ᠤᠯᠤᠰ ᠤᠨ ᠵᠠᠮ ᠤᠨ 331 ᠱᠤᠭᠤᠮ ᠤᠨ ᠦᠵᠦᠭᠦᠷ ᠠᠴᠠ ᠪᠸᠢ ᠶᠢᠨ ᠭᠧᠨ ᠬᠥᠷᠬᠦ ᠵᠠᠰᠠᠮᠠᠯ ᠵᠠᠮ ᠤᠨ ᠢᠨᠵᠧᠨᠧᠷᠢᠩ ᠤᠨ ᠤᠷᠠᠳ ᠤᠨ ᠬᠤᠶᠢᠲᠤ ᠬᠤᠰᠢᠭᠤᠨ ᠤ ᠪᠠᠶᠠᠨᠴᠠᠭᠠᠨ — ᠪᠸᠢ ᠶᠢᠨ ᠭᠧᠨ ᠬᠥᠷᠬᠦ ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/11
  ᠬᠡᠯᠬᠢᠶᠡᠰᠦᠨ ᠨᠣᠮᠧᠷ᠄ 000014348/2023-05425  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 65 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 06 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ   ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠤᠯᠤᠰ ᠤᠨ ᠵᠠᠮ ᠤᠨ 331 ᠱᠤᠭᠤᠮ ᠤᠨ ᠦᠵᠦᠭᠦᠷ ᠠᠴᠠ ᠪᠸᠢ ᠶᠢᠨ ᠭᠧᠨ ᠬᠥᠷᠬᠦ ᠵᠠᠰᠠᠮᠠᠯ ᠵᠠᠮ ᠤᠨ ᠢᠨᠵᠧᠨᠧᠷᠢᠩ ᠤᠨ ᠤᠷᠠᠳ ᠤᠨ ᠬᠤᠶᠢᠲᠤ ᠬᠤᠰᠢᠭᠤᠨ ᠤ ᠪᠠᠶᠠᠨᠴᠠᠭᠠᠨ ᠠᠴᠠ ᠪᠸᠢ ᠶᠢᠨ ᠭᠧᠨ ᠬᠥᠷᠬᠦ ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃ ᠤᠯᠤᠰ ᠤᠨ ᠵᠠᠮ ᠤᠨ 331 ᠱᠤᠭᠤᠮ ᠤᠨ ᠦᠵᠦᠭᠦᠷ ᠠᠴᠠ ᠪᠸᠢ ᠶᠢᠨ ᠭᠧᠨ ᠬᠥᠷᠬᠦ ᠵᠠᠰᠠᠮᠠᠯ ᠵᠠᠮ ᠤᠨ ᠢᠨᠵᠧᠨᠧᠷᠢᠩ ᠤᠨ ᠤᠷᠠᠳ ᠤᠨ ᠬᠤᠶᠢᠲᠤ ᠬᠤᠰᠢᠭᠤᠨ ᠤ ᠪᠠᠶᠠᠨᠴᠠᠭᠠᠨ ᠠᠴᠠ ᠪᠸᠢ ᠶᠢᠨ ᠭᠧᠨ ᠬᠥᠷᠬᠦ ᠬᠡᠰᠡᠭ ᠤᠨ ᠵᠠᠰᠠᠮᠠᠯ ᠵᠠᠮ ᠨᠢ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠬᠢᠯᠢ ᠳᠤ ᠪᠠᠶᠢᠷᠢᠯᠠᠵᠤ ᠪᠣᠶ᠂ 2017 ᠣᠨ ᠤ 2 ᠳ᠋ᠤᠭᠠᠷ ᠰᠠᠷ᠎ᠠ ᠳᠤ᠂ ᠮᠠᠨ ᠤ ᠲᠢᠩᠬᠢᠮ ᠤᠨ ᠳᠣᠲᠣᠷᠠᠬᠢ ᠤᠰᠤᠨ ᠤ ᠬᠠᠮᠠᠭᠠᠯᠠᠯᠲᠠ ﹇2017﹈ 19 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠰᠢᠷᠣᠶ ᠠᠪᠬᠤ ︵ᠬᠠᠶᠠᠬᠤ︶ ᠲᠠᠯᠠᠪᠤᠷ ᠤᠨ ᠣᠷᠣᠨ ᠪᠠᠶᠢᠷᠢ ᠵᠢᠴᠢ ᠲᠤᠭ᠎ᠠ ᠬᠡᠮᠵᠢᠶ᠎ᠡ᠂ ᠤᠷᠭᠤᠮᠠᠯ ᠤᠨ ᠠᠷᠭ᠎ᠠ ᠬᠡᠮᠵᠢᠶ᠎ᠡ ᠶᠢᠨ ᠲᠠᠯᠠᠪᠠᠶ᠂ ᠥᠩᠭᠡᠨ ᠬᠥᠷᠥᠰᠥ ᠶᠢ ᠰᠠᠯᠭᠠᠬᠤ ᠬᠡᠮᠵᠢᠶ᠎ᠡ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠪᠣᠯᠵᠤ᠂ ᠪᠦᠲᠦᠭᠡᠨ ᠪᠠᠶᠢᠭᠤᠯᠬᠤ ᠨᠢᠭᠡᠴᠢ ᠨᠢ ᠲᠤᠰ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠮᠡᠳᠡᠭᠦᠯᠬᠦ ᠬᠡᠷᠡᠭᠲᠡᠶ᠃ ᠪᠠᠷᠢᠯᠭ᠎ᠠ ᠶᠢᠨ ᠱᠤᠭᠤᠮ ᠤᠨ ᠪᠦᠬᠦ ᠤᠷᠲᠤ ᠨᠢ 232.586 ᠺᠢᠯᠤᠮᠧᠲᠷ ᠪᠠᠶᠢᠵᠤ᠂ ᠵᠠᠮ ᠤᠨ ᠰᠠᠭᠤᠷᠢ᠂ ᠬᠥᠭᠦᠷᠭᠡ᠂ ᠰᠢᠷᠣᠶ ᠠᠪᠬᠤ ︵ᠬᠠᠶᠠᠬᠤ︶ ᠲᠠᠯᠠᠪᠤᠷ᠂ ᠳᠠᠭᠠᠯᠲᠠ ᠪᠡᠯᠡᠳᠬᠡᠮᠵᠢ᠂ ᠪᠠᠷᠢᠯᠭ᠎ᠠ ᠪᠠᠷᠢᠵᠤ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠪᠠᠷᠢᠯᠭ᠎ᠠ ᠪᠠᠷᠢᠬᠤ ᠳᠥᠭᠦᠮ ᠵᠠᠮ ᠵᠢᠴᠢ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ 627.05 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 607.02 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 