ᠬᠡᠯᠬᠢᠶᠡᠰᠦᠨ ᠨᠣᠮᠧᠷ᠄ 000014348/2023—05636 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠡᠬᠢ ᠪᠠᠶᠠᠯᠢᠭ ᠵᠦᠪᠰᠢᠶᠡᠷᠡᠯ ᠲᠤᠭᠲᠠᠭᠠᠯ ﹇2023﹈ 11 ᠳ᠋ᠦ᠋ᠭᠡᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 17 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄ | ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ | ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ | ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠡᠬᠢ ᠪᠠᠶᠠᠯᠢᠭ ᠬᠠᠮᠢᠶᠠᠷᠤᠯᠲᠠ ﹇2020﹈ 280 | ᠳ᠋ᠤᠭᠠᠷ ᠲᠣᠭᠠᠲᠤ︶᠂ ︽ᠬᠠᠲᠤᠨ ᠭᠤᠤᠯ ᠤᠨ ᠤᠰᠤᠨ ᠤ ᠶᠠᠪᠤᠳᠠᠯ ᠤᠨ ᠵᠥᠪᠯᠡᠯ ᠤᠨ ᠤᠰᠤᠨ ᠤ ᠡᠬᠢ | ᠪᠠᠶᠠᠯᠢᠭ ᠤᠨ ᠲᠣᠪᠴᠢᠶ᠎ᠠ ᠶᠢᠨ ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠠᠪᠬᠤ ᠲᠥᠷᠥᠯ ᠵᠦᠢᠯ ᠤᠨ | ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠵᠠᠬᠢᠳᠠᠯ︾ ︵ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠠᠴᠠ ᠲᠠᠨ ᠤ ᠺᠣᠮᠫᠠᠨᠢ ᠶᠢᠨ 500 ᠲᠦᠮᠡᠨ ᠲᠣᠨ / ᠵᠢᠯ ᠤᠨ | ᠨᠡᠭᠦᠷᠡᠰᠦ ᠬᠡᠦᠷᠰᠢᠭᠦᠯᠬᠦ ᠬᠠᠮᠲᠤᠷᠠᠭᠰᠠᠨ ᠭᠠᠷᠤᠯᠲᠠ 60 ᠲᠦᠮᠡᠨ ᠲᠣᠨ / ᠵᠢᠯ ᠤᠨ ᠮᠧᠲ᠋ᠢᠯ ᠠᠯᠺᠣᠣᠯ ᠵᠢᠴᠢ 20 | ᠲᠦᠮᠡᠨ ᠲᠣᠨ / ᠵᠢᠯ ᠤᠨ ᠰᠢᠩᠭᠡᠨ ᠰᠢᠪᠲᠦᠷ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ᠂ ᠬᠤᠶᠠᠳᠤᠭᠠᠷ | ᠬᠤᠭᠤᠴᠠᠭ᠎ᠠ︶ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠠᠢ᠃ ᠲᠣᠰ ᠲᠥᠷᠥᠯ | ᠵᠦᠢᠯ ᠢ ᠨᠡᠶᠢᠲᠡ 3 ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠣᠳᠣᠬᠠᠨ ᠳᠤ ᠨᠢᠭᠡᠨᠲᠡ ᠡᠮᠦᠨᠡᠬᠢ 2 | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠮᠠᠨ ᠤ ᠲᠢᠩᠬᠢᠮ 2022 ᠣᠨ ᠤ 4 ᠳ᠋ᠦ᠋ᠭᠡᠷ | ᠰᠠᠷ᠎ᠠ ᠳᠤ᠂ ︽ᠦᠪᠦᠷ ᠤᠰᠤᠨ ᠡᠬᠢ ᠰᠤᠷᠪᠤᠯᠵᠢ ᠵᠦᠪᠰᠢᠶᠡᠷᠡᠯ ᠲᠤᠭᠲᠠᠭᠠᠯ ﹇2022﹈ 4 ᠳ᠋ᠦ᠋ᠭᠡᠷ ᠲᠣᠭᠠᠲᠤ︾ | ᠪᠢᠴᠢᠭ ᠮᠠᠲ᠋ᠧᠷᠢᠶᠠᠯ ᠢᠶᠠᠷ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠤᠰᠤ ᠠᠪᠬᠤ | ᠵᠥᠪᠰᠢᠶᠡᠷᠡᠯ ᠤᠨ ᠭᠤᠶᠤᠴᠢᠯᠠᠯ ᠤᠨ ᠲᠤᠬᠠᠶ ᠴᠣᠬᠤᠯᠠᠪᠤᠷᠢ ᠬᠢᠪᠠ᠃ ᠡᠮᠦᠨᠡᠬᠢ 2 ᠬᠤᠭᠤᠴᠠᠭᠠᠨ ᠤ ᠲᠥᠷᠥᠯ | ᠵᠦᠢᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠰᠢᠰᠲ᠋ᠧᠮ ᠨᠢ ᠬᠠᠷᠢᠯᠴᠠᠨ ᠰᠣᠯᠪᠢᠴᠠᠵᠤ ᠬᠤᠯᠪᠣᠭ᠎ᠠ ᠲᠠᠢ | ᠪᠥᠭᠡᠳ ᠠᠳᠠᠯᠢ ᠨᠢᠭᠡ ᠲᠥᠷᠥᠯ ᠵᠦᠢᠯ ᠤᠨ ᠬᠠᠤᠯᠢ ᠶᠢᠨ ᠡᠷᠬᠡᠲᠡᠨ ᠪᠣᠯᠬᠤ ᠤᠴᠢᠷ ᠠᠴᠠ᠂ ᠲᠠᠨ ᠤ ᠺᠣᠮᠫᠠᠨᠢ | ᠡᠮᠦᠨᠡᠬᠢ 2 ᠬᠤᠭᠤᠴᠠᠭᠠᠨ ᠤ ᠲᠥᠷᠥᠯ ᠵᠦᠢᠯ ᠢ ᠨᠡᠶᠢᠯᠡᠭᠦᠯᠵᠦ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠭᠡᠯ | ᠬᠢᠬᠦ ᠪᠠᠷ ᠳᠤᠷᠠᠳᠪᠠ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠳ᠋ᠦ᠋ᠭᠡᠷ | ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠣᠯᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ | ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ | ᠵᠥᠪᠰᠢᠶᠡᠷᠡᠯ ᠪᠣᠯᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ | ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃ | ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | 500 ᠲᠦᠮᠡᠨ ᠲᠣᠨ / ᠵᠢᠯ ᠤᠨ ᠨᠡᠭᠦᠷᠡᠰᠦ ᠬᠡᠦᠷᠰᠢᠭᠦᠯᠬᠦ ᠬᠤᠯᠪᠣᠭᠠᠯᠠᠨ ᠦᠢᠯᠡᠳᠪᠦᠷᠢᠯᠡᠬᠦ 60 ᠲᠦᠮᠡᠨ ᠲᠣᠨ / | ᠵᠢᠯ ᠤᠨ ᠮᠧᠲ᠋ᠢᠯ ᠠᠯᠺᠣᠣᠯ ᠵᠢᠴᠢ 20 ᠲᠦᠮᠡᠨ ᠲᠣᠨ / ᠵᠢᠯ ᠤᠨ ᠰᠢᠩᠭᠡᠨ ᠰᠢᠪᠲᠦᠷ ᠤᠨ ᠲᠥᠷᠥᠯ ᠵᠦᠢᠯ ︵ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ︶ ᠦᠬᠠᠶ ᠬᠤᠲᠠ ᠶᠢᠨ ᠬᠠᠶᠢᠨᠠᠨ ᠲᠣᠭᠤᠷᠢᠭ ᠤᠨ | ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠲᠥ᠋ᠷᠥᠭᠴᠢᠲᠦ ᠠᠵᠤ | ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠠᠷᠢᠶᠠᠯᠠᠭᠳᠠᠨ᠎ᠠ᠃ | ᠲᠤᠰ ᠲᠥᠷᠥᠯ ᠵᠦᠢᠯ ᠢ ᠨᠡᠶᠢᠲᠡ ᠭᠤᠷᠪᠠᠨ ᠬᠤᠭᠤᠴᠠᠭ᠎ᠠ ᠬᠤᠪᠢᠶᠠᠵᠤ ᠪᠦᠲᠦᠭᠡᠨ ᠪᠠᠶᠢᠭᠤᠯᠤᠨ᠎ᠠ᠂ ᠨᠢᠭᠡᠳᠦᠭᠡᠷ᠂ | ᠬᠤᠶᠠᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠬᠡᠪᠴᠢᠶ᠎ᠡ ᠨᠢ ᠬᠡᠦᠷᠡᠰᠦ ᠶᠢ ᠵᠢᠯ ᠳᠤ 250 ᠲᠦᠮᠡᠨ ᠲᠣᠨ᠂ | ᠮᠧᠲ᠋ᠢᠯ ᠠᠯᠺᠣᠣᠯ ᠵᠢᠯ ᠳᠤ 30 ᠲᠦᠮᠡᠨ ᠲᠣᠨ ᠵᠢᠴᠢ ᠰᠢᠩᠭᠡᠨ ᠰᠢᠪᠲᠦᠷ ᠲᠤ ᠵᠢᠯ ᠳᠤ 10 ᠲᠦᠮᠡᠨ ᠲᠣᠨ᠂ | 4 × 30 MW ᠬᠠᠭᠤᠷᠠᠶ ᠤᠨᠲᠠᠷᠠᠭᠠᠯᠲᠠ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ | ᠲᠥᠷᠥᠯ ᠵᠦᠢᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ | ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ | ᠲᠤᠭ᠎ᠠ᠂ ᠥᠪᠥᠷ ᠮᠣᠩᠭᠤᠯ ᠤᠨ ᠪᠸᠢ ᠺᠦᠩ ᠵᠢᠩ ᠲᠠᠢ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ | ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠪᠠᠭᠲᠠᠨ᠎ᠠ︶ ᠪᠣᠯᠤᠨ ᠳᠤᠤᠷ᠎ᠠ ᠨᠡᠭᠦᠷᠡᠰᠦᠲᠥ᠋ᠷᠥᠭᠴᠢᠲᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠪᠠᠷ | ᠦᠢᠯᠡᠳᠪᠦᠷᠢᠯᠡᠯ ᠤᠨ ᠤᠰᠤ ᠠᠪᠬᠤ ᠤᠰᠤᠨ ᠰᠤᠷᠪᠤᠯᠵᠢ ᠪᠣᠯᠭᠠᠵᠤ᠂ ᠬᠦᠷᠢᠶᠡᠯᠡᠩ ᠲᠣᠭᠤᠷᠢᠭ ᠤᠨ ᠠᠮᠢᠳᠤᠷᠠᠯ ᠤᠨ | ᠤᠰᠤ ᠬᠠᠩᠭᠠᠬᠤ ᠢᠨᠵᠧᠨᠧᠷᠢᠩ ᠤᠨ ᠲᠦᠭᠡᠭᠡᠯ ᠤᠰᠤ ᠪᠠᠷ ᠠᠮᠢᠳᠤᠷᠠᠯ ᠤᠨ ᠤᠰᠤ ᠠᠪᠬᠤ ᠤᠰᠤᠨ ᠰᠤᠷᠪᠤᠯᠵᠢ | ᠪᠣᠯᠭᠠᠬᠤ ᠶᠢ ᠵᠥᠪᠰᠢᠶᠡᠷᠡᠪᠡ᠃ ᠤᠰᠤ ᠳᠠᠮᠵᠢᠭᠤᠯᠬᠤ ᠪᠠ ᠴᠡᠪᠡᠷᠵᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ | ᠳᠠᠷᠠᠭ᠎ᠠ᠂ ᠲᠣᠰ ᠲᠥᠷᠥᠯ ᠵᠦᠢᠯ ᠤᠨ ᠶᠡᠷᠦᠩᠬᠡᠶ ᠤᠰᠤ ᠲᠠᠲᠠᠬᠤ ᠬᠡᠮᠵᠢᠶ᠎ᠡ 374. 72 ᠲᠦᠮᠡᠨ m 3 / a ᠶᠢ | ᠬᠢᠨᠠᠨ ᠲᠣᠭᠲᠠᠭᠠᠨ᠎ᠠ᠂ ᠡᠭᠦᠨ ᠳᠤ ᠠᠮᠢᠳᠤᠷᠠᠯ ᠤᠨ ᠤᠰᠤ ᠲᠠᠲᠠᠬᠤ ᠬᠡᠮᠵᠢᠶ᠎ᠡ 4.72 ᠲᠦᠮᠡᠨ m 3 / a ︵ | ᠭᠠᠵᠠᠷ ᠳᠤᠤᠷᠠᠬᠢ ᠤᠰᠤ︶᠂ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 3700 ᠲᠦᠮᠡᠨ m 3 / a ︵ | ᠳᠠᠬᠢᠯᠲᠠ ᠤᠰᠤ 20 ᠲᠦᠮᠡᠨ m 3 / a᠂ ᠬᠠᠲᠤᠨ ᠭᠤᠤᠯ ᠤᠨ ᠤᠰᠤ 350 ᠲᠦᠮᠡᠨ m 3 / a︶᠃ | ᠭᠤᠤᠯ ᠨᠢᠭᠡᠴᠢ ᠦᠢᠯᠡᠳᠭᠦᠨ ᠤ ᠰᠢᠨ᠎ᠡ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠳᠤ ᠲᠣᠰ ᠲᠣᠰ ᠬᠡᠦᠷᠡᠰᠦ | 1.10 m 3 / t᠂ ᠮᠧᠲ᠋ᠢᠯ ᠠᠯᠺᠣᠣᠯ 1.40 m 3 / t᠂ ᠰᠢᠩᠭᠡᠨ ᠰᠢᠪᠲᠦᠷ 1.80 m 3 / t᠂ | ᠬᠠᠭᠤᠷᠠᠶ ᠪᠠᠷ ᠤᠨᠲᠠᠷᠠᠭᠠᠨ ᠴᠠᠬᠢᠯᠭᠠᠨ ᠭᠠᠷᠭᠠᠬᠤ 0.20 m 3 / ︵M·h︶ ᠪᠣᠯᠤᠨ᠎ᠠ᠃ ᠬᠡᠦᠷᠡᠰᠦ ᠶᠢᠨ | ᠨᠢᠭᠡᠴᠢ ᠦᠢᠯᠡᠳᠬᠦᠨ ᠤ ᠤᠰᠤ ᠬᠡᠷᠡᠭᠯᠡᠬᠦ ᠬᠡᠮᠵᠢᠶ᠎ᠡ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB 15 / T 385 - 2020︶ ᠶᠢᠨ | ᠲᠣᠭᠲᠠᠭᠠᠭᠰᠠᠨ ᠲᠦᠷᠦᠭᠦᠯᠡᠬᠦ ᠬᠢᠷᠢ ᠬᠡᠮᠵᠢᠶ᠎ᠡ ᠳᠤ ᠬᠦᠷᠦᠭᠦᠯᠦᠨ᠎ᠡ︔ ᠬᠠᠭᠤᠷᠠᠶ ᠪᠠᠷ ᠤᠨᠲᠠᠷᠠᠭᠠᠭᠰᠠᠨ ᠬᠡᠤᠷᠡᠰᠦ ᠪᠠᠷ | ᠴᠠᠬᠢᠯᠭᠠᠨ ᠭᠠᠷᠭᠠᠬᠤ ᠨᠢᠭᠡᠴᠢ ᠦᠢᠯᠡᠳᠭᠦᠨ ᠤ ᠤᠰᠤ ᠬᠡᠷᠡᠭᠯᠡᠬᠦ ᠬᠡᠮᠵᠢᠶ᠎ᠡ ᠶᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB 15 / T 385 — | 2020︶ ᠳᠤ ᠲᠣᠭᠲᠠᠭᠠᠭᠰᠠᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ︔ ᠮᠧᠲ᠋ᠢᠯ ᠠᠯᠺᠣᠣᠯ ᠤᠨ ᠨᠢᠭᠡᠴᠢ | ᠦᠢᠯᠡᠳᠭᠦᠨ ᠤ ᠤᠰᠤ ᠬᠡᠷᠡᠭᠯᠡᠬᠦ ᠬᠡᠮᠵᠢᠶ᠎ᠡ ᠶᠢ ︽ᠬᠡᠰᠡᠭ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤ ᠪᠠᠶᠠᠯᠢᠭ ﹇2022﹈ 342 ᠳ᠋ᠤᠭᠠᠷ ᠲᠣᠭᠠᠲᠤ︶ | ᠳᠤ ᠲᠣᠭᠲᠠᠭᠠᠭᠰᠠᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠠᠵᠢᠯ | ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠲᠠᠢ ᠰᠢᠩᠭᠡᠨ ᠰᠢᠪᠲᠦᠷ ᠤᠨ ᠦᠢᠯᠡᠳᠭᠦᠨ ᠳᠤ ᠤᠰᠤ | ᠬᠡᠷᠡᠭᠯᠡᠬᠦ ᠲᠣᠭᠲᠠᠭᠰᠠᠨ ᠨᠣᠷᠮ᠎ᠠ ᠥᠬᠡᠶ ᠪᠣᠯᠬᠤᠷ᠂ ᠠᠳᠠᠯᠢ ᠠᠵᠢᠯ ᠲᠥᠷᠥᠯ ᠤᠨ ᠤᠰᠤ ᠬᠡᠷᠡᠭᠯᠡᠬᠦ ᠬᠢᠷᠢ | ᠬᠡᠮᠵᠢᠶ᠎ᠡ ᠯᠦᠭᠡ ᠬᠠᠷᠢᠴᠠᠭᠤᠯᠪᠠᠯ᠂ ᠠᠳᠠᠯᠢ ᠠᠵᠢᠯ ᠲᠥᠷᠥᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠠᠴᠠ ᠳᠠᠪᠠᠭᠤᠯᠢᠭ | ᠪᠠᠶᠢᠳᠠᠭ᠃ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠭᠡᠯ | ᠲᠤᠭ᠎ᠠ ᠨᠢ 127 L / ︵ᠬᠥᠮᠦᠨ ·d︶ ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB 15 / T 385—2020︶ ᠶᠢᠨ | ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠲᠥᠷᠥᠯ | ᠵᠦᠢᠯ ᠤᠨ ᠲᠡᠳᠡᠨ ᠠᠪᠴᠤ ᠬᠡᠷᠡᠭᠯᠡᠬᠦ ᠤᠰᠤ ᠨᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠵᠢᠴᠢ ︽ᠭᠤᠷᠪᠠᠨ ᠬᠤᠷᠢᠭ᠎ᠠ ᠱᠤᠭᠤᠮ︾ ᠤᠨ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠃ | ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠢᠳᠠᠪᠤᠷᠢᠵᠢᠭᠤᠯᠬᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠤᠯ ᠪᠠᠷᠢᠯᠭ᠎ᠠ ᠲᠠᠢ ᠵᠡᠷᠭᠡ ᠪᠠᠷ ᠵᠢᠷᠤᠵᠤ | ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ | ᠲᠥᠷᠥᠯ ᠵᠦᠢᠯ ᠤᠨ ᠠᠮᠢᠳᠤᠷᠠᠯ ᠤᠨ ᠪᠣᠬᠢᠷ ᠤᠰᠤ ᠪᠠ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠᠷ ᠰᠢᠢᠳᠪᠦᠷᠢᠯᠡᠭᠰᠡᠨ ᠤ ᠳᠠᠷᠠᠭ᠎ᠠ | ᠪᠦᠬᠦᠨ ᠢ ᠡᠭᠡᠭᠦᠯᠦᠨ ᠬᠡᠷᠡᠭᠯᠡᠨ᠎ᠡ᠃ | ᠲᠠᠨ ᠤ ᠺᠣᠮᠫᠠᠨᠢ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ | ᠪᠠ ︽ᠤᠰᠤ ᠲᠠᠲᠠᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB / T 28714 - | 2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠪᠠ | ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ | ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ | ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ | ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠲᠠᠲᠠᠬᠤ ᠪᠠᠷᠢᠯᠭ᠎ᠠ ᠪᠤᠶᠤ | ᠪᠡᠯᠡᠳᠬᠡᠮᠵᠢ ᠶᠢ ᠪᠠᠶᠢᠭᠤᠯᠵᠤ ᠳᠠᠭᠤᠰᠬᠠᠭᠰᠠᠨ ᠤ ᠬᠠᠮᠲᠤ ᠲᠤᠷᠰᠢᠨ ᠠᠵᠢᠯᠯᠠᠭᠤᠯᠤᠭᠠᠳ ᠪᠦᠬᠦᠯᠢ 30 ᠡᠳᠦᠷ | ᠪᠣᠯᠤᠭᠰᠠᠨ ᠤ ᠳᠠᠷᠠᠭ᠎ᠠ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠭᠡᠯ | ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠣᠯᠤᠨ ︽ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ | ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠥᠬᠦᠶ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠨ᠎ᠠ᠃ ᠲᠤᠰ ᠵᠠᠰᠠᠭ | ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ ᠢ ᠴᠤᠬᠤᠯᠠᠪᠤᠷᠢᠯᠠᠭᠰᠠᠨ ᠡᠳᠦᠷ ᠠᠴᠠ ᠡᠬᠢᠯᠡᠨ᠂ ᠲᠤᠰ | ᠲᠥᠷᠥᠯ ᠵᠦᠢᠯ ᠤᠨ ᠤᠤᠯ ᠤᠨ ᠨᠢᠭᠡᠳᠦᠭᠡᠷ ᠬᠤᠭᠤᠴᠠᠭᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ | ᠪᠢᠴᠢᠭ ᠢ ᠴᠤᠬᠤᠯᠠᠪᠤᠷᠢᠯᠠᠬᠤ ᠶᠢᠨ ᠬᠠᠮᠲᠤ ᠬᠦᠴᠦᠨ ᠦᠭᠡᠶ ᠪᠣᠯᠭᠠᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠤᠨ ︽ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 500 ᠲᠦᠮᠡᠨ ᠲᠣᠨ / ᠵᠢᠯ ᠤᠨ ᠨᠡᠭᠦᠷᠡᠰᠦ ᠬᠡᠤᠷᠰᠢᠭᠦᠯᠬᠦ | ᠬᠠᠮᠲᠤᠷᠠᠭᠰᠠᠨ ᠭᠠᠷᠤᠯᠲᠠ 60 ᠲᠦᠮᠡᠨ ᠲᠣᠨ / ᠵᠢᠯ ᠤᠨ ᠮᠧᠲ᠋ᠢᠯ ᠠᠯᠺᠣᠣᠯ ᠵᠢᠴᠢ 20 ᠲᠦᠮᠡᠨ ᠲᠣᠨ / ᠵᠢᠯ ᠤᠨ | ᠰᠢᠩᠭᠡᠨ ᠰᠢᠪᠲᠦᠷ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ︶ ᠤᠨ | ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠭᠰᠠᠨ ᠰᠠᠨᠠᠯ︾ | ᠤᠨ ᠲᠤᠬᠠᠶ ᠮᠡᠳᠡᠭᠦᠯᠦᠯᠲᠡ . pdf | | 2023 ᠣᠨ ᠤ 10 ᠳ᠋ᠤᠭᠠᠷ ᠰᠠᠷ᠎ᠠ ᠶᠢᠨ 17 ᠤ ᠡᠳᠦᠷ | | |