ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ︽ᠠᠭᠤᠯᠠᠷᠬᠠᠭ ᠣᠷᠣᠨ ᠤ | ᠭᠤᠤᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ︵ᠠᠯᠪᠠᠨ ᠭᠤᠤᠯ ᠨᠠᠭᠤᠷ | ﹇2023﹈ 140 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠡᠳᠦᠭᠡ ︽ᠮᠡᠳᠡᠭᠳᠡᠯ︾ ᠤᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ᠶᠠᠭᠤᠨ ᠳᠤ ︽ᠮᠡᠳᠡᠭᠳᠡᠯ︾ ᠲᠣᠭᠲᠠᠭᠠᠬᠤ ᠪᠣᠶ︖ | ᠠᠭᠤᠯᠠᠷᠬᠠᠭ ᠣᠷᠣᠨ ᠤ ᠭᠤᠣᠯ ᠤᠨ ᠵᠠᠮ ᠪᠣᠯ ᠭᠤᠣᠯ ᠤᠨ ᠵᠠᠮ ᠤᠨ ᠨᠢᠭᠡ ᠵᠦᠢᠯ ᠪᠣᠯᠬᠤ ᠪᠥᠭᠡᠳ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠭᠤᠣᠯ ᠤᠨ ᠵᠠᠮ ᠤᠨ ᠬᠠᠮᠢᠶᠠᠷᠤᠯᠲᠠ ᠶᠢᠨ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ᠎ᠠ᠃ | ᠮᠠᠨ ᠤ ᠤᠯᠤᠰ ᠤᠨ ᠠᠭᠤᠯᠠᠷᠬᠠᠭ ᠣᠷᠣᠨ ᠤ ᠭᠤᠣᠯ ᠤᠨ ᠵᠠᠮ ᠤᠨ ᠲᠤᠭ᠎ᠠ ᠣᠯᠠᠨ᠂ ᠲᠠᠷᠬᠠᠯᠲᠠ ᠥᠷᠭᠡᠨ᠂ | ᠰᠢᠷᠦᠭᠦᠨ ᠪᠣᠷᠣᠭᠠᠨ ᠠᠴᠠ ᠪᠣᠯᠤᠭᠰᠠᠨ ᠠᠭᠤᠯᠠᠨ ᠦᠶᠡᠷ ᠤᠨ ᠭᠠᠮᠰᠢᠭ ᠪᠠᠶᠢᠨ ᠪᠠᠶᠢᠨ ᠭᠠᠷᠴᠤ ᠪᠠᠶᠢᠨ᠎ᠠ᠃ ᠵᠠᠷᠢᠮ | ᠠᠭᠤᠯᠠᠷᠬᠠᠭ ᠣᠷᠣᠨ ᠤ ᠭᠤᠣᠯ ᠤᠨ ᠵᠠᠮ ᠤᠨ ᠡᠷᠭᠢᠨ ᠲᠣᠭᠤᠷᠢᠨ ᠤ ᠬᠥᠮᠦᠨ ᠲᠥᠷᠥᠯᠬᠢᠲᠡᠨ ᠤ ᠠᠵᠢᠯᠯᠠᠭ᠎ᠠ | ᠣᠯᠠᠰᠢᠷᠠᠵᠤ᠂ ᠭᠤᠣᠯ ᠤᠨ ᠵᠠᠮ ᠢ ᠰᠢᠬᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠪᠠᠷᠢᠯᠭ᠎ᠠ | ᠪᠠᠷᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠭᠤᠣᠯ ᠤᠨ ᠵᠠᠮ ᠤᠨ ᠦᠶᠡᠷ | ᠶᠠᠪᠤᠭᠤᠯᠬᠤ ᠴᠢᠳᠠᠪᠤᠷᠢ ᠶᠢ ᠨᠥᠯᠥᠭᠡᠯᠡᠵᠦ᠂ ᠠᠭᠤᠯᠠᠨ ᠦᠶᠡᠷ ᠤᠨ ᠭᠠᠮᠰᠢᠭ ᠲᠤ ᠲᠣᠮᠣᠷᠠᠭᠤᠯᠬᠤ ᠦᠢᠯᠡᠳᠦᠯ | ᠦᠵᠡᠭᠦᠯᠵᠦ ᠪᠠᠶᠢᠨ᠎ᠠ᠃ | 2022 ᠣᠨ ᠤ 3 ᠳ᠋ᠤᠭᠠᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ︽ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ | ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠰᠡᠷᠭᠡᠶᠢᠯᠡᠯᠲᠡ ᠶᠢᠨ | ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠤᠯᠠᠮ ᠨᠢᠭᠡ ᠠᠯᠬᠤᠮ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠭᠤᠯᠠᠷᠬᠠᠭ ᠣᠷᠣᠨ ᠤ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠨ᠂ | ᠭᠤᠣᠯ ᠤᠨ ᠵᠠᠮ ᠤᠨ ᠦᠶᠡᠷ ᠶᠠᠪᠤᠭᠤᠯᠬᠤ ᠣᠷᠣᠨ ᠵᠠᠶ ᠶᠢ ᠰᠠᠭᠠᠳ ᠦᠭᠡᠶ ᠨᠡᠪᠲᠡᠷᠡᠭᠦᠯᠬᠦ ᠶᠢᠨ ᠲᠤᠰᠠᠳᠠ᠂ ᠲᠤᠰ ︽ | ᠮᠡᠳᠡᠭᠳᠡᠯ︾ ᠢ ᠲᠣᠭᠲᠠᠭᠠᠪᠠ᠃ | ᠬᠤᠶᠠᠷ᠂ ︽ᠮᠡᠳᠡᠭᠳᠡᠯ︾ ᠳᠤ ᠬᠡᠯᠡᠵᠦ ᠪᠠᠶᠢᠭ᠎ᠠ ᠠᠭᠤᠯᠠᠷᠬᠠᠭ ᠣᠷᠣᠨ ᠤ ᠭᠤᠤᠯ ᠤᠨ ᠵᠠᠮ ᠤᠨ ᠬᠦᠷᠢᠶ᠎ᠡ | ᠬᠡᠪᠴᠢᠶ᠎ᠡ ᠨᠢ ᠶᠠᠭᠤ ᠪᠣᠶ︖ | 2006 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠪᠦᠬᠦ ᠤᠯᠤᠰ ᠤᠨ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠶᠢ ᠵᠥᠪᠰᠢᠶᠡᠷᠡᠵᠦ᠂ ᠠᠭᠤᠯᠠᠷᠬᠠᠭ ᠳᠣᠪᠣᠷᠬᠠᠭ ᠣᠷᠣᠨ ᠤ | ᠰᠠᠪᠠ ᠭᠠᠵᠠᠷ ᠤᠨ ᠲᠠᠯᠠᠪᠠᠶ ᠨᠢ 200 ᠲᠡᠭᠰᠢ ᠳᠥᠷᠪᠡᠯᠵᠢᠨ ᠺᠢᠯᠣᠮᠧᠲᠷ ᠠᠴᠠ ᠪᠠᠭ᠎ᠠ ᠵᠢᠵᠢᠭ ᠰᠠᠪᠠ ᠭᠠᠵᠠᠷ ᠢ | ᠲᠥᠯᠥᠪᠵᠢᠭᠦᠯᠭᠡ ᠳᠤ ᠣᠷᠣᠭᠤᠯᠵᠤ᠂ ᠠᠭᠤᠯᠠᠨ ᠦᠶᠡᠷ ᠤᠨ ᠭᠠᠮᠰᠢᠭ ᠢᠶᠠᠷ ᠣᠨᠴᠠ ᠬᠦᠨᠳᠦ ᠨᠣᠴᠢᠲᠠᠶ ᠰᠠᠪᠠ | ᠭᠠᠵᠠᠷ ᠤᠨ ᠲᠠᠯᠠᠪᠠᠶ ᠶᠢ ᠵᠣᠬᠢᠰᠲᠠᠶ ᠠᠭᠤᠵᠢᠭᠤ ᠲᠠᠯᠪᠢᠬᠤ ᠬᠡᠷᠡᠭᠲᠡᠶ᠃ ᠣᠶᠢᠷ᠎ᠠ ᠶᠢᠨ ᠵᠢᠯ ᠤᠳ ᠲᠤ᠂ ᠤᠰᠤᠨ | ᠠᠰᠢᠭᠯᠠᠯᠲᠠ ᠶᠢᠨ ᠶᠠᠮᠤᠨ ᠪᠥᠬᠦ ᠤᠯᠤᠰ ᠤᠨ ᠠᠭᠤᠯᠠᠨ ᠦᠶᠡᠷ ᠤᠨ ᠭᠠᠮᠰᠢᠭ ᠢ ᠪᠠᠶᠢᠴᠠᠭᠠᠨ ᠦᠨᠡᠯᠡᠬᠦ ᠠᠵᠢᠯ ᠢ | ᠪᠡᠶᠡᠯᠡᠭᠦᠯᠵᠦ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠣᠷᠣᠨ ᠪᠠ ᠭᠤᠤᠯᠳᠠᠯᠭ᠎ᠠ ᠲᠠᠢ ᠰᠡᠷᠭᠡᠶᠢᠯᠡᠨ | ᠵᠠᠰᠠᠬᠤ ᠣᠷᠣᠨ ᠢ ᠵᠠᠭᠠᠭᠯᠠᠨ ᠲᠣᠭᠲᠠᠭᠠᠪᠠ᠃ | ︽ᠮᠡᠳᠡᠭᠳᠡᠯ︾ ᠳᠤ ᠬᠡᠯᠡᠵᠦ ᠪᠠᠶᠢᠭ᠎ᠠ ᠠᠭᠤᠯᠠᠷᠬᠠᠭ ᠣᠷᠣᠨ ᠤ ᠭᠤᠣᠯ ᠤᠨ ᠵᠠᠮ ᠳᠤ᠂ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠨ ᠵᠠᠰᠠᠬᠤ ᠣᠷᠣᠨ ᠤ ᠳᠣᠲᠣᠷᠠᠬᠢ ᠰᠠᠪᠠ ᠭᠠᠵᠠᠷ ᠤᠨ ᠲᠠᠯᠠᠪᠠᠶ ᠨᠢ 200 ᠲᠡᠭᠰᠢ | ᠳᠥᠷᠪᠡᠯᠵᠢᠨ ᠺᠢᠯᠣᠮᠧᠲᠷ ᠠᠴᠠ ᠪᠠᠭ᠎ᠠ ᠭᠤᠣᠯ ᠮᠥᠷᠡᠨ ᠢᠶᠠᠷ ᠭᠤᠣᠯ ᠪᠣᠯᠭᠠᠵᠤ᠂ ᠪᠤᠰᠤᠳ ᠠᠭᠤᠯᠠᠨ ᠦᠶᠡᠷ ᠤᠨ | ᠭᠠᠮᠰᠢᠭ ᠬᠢᠯᠪᠠᠷᠬᠠᠨ ᠭᠠᠷᠳᠠᠭ ᠠᠭᠤᠯᠠᠷᠬᠠᠭ ᠣᠷᠣᠨ ᠤ ᠭᠤᠣᠯ ᠤᠨ ᠵᠠᠮ ᠢ ᠬᠤᠯᠪᠣᠭᠳᠠᠯ ᠪᠦᠬᠦᠢ ᠭᠠᠵᠠᠷ ᠣᠷᠣᠨ ᠨᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠷᠣᠭᠤᠯᠬᠤ ᠡᠰᠡᠬᠦ ᠶᠢ ᠲᠣᠭᠲᠠᠭᠠᠨ᠎ᠠ᠃ ᠪᠦᠬᠦ | ᠤᠯᠤᠰ ᠤᠨ ᠠᠭᠤᠯᠠᠨ ᠦᠶᠡᠷ ᠤᠨ ᠭᠠᠮᠰᠢᠭ ᠢ ᠪᠠᠶᠢᠴᠠᠭᠠᠨ ᠦᠨᠡᠯᠡᠭᠰᠡᠨ ᠳ᠋ᠦᠩ ᠠᠴᠠ ᠦᠵᠡᠪᠡᠯ᠂ ᠨᠡᠶᠢᠲᠡ 29 | ᠮᠤᠵᠢ ᠣᠷᠣᠨ ︵ᠱᠠᠩᠬᠠᠶ ᠬᠤᠲᠠ᠂ ᠵᠢᠶᠠᠩᠰᠦ ᠮᠤᠵᠢ ᠪᠠᠭᠲᠠᠬᠤ ᠦᠭᠡᠶ︶ ᠪᠣᠯᠤᠨ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠯᠪᠣᠭᠳᠠᠵᠠᠶ᠃ | ᠭᠤᠷᠪᠠ᠂ ︽ᠮᠡᠳᠡᠭᠳᠡᠯ︾ ᠤᠨ ᠭᠤᠤᠯ ᠠᠭᠤᠯᠭ᠎ᠠ ᠨᠢ ᠶᠠᠭᠤ ᠪᠣᠶ︖ | ︽ᠮᠡᠳᠡᠭᠳᠡᠯ︾ ᠳᠤ ᠠᠭᠤᠯᠠᠷᠬᠠᠭ ᠣᠷᠣᠨ ᠤ ᠭᠤᠤᠯ ᠤᠨ ᠵᠠᠮ ᠳᠤ ᠨᠡᠷᠡᠰ ᠤᠨ ᠵᠢᠭᠰᠠᠭᠠᠯᠲᠠ ᠶᠢᠨ | ᠬᠠᠮᠢᠶᠠᠷᠤᠯᠲᠠ ᠶᠢ ᠬᠡᠷᠡᠭᠵᠢᠭᠦᠯᠬᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠤᠤᠯ | ᠮᠥᠷᠡᠨ ᠤ ᠨᠡᠷᠡᠰ ᠤᠨ ᠵᠢᠭᠰᠠᠭᠠᠯᠲᠠ ᠶᠢ ᠨᠡᠶᠢᠭᠡᠮ ᠨᠡᠶᠢᠲᠡ ᠳᠤ ᠨᠡᠶᠢᠲᠡᠯᠡᠬᠦ ᠪᠠ ︽ᠳᠥᠷᠪᠡᠨ ᠬᠠᠷᠢᠭᠤᠴᠠᠯᠭᠠᠲᠠᠨ︾ | ᠵᠡᠷᠭᠡ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠠᠷᠭ᠎ᠠ ᠬᠡᠮᠵᠢᠶ᠎ᠡ ᠵᠢᠴᠢ ᠭᠤᠤᠯ ᠤᠨ ᠵᠠᠮ ᠢ | ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠲᠣᠭᠲᠠᠭᠠᠬᠤ᠂ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠦᠶᠡᠷ ᠢ ᠬᠠᠷᠰᠢᠯᠠᠬᠤ ᠠᠰᠠᠭᠤᠳᠠᠯ ᠢ ᠴᠡᠭᠴᠡᠯᠡᠨ ᠵᠠᠰᠠᠬᠤ᠂ ᠡᠳᠦᠷ ᠲᠤᠲᠤᠮ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠬᠤ᠂ ᠣᠶᠤᠨᠴᠢ ᠬᠠᠮᠢᠶᠠᠷᠤᠯᠲᠠ ᠶᠢ ᠠᠬᠢᠭᠤᠯᠬᠤ ᠵᠡᠷᠭᠡ ᠭᠤᠤᠯ ᠮᠥᠷᠡᠨ ᠤ | ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ︽ᠮᠡᠳᠡᠭᠳᠡᠯ︾ ᠳᠤ᠂ ᠪᠥᠬᠦ ᠤᠯᠤᠰ ᠤᠨ ᠠᠭᠤᠯᠠᠨ ᠦᠶᠡᠷ ᠤᠨ ᠭᠠᠮᠰᠢᠭ ᠢ ᠪᠠᠶᠢᠴᠠᠭᠠᠵᠤ ᠦᠨᠡᠯᠡᠭᠰᠡᠨ ᠦᠷ᠎ᠡ | ᠪᠦᠲᠦᠭᠡᠯ ᠢᠶᠠᠷ ᠰᠠᠭᠤᠷᠢ ᠪᠣᠯᠭᠠᠵᠤ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠰᠢᠶᠠᠨ ᠢ | ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠭᠤᠤᠯ ᠮᠥᠷᠡᠨ ᠤ ᠪᠠᠶᠢᠳᠠᠯ ᠢ ᠡᠮᠬᠢᠯᠡᠨ᠂ ᠭᠤᠤᠯ ᠤᠨ ᠵᠠᠮ ᠤᠨ ᠨᠡᠷᠡᠰ ᠤᠨ | ᠵᠢᠭᠰᠠᠭᠠᠯᠲᠠ ᠶᠢ ᠪᠠᠶᠢᠭᠤᠯᠵᠤ᠂ ᠰᠢᠶᠠᠩ ᠤᠨ ᠱᠠᠲᠤ ᠪᠠ ᠲᠣᠰᠬᠤᠨ ᠤ ᠱᠠᠲᠤᠨ ᠤ ᠭᠤᠤᠯ ᠤᠨ ᠳᠠᠷᠤᠭ᠎ᠠ ᠶᠢᠨ | ᠬᠠᠷᠢᠭᠤᠴᠠᠯᠭᠠᠲᠠᠨ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭᠠᠲᠠᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠬᠠᠷᠢᠭᠤᠴᠠᠯᠭᠠᠲᠠᠨ ᠵᠡᠷᠭᠡ ︽ᠳᠥᠷᠪᠡᠨ | ᠬᠠᠷᠢᠭᠤᠴᠠᠯᠭᠠᠲᠠᠨ︾ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠵᠢᠯ ᠪᠦᠷᠢ ᠬᠥᠳᠡᠯᠦᠩᠭᠦᠶ ᠲᠣᠬᠢᠷᠠᠭᠤᠯᠤᠯᠲᠠ | ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ︽ᠮᠡᠳᠡᠭᠳᠡᠯ︾ ᠳᠤ ᠲᠣᠳᠣᠷᠬᠠᠶ ᠲᠣᠭᠲᠠᠭᠠᠭᠰᠠᠨ ᠨᠢ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠡᠷᠡᠰ ᠤᠨ ᠵᠢᠭᠰᠠᠭᠠᠯᠲᠠ ᠶᠢᠨ ᠳᠣᠲᠣᠷᠠᠬᠢ ᠭᠤᠤᠯ ᠤᠨ | ᠵᠠᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ | ᠠᠬᠢᠭᠤᠯᠤᠨ᠂ ᠵᠠᠭᠠᠭ ᠲᠣᠭᠲᠠᠭᠠᠭᠰᠠᠨ ᠦᠷ᠎ᠡ ᠪᠦᠲᠦᠭᠡᠯ ᠤᠨ ᠵᠣᠯᠭᠠᠯᠳᠤᠯ ᠪᠠ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠵᠠᠷᠯᠠᠨ ᠨᠡᠶᠢᠲᠡᠯᠡᠨ᠎ᠡ᠃ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠤᠤᠯ ᠤᠨ ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠢ | ᠦᠨᠳᠦᠰᠦᠯᠡᠨ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠪᠣᠯᠤᠨ ᠠᠵᠢᠯᠯᠠᠭ᠎ᠠ ᠶᠢᠨ ᠬᠢᠨᠠᠨ ᠵᠥᠪᠰᠢᠶᠡᠷᠡᠬᠦ ᠭᠤᠤᠯ ᠴᠣᠭᠴᠠ ᠶᠢ ᠵᠣᠬᠢᠶᠠᠨ ᠪᠠᠶᠢᠭᠤᠯᠤᠨ | ᠲᠣᠳᠣᠷᠬᠠᠶᠢᠯᠠᠵᠤ᠂ ᠦᠨᠡᠨᠬᠦ ᠴᠢᠬᠤᠯᠠᠲᠠᠶ᠂ ᠵᠠᠶᠢᠯᠠᠬᠤ ᠶᠢᠨ ᠠᠷᠭ᠎ᠠ ᠥᠬᠡᠶ᠂ ᠠᠮᠤᠷ ᠲᠦᠪᠰᠢᠨ ᠢ ᠦᠨᠡᠨᠬᠦ ᠪᠠᠲᠤᠯᠠᠬᠤ | ᠵᠠᠷᠴᠢᠮ ᠢ ᠵᠢᠷᠤᠮᠯᠠᠨ᠂ ᠱᠠᠲᠤ ᠬᠤᠪᠢᠶᠠᠨ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠲᠥᠷᠥᠯ ᠬᠤᠪᠢᠶᠠᠨ | ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠨᠠᠨ ᠵᠥᠪᠰᠢᠶᠡᠷᠡᠵᠦ᠂ ᠶᠠᠮᠠᠷᠪᠠ | ᠨᠡᠷ᠎ᠡ ᠪᠠᠷ ᠭᠤᠤᠯ ᠤᠨ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠢᠪᠴᠡᠭᠦᠦ ᠭᠤᠤᠯ ᠤᠨ ᠵᠠᠮ ᠢ | ᠬᠢᠵᠠᠭᠠᠷᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠤᠯ ᠤᠨ ᠵᠠᠮ ᠤᠨ ᠦᠶᠡᠷ ᠤᠷᠤᠰᠬᠠᠬᠤ ᠶᠢ ᠬᠠᠷᠰᠢᠯᠠᠵᠤ ᠪᠠᠶᠢᠭ᠎ᠠ | ᠲᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠵᠦᠢᠯ ᠳᠠᠷᠠᠭᠠᠯᠠᠨ ᠴᠡᠭᠴᠡᠯᠡᠨ ᠵᠠᠰᠠᠵᠤ ᠳ᠋ᠤᠭᠠᠷ ᠢ ᠨᠢ ᠬᠠᠰᠤᠨ᠎ᠠ᠃ | ᠡᠯ᠎ᠡ ᠭᠠᠵᠠᠷ ᠤᠨ ᠬᠢᠨ ᠭᠤᠤᠯ ᠮᠥᠷᠡᠨ ᠨᠠᠭᠤᠷ ᠴᠥᠭᠦᠷᠥᠮ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠵᠤ | ᠬᠠᠮᠢᠶᠠᠷᠤᠨ ᠬᠠᠮᠠᠭᠠᠯᠠᠬᠤ ᠡᠩᠨᠡᠭᠡ ᠶᠢ ᠭᠦᠢᠴᠡᠳ ᠴᠢᠩᠭ᠎ᠠ ᠲᠣᠬᠢᠷᠠᠭᠤᠯᠵᠤ᠂ ᠬᠠᠮᠢᠶᠠᠷᠤᠨ ᠬᠠᠮᠠᠭᠠᠯᠠᠬᠤ | ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ︔ ᠭᠤᠤᠯ ᠮᠥᠷᠡᠨ ᠤ ᠬᠠᠮᠢᠶ᠎ᠠ ᠪᠥᠬᠦᠶ | ᠮᠡᠳᠡᠭᠡ ᠵᠠᠩᠭᠢ ᠶᠢ ᠵᠢᠷᠤᠭᠯᠠᠵᠤ ᠬᠥᠮᠥᠷᠭᠡ ᠳᠤ ᠣᠷᠣᠭᠤᠯᠤᠨ᠂ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ | ᠠᠰᠢᠭᠯᠠᠨ ᠭᠤᠤᠯ ᠮᠥᠷᠡᠨ ᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | |