ᠰᠢᠨᠬᠤᠸᠠ ᠬᠤᠷᠢᠶ᠎ᠡ᠄ ᠤᠰᠤᠨ ᠠᠰᠢᠭᠯᠠᠯᠲᠠ ᠶᠢᠨ ᠶᠠᠮᠤᠨ᠄ ᠭᠤᠣᠯ ᠮᠥᠷᠡᠨ ᠨᠠᠭᠤᠷ ᠴᠥᠭᠦᠷᠥᠮ ᠤᠨ ᠲᠤᠪᠤᠶᠢᠮ᠎ᠠ ᠠᠰᠠᠭᠤᠳᠠᠯ ᠢ 22.3 ᠲᠦᠮᠡ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2023/10/17
  ᠰᠢᠨᠬᠤᠸᠠ ᠬᠤᠷᠢᠶᠠᠨ ᠤ ᠨᠠᠨᠵᠢᠩ ᠤᠨ 9 ᠳ᠋ᠦ᠋ᠭᠡᠷ ᠰᠠᠷ᠎ᠠ ᠶᠢᠨ 21᠎ ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠴᠢᠨ ᠬᠤᠸᠠ ᠵᠢᠶᠠᠩ︶  ᠰᠤᠷᠪᠤᠯᠵᠢᠯᠠᠭᠴᠢ 21᠎ ᠤ ᠡᠳᠦᠷ ᠰᠦᠵᠧᠦ ᠳᠤ ᠬᠤᠷᠠᠯᠳᠤᠭᠰᠠᠨ ᠬᠤᠶᠠᠳᠤᠭᠠᠷ ᠬᠤᠭᠤᠴᠠᠭᠠᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠠᠴᠠ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾᠂ ᠬᠦᠬᠡᠮᠦ᠋ᠷᠡᠨ ᠬᠠᠲᠤᠨ ᠭᠤᠤᠯ ᠤᠨ ᠡᠷᠭᠢ ᠳᠠᠭᠠᠤ ᠶᠢᠨ ᠠᠰᠢᠭᠯᠠᠯᠲᠠ ᠶᠢᠨ ᠲᠤᠰᠬᠠᠶ ᠴᠡᠭᠴᠡᠯᠡᠨ ᠵᠠᠰᠠᠬᠤ᠂ ᠭᠤᠤᠯ ᠮᠥᠷᠡᠨ ᠤ ᠦᠶᠡᠷ ᠤᠨ ᠠᠶᠠᠯᠠᠯ ᠢ ᠬᠠᠷᠰᠢᠯᠠᠬᠤ ᠲᠣᠪᠤᠶᠢᠮ᠎ᠠ ᠠᠰᠠᠭᠤᠳᠠᠯ ᠢ ᠴᠡᠪᠡᠷᠯᠡᠬᠦ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 22.3 ᠲᠦᠮᠡᠨ ᠭᠤᠤᠯ ᠮᠥᠷᠡᠨ ᠨᠠᠭᠤᠷ ᠴᠥᠭᠦᠷᠥᠮ ᠤᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠦ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ᠃  ᠣᠶᠢᠯᠠᠭᠠᠭᠰᠠᠨ ᠢᠶᠠᠷ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠬᠤ ᠶᠢ ᠳᠠᠭᠠᠯᠳᠤᠨ᠂ 123 ᠲᠦᠮᠡᠨ ᠺᠢᠯᠣᠮᠧᠲᠷ ᠤᠨ ᠭᠤᠤᠯ ᠮᠥᠷᠡᠨ᠂ 2057 ᠨᠠᠭᠤᠷ ᠴᠥᠭᠦᠷᠥᠮ ᠤᠨ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠲᠣᠳᠣᠷᠬᠠᠶ ᠲᠣᠭᠲᠠᠭᠠᠪᠠ᠃ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠵᠤ᠂ ᠪᠥᠬᠦ ᠤᠯᠤᠰ ᠤᠨ ᠭᠠᠵᠠᠷ ᠳᠡᠭᠡᠷᠡᠬᠢ ᠤᠰᠤᠨ ᠤ I ᠲᠥᠷᠥᠯ ᠤᠨ ᠤᠰᠤᠨ ᠤ ᠴᠢᠨᠠᠷ ᠤᠨ ᠣᠭᠲᠣᠯᠤᠭᠠᠰᠤ ᠶᠢᠨ ᠬᠠᠷᠢᠴᠠᠯ 2016 ᠣᠨ ᠤ ᠬᠢ ᠠᠴᠠ 20.1 ᠵᠠᠭᠤᠨ ᠤ ᠨᠢᠭᠡᠴᠢ ᠳᠡᠭᠡᠭᠰᠢᠯᠡᠪᠡ᠃ ᠨᠡᠶᠢᠭᠡᠮ ᠤᠨ ᠣᠷᠣᠯᠴᠠᠬᠤ ᠤᠬᠠᠮᠰᠠᠷ ᠢᠯᠡᠳᠲᠡ ᠴᠢᠩᠭᠠᠷᠠᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠬᠤ ᠪᠠᠷ ᠳᠠᠮᠵᠢᠨ᠂ ᠭᠤᠣᠯ ᠮᠥᠷᠡᠨ ᠢ ᠬᠠᠮᠠᠭᠠᠯᠠᠬᠤ ᠰᠠᠶᠢᠨ ᠲᠤᠷᠠᠴᠤᠳ ᠤᠨ ᠲᠤᠭ᠎ᠠ 700 ᠭᠠᠷᠤᠢ ᠲᠦᠮᠡ ᠳᠤ ᠬᠦᠷᠴᠦ᠂ ᠪᠦᠬᠦ ᠨᠡᠶᠢᠭᠡᠮ ᠢᠶᠠᠷ ᠢᠶᠠᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠬᠤ ᠶᠢ ᠬᠠᠯᠠᠮᠵᠢᠯᠠᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠨ ᠵᠤᠵᠠᠭᠠᠨ ᠪᠣᠯᠪᠠ᠃  ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠦ ᠴᠧᠩ ᠴᠢᠩ ᠵᠢᠭᠠᠵᠤ ᠭᠠᠷᠭᠠᠭᠰᠠᠨ ᠨᠢ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠨᠢ ᠮᠠᠨ ᠤ ᠤᠯᠤᠰ ᠤᠨ ᠤᠯᠤᠰ ᠤᠨ ᠪᠠᠶᠢᠳᠠᠯ ᠤᠰᠤᠨ ᠤ ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠮᠠᠨ ᠤ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠬᠦᠷᠢᠶᠡᠨ ᠳᠠᠬᠢ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠮᠥᠨ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠮᠥᠨ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号