︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/10/11
  ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠬᠠᠶ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠨᠡᠶᠢᠲᠡᠯᠡᠭᠰᠡᠨ ᠵᠢᠷᠭᠤᠭᠠᠨ ᠲᠦᠷᠢᠮ ᠤᠨ ᠲᠣᠭᠤᠷᠢᠨ ᠳᠤ᠂ ᠪᠢᠳᠡ ᠥᠨᠥᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠤᠨ ᠲᠤᠬᠠᠶ ᠲᠠᠶᠢᠯᠤᠮᠵᠢ ᠬᠢᠪᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ 9 ᠳ᠋ᠦ᠋ᠭᠡᠷ ᠰᠠᠷ᠎ᠠ ᠶᠢᠨ 6 ᠤ ᠡᠳᠦᠷ ᠠᠴᠠ 10 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠵᠤ᠂ ᠦᠵᠡᠰᠬᠦᠯᠡᠩ ᠨᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠬᠤ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠪᠠᠷ ᠭᠤᠤᠯ ᠰᠡᠳᠦᠪ ᠪᠣᠯᠭᠠᠵᠤ᠂ ᠲᠥᠯᠥᠪᠵᠢᠭᠦᠯᠭᠡ ᠶᠢᠨ ᠭᠤᠤᠯ ᠦᠵᠡᠭᠦᠯᠭᠡ ᠶᠢᠨ ᠲᠠᠯᠠᠪᠠᠶ ᠨᠢ 9.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠵᠢᠱᠢᠯᠲᠡ ᠪᠠᠷ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ 3000 ᠭᠠᠷᠤᠶ ᠪᠣᠯᠵᠣ᠂ ᠦᠵᠡᠰᠬᠦᠯᠡᠩ ᠳᠤ ᠣᠷᠣᠯᠴᠠᠭᠰᠠᠨ ᠤᠯᠤᠰ ᠢᠯᠭᠠᠯ ᠨᠢ 35 ᠤᠯᠤᠰ ᠪᠠ ᠭᠠᠵᠠᠷ ᠣᠷᠣᠨ᠂ ᠦᠵᠡᠰᠬᠦᠯᠡᠩ ᠳᠤ ᠣᠷᠣᠯᠴᠠᠭᠰᠠᠨ ᠮᠤᠵᠢ ᠣᠷᠣᠨ ᠬᠤᠲᠠ 27 ᠪᠣᠯᠪᠠ᠃    ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠠᠶᠢᠯᠤᠮᠵᠢ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠦᠷᠢᠮ

 

 
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号