ᠪᠠᠶᠠᠨᠴᠠᠭᠠᠨ ᠠᠴᠠ ᠶᠦᠩ ᠲᠠᠢ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/11
  ᠬᠡᠯᠬᠢᠶᠡᠰᠦᠨ ᠨᠣᠮᠧᠷ᠄ 000014348/2023-05419  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 63 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ    ᠥᠪᠥᠷ ᠮᠣᠩᠭᠤᠯ ᠤᠨ ᠾᠧᠩ ᠰᠢᠨ ᠵᠠᠰᠠᠮᠠᠯ ᠵᠠᠮ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 14 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠪᠠᠶᠠᠨᠴᠠᠭᠠᠨ ᠠᠴᠠ ᠶᠦᠩ ᠲᠠᠢ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃  ᠪᠠᠶᠠᠨᠴᠠᠭᠠᠨ ᠠᠴᠠ ᠶᠦᠩ ᠲᠠᠢ ᠬᠦᠷᠬᠦ ᠲᠦᠷᠭᠡᠨ ᠳᠠᠪᠬᠢᠬᠤ ᠵᠠᠰᠠᠮᠠᠯ ᠵᠠᠮ ᠤᠨ ᠲᠥᠷᠥᠯ ᠵᠦᠢᠯ ᠨᠢ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠵᠦᠸᠧᠽᠢ ᠰᠢᠶᠠᠨ ᠤ ᠬᠢᠯᠢ ᠳᠤ ᠪᠠᠶᠢᠷᠢᠯᠠᠵᠤ᠂ 2011 ᠣᠨ 9 ᠳ᠋ᠦ᠋ᠭᠡᠷ ᠰᠠᠷ᠎ᠠ ᠳᠤ᠂ ᠮᠠᠨ ᠤ ᠲᠢᠩᠬᠢᠮ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2011﹈ 325 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠤᠰ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠬᠠᠶᠠᠭᠳᠠᠮᠠᠯ ᠰᠢᠷᠣᠶ ᠶᠢᠨ ᠲᠠᠯᠠᠪᠠᠶ ᠶᠢᠨ ᠣᠷᠣᠨ        ᠪᠠᠶᠢᠷᠢ᠂ ᠲᠤᠭ᠎ᠠ ᠬᠡᠮᠵᠢᠶ᠎ᠡ ᠳᠤ ᠬᠤᠪᠢᠷᠠᠯᠲᠠ ᠭᠠᠷᠴᠤ᠂ ᠴᠢᠬᠤᠯᠠ ᠶᠡᠭᠡ ᠬᠤᠪᠢᠷᠠᠯᠲᠠ ᠪᠣᠯᠵᠤ ᠪᠦᠷᠢᠯᠳᠦᠭᠰᠡᠨ ᠪᠣᠯ ᠪᠦᠲᠦᠭᠡᠨ ᠪᠠᠶᠢᠭᠤᠯᠬᠤ ᠨᠢᠭᠡᠴᠢ ᠠᠴᠠ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠲᠥᠷᠥᠯ ᠵᠦᠢᠯ ᠤᠨ ᠱᠤᠭᠤᠮ ᠤᠨ ᠪᠥᠬᠦ ᠣᠷᠳᠣ ᠨᠢ 93.985 ᠺᠢᠯᠣᠮᠧᠲᠷ ᠪᠠᠶᠢᠵᠤ᠂ ᠵᠠᠮ ᠤᠨ ᠰᠠᠭᠤᠷᠢ ᠵᠢᠴᠢ ᠬᠤᠶᠠᠷ ᠬᠠᠵᠠᠭᠤ ᠶᠢᠨ ᠪᠠᠷᠢᠯᠭ᠎ᠠ ᠶᠢᠨ ᠣᠷᠣᠨ᠂ ᠬᠥᠭᠦᠷᠭᠡᠨ ᠭᠤᠯᠳᠤᠩ ᠵᠢᠴᠢ ᠨᠦᠬᠡᠨ ᠵᠠᠮ ᠤᠨ ᠪᠠᠷᠢᠯᠭ᠎ᠠ ᠶᠢᠨ ᠣᠷᠣᠨ᠂ ᠰᠣᠯᠪᠢᠴᠠᠯ ᠪᠠᠷᠢᠯᠭ᠎ᠠ ᠶᠢᠨ ᠣᠷᠣᠨ᠂ ᠳᠠᠭᠠᠯᠲᠠ ᠲᠥᠬᠦᠭᠡᠷᠦᠮᠵᠢ ᠶᠢᠨ ᠣᠷᠣᠨ᠂ ᠪᠠᠷᠢᠯᠭ᠎ᠠ ᠶᠢᠨ ᠦᠢᠯᠡᠳᠪᠦᠷᠢᠯᠡᠯ ᠠᠮᠢᠳᠤᠷᠠᠯ ᠤᠨ ᠣᠷᠣᠨ᠂ ᠰᠢᠷᠣᠶ ᠬᠠᠶᠠᠬᠤ ᠲᠠᠯᠠᠪᠤᠷ ᠵᠢᠴᠢ ᠲᠦᠷ ᠴᠠᠭ ᠤᠨ ᠮᠠᠲ᠋ᠧᠷᠢᠶᠠᠯ ᠣᠪᠣᠭᠠᠯᠠᠬᠤ ᠲᠠᠯᠠᠪᠤᠷ᠂ ᠪᠠᠷᠢᠯᠭ᠎ᠠ ᠶᠢᠨ ᠲᠥᠬᠦᠮ ᠵᠠᠮ᠂ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠵᠦ᠂ ᠲᠥᠷᠥᠯ ᠵᠦᠢᠯ ᠤᠨ ᠶᠡᠷᠦᠩᠬᠡᠶ ᠲᠠᠲᠠᠪᠤᠷᠢᠯᠠᠭᠰᠠᠨ ᠲᠠᠯᠠᠪᠠᠶ ᠨᠢ 741.39 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 1404.09 ᠲᠦᠮᠡᠨ ᠪᠣᠰᠤᠭ᠎ᠠ ᠳᠥᠷᠪᠡᠯᠵᠢᠨ ᠮᠧᠲᠷ ᠲᠤ      ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 49.83 ᠳ᠋ᠦᠩᠰᠢᠭᠤᠷ ᠲᠥᠭᠦᠷᠢᠭ ᠲᠤ ᠬᠦᠷᠴᠡᠶ᠃ ᠲᠥᠷᠥᠯ ᠵᠦᠢᠯ ᠢ 2011 ᠣᠨ ᠤ 3 ᠳ᠋ᠤᠭᠠᠷ ᠰᠠᠷ᠎ᠠ ᠳᠤ ᠠᠵᠢᠯ ᠡᠬᠢᠯᠡᠭᠦᠯᠵᠦ᠂ 2015 ᠣᠨ ᠤ 11 ᠳ᠋ᠦ᠋ᠭᠡᠷ ᠰᠠᠷ᠎ᠠ ᠳᠤ ᠪᠥᠬᠦ ᠲᠠᠯ᠎ᠠ ᠪᠠᠷ ᠠᠵᠢᠯ ᠵᠣᠭᠰᠣᠭᠠᠵᠤ᠂ 