ᠰᠡᠷᠭᠦᠭᠰᠡᠨ ᠨᠣᠷᠮ᠎ᠠ ᠨᠢ 90 %᠂ ᠣᠶ ᠡᠪᠡᠰᠦ ᠶᠢᠨ ᠪᠦᠷᠬᠦᠴᠡ ᠶᠢᠨ ᠨᠣᠷᠮ᠎ᠠ ᠨᠢ 15 % | ᠪᠣᠯᠤᠨ᠎ᠠ᠃ | ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃ | ︵ᠲᠠᠪᠤ︶ ᠰᠢᠭᠠᠷᠤ ᠬᠠᠶᠠᠬᠤ ᠲᠠᠯᠠᠪᠤᠷ ᠤᠨ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠵᠦ᠂ | ᠬᠤᠶᠢᠨᠠᠬᠢ ᠵᠢᠷᠤᠭ ᠲᠥᠯᠥᠪᠯᠡᠭᠡ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠰᠢᠭᠠᠷᠤ ᠬᠠᠶᠠᠬᠤ | ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠳᠠᠬᠢᠨ ᠬᠢᠨᠠᠵᠤ᠂ ᠰᠢᠭᠠᠷᠤ ᠬᠠᠶᠠᠬᠤ ᠲᠠᠯᠠᠪᠤᠷ ᠤᠨ | ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠦᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ | ᠵᠠᠷᠤᠳᠠᠯ ᠢ 1065.985 ᠲᠦᠮᠡᠨ ᠲᠥᠭᠦᠷᠢᠭ ︵ᠨᠢᠭᠡᠨᠲᠡ 47.77 ᠲᠦᠮᠡᠨ ᠲᠥᠭᠦᠷᠢᠭ ᠲᠤᠰᠢᠶᠠᠵᠠᠶ᠂ | ᠦᠯᠡᠳᠡᠭᠰᠡᠨ ᠢ ᠨᠢ 1018.215 ᠲᠦᠮᠡᠨ ᠲᠥᠭᠦᠷᠢᠭ ᠲᠤᠰᠢᠶᠠᠪᠠᠯ ᠵᠣᠬᠢᠨ᠎ᠠ︶ ᠲᠤᠰᠢᠶᠠᠬᠤ ᠶᠢ | ᠦᠨᠳᠦᠰᠦᠨ ᠳᠡᠭᠡᠨ ᠵᠥᠪᠰᠢᠶᠡᠷᠡᠪᠡ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ | ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ | ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ | ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ | ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ | ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ | ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ | ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ | ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ | ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ | ᠲᠣᠭᠲᠠᠭᠠᠯ ᠶᠣᠰᠣᠭᠠᠷ ᠮᠠᠨ ᠤ ᠲᠢᠩᠬᠢᠮ ᠬᠢᠭᠡᠳ ᠪᠠᠶᠠᠨᠨᠠᠭᠤᠷ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ | ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ | ᠲᠤᠰᠢᠶᠠᠨ᠎ᠠ᠃ | ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ | ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ | ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ | ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ | ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ | ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ | ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ | ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ | ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 | ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠤᠰᠤ ᠰᠢᠷᠣᠢ ᠶᠢ ᠬᠠᠮᠠᠭᠠᠯᠠᠬᠤ | ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ | ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃ | ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ | ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ | ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠨᠨᠠᠭᠤᠷ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ | ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ | ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠳᠠᠭᠠᠯᠳᠤᠭᠤᠯᠤᠯ᠄ 1 . ᠮᠡᠳᠡᠭᠦᠯᠦᠯᠲᠡ ᠶᠢᠨ ᠭᠤᠣᠯ ᠵᠣᠬᠢᠶᠠᠯ — ᠤᠯᠤᠰ ᠤᠨ ᠵᠠᠮ ᠤᠨ 306 | ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ .pdf | 2 . ︽ᠤᠯᠤᠰ ᠤᠨ ᠵᠠᠮ ᠤᠨ 306 ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ | ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ | ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ | ᠰᠠᠨᠠᠯ ᠤᠨ ᠲᠤᠬᠠᠶ ᠮᠡᠳᠡᠭᠦᠯᠦᠯᠲᠡ.pdf | 2023 ᠣᠨ ᠤ 10 ᠳ᠋ᠤᠭᠠᠷ ᠰᠠᠷ᠎ᠠ ᠶᠢᠨ 6 ᠤ ᠡᠳᠦᠷ | | |