306 ᠤᠯᠤᠰ ᠤᠨ ᠵᠠᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/11
    ᠬᠡᠯᠬᠢᠶᠡᠰᠦᠨ ᠨᠣᠮᠧᠷ᠄ 000014348/2023-05421  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 66 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 06 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  306 ᠤᠯᠤᠰ ᠤᠨ ᠵᠠᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠤᠯᠤᠰ ᠤᠨ ᠵᠠᠮ ᠤᠨ 306 ᠳ᠋ᠤᠭᠠᠷ ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃  306 ᠤᠯᠤᠰ ᠤᠨ ᠵᠠᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠨᠢ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠬᠢᠯᠢ ᠳᠤ ᠪᠠᠶᠢᠵᠤ᠂ 2015 ᠣᠨ ᠤ 4 ᠳ᠋ᠦ᠋ᠭᠡᠷ ᠰᠠᠷ᠎ᠠ ᠳᠤ ᠮᠠᠨ ᠤ ᠲᠢᠩᠬᠢᠮ ᠤᠨ ᠳᠣᠲᠣᠷᠠᠬᠢ ᠤᠰᠤ ᠶᠢ ᠬᠠᠮᠠᠭᠠᠯᠠᠬᠤ ﹇2015﹈ 63 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠴᠣᠬᠤᠯᠪᠣᠷᠢᠯᠠᠨ ᠬᠠᠷᠢᠭᠤᠯᠤᠭᠰᠠᠨ ᠪᠠᠶᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠠᠪᠬᠤ ︵ᠬᠠᠶᠠᠬᠤ︶ ᠲᠠᠯᠠᠪᠤᠷ ᠤᠨ ᠣᠷᠣᠨ ᠪᠠᠶᠢᠷᠢ ᠬᠢᠭᠡᠳ ᠲᠤᠭ᠎ᠠ ᠬᠡᠮᠵᠢᠶ᠎ᠡ ᠨᠢ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠪᠦᠲᠦᠭᠡᠨ ᠪᠠᠶᠢᠭᠤᠯᠬᠤ ᠨᠢᠭᠡᠴᠢ ᠨᠢ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠪᠠᠷᠢᠯᠭ᠎ᠠ ᠶᠢᠨ ᠭᠤᠤᠯ ᠱᠤᠭᠤᠮ ᠤᠨ ᠪᠥᠬᠦ ᠣᠷᠳᠣ ᠨᠢ 59.020 ᠺᠢᠯᠣᠮᠧᠲᠷ᠂ ᠬᠤᠯᠪᠣᠭᠰᠠᠨ ᠱᠤᠭᠤᠮ ᠤᠨ ᠣᠷᠳᠣ ᠨᠢ 1.3 ᠺᠢᠯᠣᠮᠧᠲᠷ ᠪᠠᠶᠢᠵᠤ᠂ ᠵᠠᠮ ᠤᠨ ᠰᠠᠭᠤᠷᠢ ᠵᠢᠴᠢ ᠬᠤᠶᠠᠷ ᠬᠠᠵᠠᠭᠤ᠂ ᠳᠠᠭᠠᠯᠲᠠ ᠪᠡᠯᠡᠳᠬᠡᠮᠵᠢ ᠶᠢᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠤᠷ᠂ ᠪᠠᠷᠢᠯᠭ᠎ᠠ ᠶᠢᠨ ᠠᠵᠢᠯ ᠤᠨ ᠲᠠᠯᠠᠪᠤᠷ᠂ ᠪᠠᠷᠢᠯᠭ᠎ᠠ ᠶᠢᠨ ᠠᠵᠢᠯ ᠤᠨ ᠲᠥᠬᠦᠮ ᠵᠠᠮ᠂ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠵᠦ᠂ ᠲᠠᠲᠠᠪᠤᠷᠢᠯᠠᠨ ᠡᠵᠡᠯᠡᠭᠰᠡᠨ ᠶᠡᠷᠦᠩᠬᠡᠶ ᠲᠠᠯᠠᠪᠠᠶ ᠨᠢ 417.98 ᠾᠧᠺᠲ᠋ᠠᠷ ᠪᠠᠶᠢᠵᠤ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 555.07 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 11.3 ᠳ᠋ᠦᠩᠰᠢᠭᠤᠷ ᠲᠥᠭᠦᠷᠢᠭ ᠲᠤ ᠬᠦᠷᠴᠡᠶ᠃ ᠢᠨᠵᠧᠨᠧᠷᠢᠩ ᠢ 2017 ᠣᠨ ᠤ 7 ᠳ᠋ᠤᠭᠠᠷ ᠰᠠᠷ᠎ᠠ ᠳᠤ ᠡᠬᠢᠯᠡᠭᠦᠯᠵᠦ᠂ 2020 ᠣᠨ ᠤ 12 ᠳ᠋ᠤᠭᠠᠷ ᠰᠠᠷ᠎ᠠ ᠳᠤ ᠳᠠᠭᠤᠰᠬᠠᠨ᠎ᠠ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 42 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠡᠪᠴᠢᠶ᠎ᠡ ᠨᠢ 417.98 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 85 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ 87 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 95 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 93 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 22 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠷᠢᠯᠠᠵᠤ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠦᠨᠳᠦᠰᠦᠨ ᠳᠤᠨᠢ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠰᠢᠭᠠᠷᠤ ᠬᠠᠶᠠᠬᠤ ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠶᠢᠨ ᠰᠦᠢᠳᠭᠡᠯ 242.99 ᠲᠦᠮᠡᠨ ᠲᠥᠭᠦᠷᠢᠭ ︵ᠨᠢᠭᠡᠨᠲᠡ ᠲᠤᠰᠢᠶᠠᠪᠠ︶ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ         ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠤᠷ ᠲᠤ ᠲᠡᠭᠡᠭᠡᠪᠦᠷᠢᠯᠡᠨ ᠬᠦᠷᠭᠡᠵᠦ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠬᠤ ᠬᠡᠷᠡᠭᠲᠡᠶ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠵᠠᠰᠠᠮᠠᠯ ᠵᠠᠮ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ᠄  1. ᠮᠡᠳᠡᠭᠦᠯᠦᠯᠲᠡ ᠶᠢᠨ ᠭᠤᠣᠯ ᠵᠣᠬᠢᠶᠠᠯ ᠤᠯᠤᠰ ᠤᠨ ᠵᠠᠮ ᠤᠨ 306 ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ .pdf  2. ︽ᠤᠯᠤᠰ ᠤᠨ ᠵᠠᠮ ᠤᠨ 306 ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ. pdf             2023 ᠣᠨ ᠤ 10 ᠳ᠋ᠤᠭᠠᠷ ᠰᠠᠷ᠎ᠠ ᠶᠢᠨ 6 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号