2023 ᠣᠨ ᠤ 7 ᠳ᠋ᠤᠭᠠᠷ ᠰᠠᠷ᠎ᠠ ᠳᠤ ᠰᠢᠨ᠎ᠡ ᠪᠠᠷ ᠪᠥᠲᠥᠭᠡᠨ ᠪᠠᠶᠢᠭᠤᠯᠵᠤ᠂ 2025 ᠣᠨ ᠤ 6 ᠳ᠋ᠤᠭᠠᠷ ᠰᠠᠷ᠎ᠠ ᠳᠤ ᠠᠵᠢᠯ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ ᠬᠤᠭᠤᠴᠠᠭ᠎ᠠ ᠨᠢ 74 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ 741.39 ᠾᠧᠺᠲ᠋ᠠᠷ ᠢᠶᠠᠷ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ ᠡᠯᠡᠰᠦᠨ ᠤ ᠣᠷᠣᠨ ᠬᠢᠭᠡᠳ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠶᠢᠨ ᠣᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ 86 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠭᠰᠠᠨ ᠬᠠᠷᠢᠴᠠᠯ ᠨᠢ 0.8 ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ 89 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠭᠰᠡᠨ ᠨᠣᠷᠮ᠎ᠠ 93 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 22 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠤᠨ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠵᠦ᠂ ᠬᠤᠶᠢᠨᠠᠬᠢ ᠵᠢᠷᠤᠭ ᠲᠥᠯᠥᠪᠯᠡᠭᠡ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠰᠢᠭᠠᠷᠤ ᠬᠠᠶᠠᠬᠤ ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠳᠣᠲᠣᠯᠠᠵᠤ᠂ ᠰᠢᠭᠠᠷᠤ ᠬᠠᠶᠠᠬᠤ ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠥᠷᠢ 370.695 ᠲᠦᠮᠡᠨ ᠲᠥᠭᠦᠷᠢᠭ ︵ᠡᠭᠦᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 113.910 ᠲᠦᠮᠡᠨ ᠲᠥᠭᠦᠷᠢᠭ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 223.600 ᠲᠦᠮᠡᠨ ᠲᠥᠭᠦᠷᠢᠭ᠂ ᠵᠦᠸᠧᠽᠢ ᠰᠢᠶᠠᠨ ᠤ 33.185 ᠲᠦᠮᠡᠨ ᠲᠥᠭᠦᠷᠢᠭ︶ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠠᠶ ᠳᠤ ᠲᠡᠭᠡᠭᠡᠪᠦᠷᠢᠯᠡᠨ ᠬᠦᠷᠭᠡᠵᠦ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠤᠰᠤ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠵᠦᠸᠧᠽᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  1 . ᠮᠡᠳᠡᠭᠦᠯᠦᠨ ᠵᠥᠪᠰᠢᠶᠡᠷᠡᠭᠦᠯᠬᠦ ᠡᠬᠡ ᠪᠢᠴᠢᠭ — ᠪᠠᠶᠠᠨᠴᠠᠭᠠᠨ ᠠᠴᠠ ᠶᠦᠩ ᠲᠠᠢ ᠬᠥᠷᠬᠦ ᠬᠡᠰᠡᠭ ᠤᠨ ᠲᠦᠷᠭᠡᠨ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ . pdf   2 . ︽ᠪᠠᠶᠠᠨᠴᠠᠭᠠᠨ ᠠᠴᠠ ᠶᠦᠩ ᠲᠠᠢ ᠬᠥᠷᠬᠦ ᠬᠡᠰᠡᠭ ᠤᠨ ᠲᠦᠷᠭᠡᠨ ᠵᠠᠮ ᠤᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ. pdf                       2023 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号