9.36 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠢᠯᠭ᠎ᠠ ᠨᠢ 2018 ᠣᠨ ᠤ 8 ᠳ᠋ᠤᠭᠠᠷ ᠰᠠᠷ᠎ᠠ ᠳᠤ ᠡᠬᠢᠯᠡᠵᠦ᠂ 2021 ᠣᠨ ᠤ 12 ᠳ᠋ᠤᠭᠠᠷ ᠰᠠᠷ᠎ᠠ ᠳᠤ ᠪᠠᠷᠢᠯᠭ᠎ᠠ ᠳᠠᠭᠤᠰᠴᠤ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 41 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠡᠪᠴᠢᠶ᠎ᠡ ᠨᠢ 627.05 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ 82 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠭᠰᠠᠨ ᠬᠠᠷᠢᠴᠠᠯ ᠨᠢ 0.8᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ ᠨᠢ 87 %᠂ ᠬᠥᠷᠥᠰᠥᠨ ᠤ ᠭᠠᠳᠠᠷᠭᠤ ᠶᠢᠨ ᠬᠠᠮᠠᠭᠠᠯᠠᠯᠲᠠ ᠶᠢᠨ ᠨᠣᠷᠮ᠎ᠠ ᠨᠢ 90 %᠂ ᠣᠶ ᠡᠪᠡᠰᠦ ᠶᠢᠨ ᠤᠷᠭᠤᠮᠠᠯ ᠤᠨ ᠬᠤᠴᠢᠯᠭ᠎ᠠ ᠶᠢᠨ ᠰᠡᠷᠭᠦᠭᠰᠡᠨ ᠨᠣᠷᠮ᠎ᠠ ᠨᠢ 90 %᠂ ᠣᠶ ᠡᠪᠡᠰᠦ ᠶᠢᠨ ᠪᠦᠷᠬᠦᠴᠡ ᠶᠢᠨ ᠨᠣᠷᠮ᠎ᠠ ᠨᠢ 15 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠤᠨ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠵᠦ᠂ ᠬᠤᠶᠢᠨᠠᠬᠢ ᠵᠢᠷᠤᠭ ᠲᠥᠯᠥᠪᠯᠡᠭᠡ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠰᠢᠭᠠᠷᠤ ᠬᠠᠶᠠᠬᠤ ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠳᠠᠬᠢᠨ ᠬᠢᠨᠠᠵᠤ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠦᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ 1065.985 ᠲᠦᠮᠡᠨ ᠲᠥᠭᠦᠷᠢᠭ ︵ᠨᠢᠭᠡᠨᠲᠡ 47.77 ᠲᠦᠮᠡᠨ ᠲᠥᠭᠦᠷᠢᠭ ᠲᠤᠰᠢᠶᠠᠵᠠᠶ᠂ ᠦᠯᠡᠳᠡᠭᠰᠡᠨ ᠢ ᠨᠢ 1018.215 ᠲᠦᠮᠡᠨ ᠲᠥᠭᠦᠷᠢᠭ ᠲᠤᠰᠢᠶᠠᠪᠠᠯ ᠵᠣᠬᠢᠨ᠎ᠠ︶ ᠲᠤᠰᠢᠶᠠᠬᠤ ᠶᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ        ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠬᠢᠭᠡᠳ ᠪᠠᠶᠠᠨᠨᠠᠭᠤᠷ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ        ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠤᠰᠤ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ᠄ 1 . ᠮᠡᠳᠡᠭᠦᠯᠦᠯᠲᠡ ᠶᠢᠨ ᠭᠤᠣᠯ ᠵᠣᠬᠢᠶᠠᠯ — ᠤᠯᠤᠰ ᠤᠨ ᠵᠠᠮ ᠤᠨ 306 ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ .pdf  2 . ︽ᠤᠯᠤᠰ ᠤᠨ ᠵᠠᠮ ᠤᠨ 306 ᠱᠤᠭᠤᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ.pdf          2023 ᠣᠨ ᠤ 10 ᠳ᠋ᠤᠭᠠᠷ ᠰᠠᠷ᠎ᠠ ᠶᠢᠨ 6 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号