ᠰᠢᠨ᠎ᠡ ᠴᠠᠭ ᠦᠶ᠎ᠡ ᠶᠢᠨ ᠺᠠᠳ᠋ᠷ ᠤᠨ ᠬᠦᠮᠦᠵᠢᠯ ᠪᠣᠯᠪᠠᠰᠤᠷᠠᠯ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠲᠦᠷᠢᠮ ᠤᠨ ᠪᠠᠲᠤᠯᠠᠭ᠎ᠠ ᠬᠠᠩᠭᠠᠨ᠎ᠠ — ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠦᠷᠢᠮ︾᠎ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/10/18
  ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 15᠎ ᠤ ᠡᠳᠦᠷ ᠤᠨ ᠴᠠᠬᠢᠯᠭᠠᠨ ᠮᠡᠳᠡᠭᠡ  ᠰᠡᠳᠦᠪ᠄ ᠰᠢᠨ᠎ᠡ ᠴᠠᠭ ᠦᠶ᠎ᠡ ᠶᠢᠨ ᠺᠠᠳ᠋ᠷ ᠤᠨ ᠬᠦᠮᠦᠵᠢᠯ ᠪᠤᠯᠪᠠᠰᠤᠷᠠᠯ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠲᠦᠷᠢᠮ ᠤᠨ ᠪᠠᠲᠤᠯᠠᠭ᠎ᠠ ᠬᠠᠩᠭᠠᠨ᠎ᠠ  — ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠦᠷᠢᠮ︾᠎ ᠢ ᠵᠠᠰᠠᠵᠤ ᠨᠡᠶᠢᠲᠡᠯᠡᠬᠦ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃  ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ︽ᠲᠦᠷᠢᠮ︾᠎ ᠢ ᠢᠯᠡ ᠪᠠᠷ ᠨᠡᠶᠢᠲᠡᠯᠡᠬᠦ ᠲᠠᠰᠢᠷᠠᠮ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ︽ᠲᠦᠷᠢᠮ︾᠎ ᠳᠤ ᠵᠠᠰᠠᠪᠤᠷᠢ ᠣᠷᠣᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃  1 . ᠠᠰᠠᠭᠤᠯᠲᠠ᠄ ︽ᠲᠦᠷᠢᠮ︾᠎ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ ︖  ᠬᠠᠷᠢᠭᠤᠯᠲᠠ᠄ 2006 ᠣᠨ ᠤ 1 ᠳ᠋ᠦ᠋ᠭᠡᠷ ᠰᠠᠷ᠎ᠠ ᠳᠤ ᠨᠠᠮ ᠤᠨ ᠲᠥᠪ ᠬᠤᠷᠢᠶ᠎ᠠ ᠠᠴᠠ ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠵᠦ᠂ 2015 ᠣᠨ ᠤ 10 ᠳ᠋ᠤᠭᠠᠷ ᠰᠠᠷ᠎ᠠ ᠳᠤ ᠨᠠᠮ ᠤᠨ ᠲᠥᠪ ᠬᠤᠷᠢᠶ᠎ᠠ ᠠᠴᠠ ᠵᠢᠩᠬᠢᠨᠢ ᠪᠠᠷ ᠨᠡᠶᠢᠲᠡᠯᠡᠭᠰᠡᠨ ︽ᠲᠦᠷᠢᠮ︾ ᠪᠣᠯ ᠮᠠᠨ ᠤ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠤᠭᠰᠠᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯᠤᠨ᠎ᠠ᠂ ᠲᠡᠷᠡ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠤᠮᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠦᠵᠢᠭᠦᠯᠬᠦ᠂ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠣᠨᠣᠯ ᠢᠶᠠᠷ ᠨᠠᠮ ᠢ ᠬᠦᠴᠦᠷᠬᠡᠭᠵᠢᠭᠦᠯᠬᠦ ᠶᠢ ᠪᠠᠷᠢᠮᠲᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠳᠤᠷᠠᠳᠴᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠳᠤ ᠴᠦ ᠰᠢᠨ᠎ᠡ ᠬᠤᠪᠢᠷᠠᠯᠲᠠ ᠭᠠᠷᠴᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ︽ᠲᠦᠷᠢᠮ︾᠎ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃  ᠡᠨᠡ ᠤᠳᠠᠭ᠎ᠠ ᠵᠠᠰᠠᠪᠤᠷᠢ ᠣᠷᠣᠭᠤᠯᠤᠭᠰᠠᠨ ︽ᠲᠦᠷᠢᠮ︾᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠠᠵᠢᠯ ᠤᠨ ᠵᠠᠷᠴᠢᠮ ᠪᠠ ᠪᠣᠯᠪᠠᠰᠤᠷᠠᠬᠤ ᠡᠲᠡᠭᠡᠳ᠂ ᠪᠣᠯᠪᠠᠰᠤᠷᠠᠯ ᠤᠨ ᠠᠭᠤᠯᠭ᠎ᠠ᠂ ᠠᠷᠭ᠎ᠠ ᠬᠡᠯᠪᠡᠷᠢ᠂ ᠪᠣᠯᠪᠠᠰᠤᠷᠠᠯ ᠤᠨ ᠪᠠᠲᠤᠯᠠᠭ᠎ᠠ᠂ ᠬᠢᠨᠠᠨ ᠰᠢᠯᠭᠠᠵᠤ ᠦᠨᠡᠯᠡᠬᠦ ᠪᠠ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠵᠡᠷᠭᠡ ᠶᠢ ᠤᠯᠠᠮ ᠴᠢᠨᠠᠭᠰᠢᠳᠠ ᠵᠢᠷᠤᠮᠵᠢᠭᠤᠯᠪᠠ᠂ ᠡᠨᠡ ᠪᠣᠯ ᠰᠢᠨ᠎ᠡ ᠴᠠᠭ ᠦᠶ᠎ᠡ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ︽ᠲᠦᠷᠢᠮ︾᠎ ᠳᠤ ᠵᠠᠰᠠᠪᠤᠷᠢ ᠣᠷᠣᠭᠤᠯᠵᠤ ᠬᠡᠷᠡᠭᠵᠢᠭᠦᠯᠬᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠤ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠬᠥᠮᠦᠵᠢᠭᠦᠯᠦᠨ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  2 . ᠠᠰᠠᠭᠤᠯᠲᠠ᠄ ︽ᠳᠦᠷᠢᠮ︾᠎ ᠳᠤ ᠵᠠᠰᠠᠪᠤᠷᠢ ᠣᠷᠣᠭᠤᠯᠤᠭᠰᠠᠨ ᠶᠡᠷᠦᠩᠬᠡᠶ ᠪᠣᠳᠣᠯᠬᠢᠯᠠᠯ ᠨᠢ ᠶᠠᠭᠤ         ᠪᠣᠢ︖  ᠬᠠᠷᠢᠭᠤᠯᠲᠠ᠄ ᠡᠨᠡ ᠤᠳᠠᠭ᠎ᠠ ︽ᠲᠦᠷᠢᠮ︾᠎ ᠳᠤ ᠵᠠᠰᠠᠪᠤᠷᠢ ᠣᠷᠣᠭᠤᠯᠤᠭᠰᠠᠨ ᠶᠡᠷᠦᠩᠬᠡᠶ ᠪᠣᠳᠣᠯᠬᠢᠯᠠᠯ ᠪᠣᠯ᠄ ᠨᠢᠭᠡ ᠳᠤ᠂ ᠤᠯᠤᠰ ᠲᠥᠷᠥ ᠶᠢᠨ ᠵᠣᠭᠰᠣᠴᠠ᠂ ᠦᠵᠡᠯ ᠰᠠᠨᠠᠭᠠᠨ ᠤ ᠵᠢᠯᠣᠭᠤᠳᠤᠮᠵᠢ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠤᠬᠠᠢ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠪᠡ᠃ ᠬᠤᠶᠠᠷ ᠲᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ ᠤᠨ ᠵᠢᠮ᠎ᠡ ᠶᠣᠰᠣ ᠣᠨᠴᠠᠯᠢᠭ ᠢ ᠵᠢᠷᠤᠮᠯᠠᠨ       ᠡᠵᠡᠮᠰᠢᠵᠦ᠂ ᠶᠡᠷᠦᠩᠬᠡᠢ ᠪᠣᠷᠣ ᠲᠥᠯᠥᠪ ᠪᠠ ᠪᠡᠶᠡᠴᠢ ᠴᠣᠭᠴᠠ ᠶᠢᠨ ᠠᠭᠤᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠨᠠᠮ ᠤᠨ ᠲᠥᠪ ᠬᠤᠷᠢᠶᠠᠨ ᠤ ᠬᠠᠮᠤᠭ ᠤᠨ ᠰᠢᠨ᠎ᠡ ᠵᠣᠷᠢᠭ ᠰᠠᠨᠠᠭ᠎ᠠ ᠪᠠ ᠪᠣᠳᠠᠲᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠵᠦᠢᠯ ᠪᠠᠳᠠᠭ ᠢ ᠲᠡᠭᠦᠯᠳᠡᠷᠵᠢᠭᠦᠯᠦᠨ ᠲᠤᠬᠢᠷᠠᠭᠤᠯᠬᠤ ᠶᠢᠨ ᠬᠠᠮᠲᠤ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ ᠢ ᠤᠨᠤᠯ᠂ ᠦᠢᠯᠡᠳᠦᠯᠭᠡ᠂ ᠲᠦᠷᠢᠮ ᠵᠡᠷᠭᠡ ᠲᠠᠯ᠎ᠠ ᠠᠴᠠ ᠰᠦᠪᠡᠭᠴᠢᠯᠡᠨ ᠪᠤᠢ ᠪᠣᠯᠭᠠᠭᠰᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠪᠣᠯᠪᠠᠰᠤᠷᠠᠩᠭᠤᠢ ᠠᠷᠭ᠎ᠠ ᠪᠠᠷᠢᠯ ᠢ ᠰᠢᠩᠭᠡᠭᠡᠨ ᠠᠪᠴᠤ᠂ ᠲᠦᠷᠢᠮ ᠤᠨ ᠵᠢᠷᠤᠮᠵᠢᠯ ᠪᠣᠯᠭᠠᠨ ᠳᠡᠭᠡᠭᠰᠢᠯᠡᠭᠦᠯᠦᠨ᠎ᠡ᠃ ᠭᠤᠷᠪᠠ ᠳᠤ᠂ ᠬᠠᠤᠯᠢ ᠳᠤ ᠨᠡᠶᠢᠴᠡᠭᠦᠯᠦᠨ᠂ ᠤᠴᠢᠷ ᠶᠠᠪᠤᠳᠠᠯ ᠳᠤ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠪᠠ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾᠂ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠲᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ ᠲᠠᠢ ᠵᠣᠯᠭᠠᠭᠤᠯᠬᠤ ᠶᠢ ᠴᠢᠬᠤᠯᠠᠴᠢᠯᠠᠭᠰᠠᠨ ᠪᠥᠭᠡᠳ ᠪᠠᠰᠠ ᠰᠢᠨ᠎ᠡ ᠴᠠᠭ ᠦᠶ᠎ᠡ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠰᠢᠨ᠎ᠡ ᠦᠢᠯᠡᠳᠦᠯᠭᠡ ᠰᠢᠨ᠎ᠡ ᠪᠠᠶᠢᠳᠠᠯ ᠳᠤ ᠠᠩᠬᠠᠷᠤᠯ ᠢᠶᠠᠨ       ᠲᠥᠪᠯᠡᠷᠡᠭᠦᠯᠵᠦ᠂ ᠲᠦᠷᠢᠮ ᠤᠨ ᠲᠠᠯ᠎ᠠ ᠠᠴᠠ ᠴᠢᠭᠯᠡᠭᠦᠯᠦᠯᠲᠦ ᠴᠢᠨᠠᠷ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠠᠷᠭ᠎ᠠ ᠬᠡᠮᠵᠢᠶ᠎ᠡ ᠶᠢ ᠳᠤᠷᠠᠳᠪᠠ᠃  3 . ᠠᠰᠠᠭᠤᠯᠲᠠ᠄ ︽ᠳᠦᠷᠢᠮ︾᠎ ᠨᠢ ᠭᠤᠣᠯᠳᠠᠭᠤ ᠶᠠᠮᠠᠷ ᠶᠠᠮᠠᠷ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠢ ᠲᠠᠨᠢᠯᠴᠠᠭᠤᠯᠤᠭᠠᠳ ᠥᠭᠭᠦᠨ᠎ᠡ ᠦᠦ︖  ᠬᠠᠷᠢᠭᠤᠯᠲᠠ᠄ 2015 ᠣᠨ ᠤ ︽ᠲᠦᠷᠢᠮ︾᠎ ᠲᠠᠢ ᠬᠠᠷᠢᠴᠠᠭᠤᠯᠪᠠᠯ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠦᠷᠢᠮ︾᠎ ᠨᠢ ᠤᠤᠯ ᠤᠨ ᠪᠣᠷᠣ ᠲᠥᠯᠥᠪ ᠢ ᠦᠨᠳᠦᠰᠦᠨ ᠳᠡᠭᠡᠨ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠪᠦᠯᠦᠭ ᠬᠡᠰᠡᠭ ᠲᠤ ︽ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠯᠲᠠ︾ ᠭᠡᠬᠦ‍ ᠨᠢᠭᠡ ᠪᠦᠯᠦᠭ ᠢ ᠰᠢᠨ᠎ᠡ ᠪᠠᠷ ᠨᠡᠮᠡᠵᠦ᠂ ᠵᠦᠢᠯ ᠵᠤᠷᠪᠤᠰ ᠲᠤ 7 ᠵᠦᠢᠯ ᠢ ᠰᠢᠨ᠎ᠡ ᠪᠠᠷ ᠨᠡᠮᠡᠵᠦ᠂ 6 ᠵᠦᠢᠯ ᠢ ᠡᠮᠬᠢᠯᠡᠨ ᠨᠡᠶᠢᠯᠡᠭᠦᠯᠵᠦ ᠬᠠᠰᠤᠪᠠ᠂ ᠨᠡᠶᠢᠲᠡ 10 ᠪᠦᠯᠦᠭ 63 ᠵᠦᠢᠯ ᠪᠣᠶ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠵᠠᠰᠠᠪᠤᠷᠢ ᠣᠷᠣᠭᠤᠯᠪᠠ᠄ ᠨᠢᠭᠡ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ ᠢ ᠲᠡᠭᠦᠯᠳᠡᠷᠵᠢᠭᠦᠯᠦᠨ᠎ᠡ᠃ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ︾᠂ ︽︿ᠬᠤᠶᠠᠷ ᠢ ᠲᠣᠭᠲᠠᠭᠠᠬᠤ﹀᠎ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︿ᠳᠥᠷᠪᠡᠨ ᠤᠬᠠᠮᠰᠠᠷ﹀᠎ ᠢᠶᠠᠨ ᠴᠢᠩᠭᠠᠳᠬᠠᠵᠤ᠂ ︿ᠳᠥᠷᠪᠡᠨ ᠢᠲᠡᠭᠡᠯ﹀᠎ ᠢᠶᠠᠨ ᠪᠠᠲᠤᠳᠬᠠᠵᠤ᠂ ︿ᠬᠤᠶᠠᠷ ᠢ ᠬᠠᠮᠠᠭᠠᠯᠠᠬᠤ﹀᠎ ᠶᠢ ᠪᠡᠶᠡᠯᠡᠭᠦᠯᠬᠦ︾᠂ ︽ᠴᠢᠨᠠᠷ ᠰᠠᠶᠢᠲᠠᠶ ᠰᠤᠷᠭᠠᠨ ᠬᠥᠮᠦᠵᠢᠭᠦᠯᠵᠦ ᠪᠣᠯᠪᠠᠰᠤᠷᠠᠬᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠥᠨᠳᠥᠷ ᠲᠦᠪᠰᠢᠨ ᠢᠶᠠᠷ ᠦᠢᠯᠡᠴᠢᠯᠡᠬᠦ︾ ᠵᠡᠷᠭᠡ ᠶᠢ ᠵᠢᠯᠣᠭᠤᠳᠬᠤ ᠦᠵᠡᠯ ᠰᠠᠨᠠᠭ᠎ᠠ ᠳᠤ ᠪᠢᠴᠢᠵᠦ ᠣᠷᠣᠭᠤᠯᠪᠠ᠃ ᠡᠭᠦᠨ ᠤ ᠬᠠᠮᠲᠤ᠂ ᠰᠢᠨ᠎ᠡ ᠪᠠᠶᠢᠳᠠᠯ ᠤᠨ ᠡᠭᠦᠷᠭᠡ ᠪᠠ ᠠᠵᠢᠯ ᠤᠨ ᠬᠡᠷᠡᠭᠴᠡᠭᠡ ᠲᠠᠢ ᠤᠶᠠᠯᠳᠤᠭᠤᠯᠤᠨ᠂ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ ᠤᠨ 6 ᠵᠠᠷᠴᠢᠮ ᠢ ᠵᠠᠰᠠᠵᠤ ᠲᠡᠭᠦᠯᠳᠡᠷᠵᠢᠭᠦᠯᠪᠡ᠃ ᠬᠤᠶᠠᠷ ᠲᠤ᠂ ᠲᠤᠰᠢᠶᠠᠯ ᠤᠨ ᠲᠠᠰ ᠤᠨ ᠠᠯᠪᠠᠲᠠᠨ ᠤ ᠬᠥᠮᠦᠵᠢᠯ ᠪᠣᠯᠪᠠᠰᠤᠷᠠᠯ ᠤᠨ ᠴᠠᠭ ᠬᠤᠭᠤᠴᠠᠭᠠᠨ ᠤ ᠱᠠᠭᠠᠷᠳᠠᠯᠭ᠎ᠠ ᠶᠢ ᠲᠣᠳᠣᠷᠬᠠᠶᠢᠯᠠᠪᠠ᠃ 2018 ᠣᠨ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠪᠣᠯᠤᠨ 2019 ᠣᠨ ᠤ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠲᠣᠭᠲᠠᠭᠠᠯ︾᠎ ᠢ ᠦᠨᠳᠦᠰᠦᠯᠡᠨ᠂ ᠠᠰᠠᠭᠤᠯᠲᠠ ᠶᠢᠨ ᠬᠠᠭᠤᠳᠠᠰᠤ ᠪᠠᠷ ᠶᠡᠷᠦᠩᠬᠡᠶᠢᠯᠡᠭᠰᠡᠨ ᠪᠠᠶᠢᠴᠠᠭᠠᠯᠲᠠ ᠬᠢᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠳᠤ ᠲᠤᠰᠢᠶᠠᠯ ᠤᠨ ᠲᠠᠰ ᠤᠨ ᠠᠯᠪᠠᠲᠠᠨ ᠤ ᠬᠥᠮᠦᠵᠢᠯ ᠪᠣᠯᠪᠠᠰᠤᠷᠠᠯ ᠳᠤ ᠣᠷᠣᠯᠴᠠᠬᠤ ᠴᠠᠭ ᠤᠨ ᠬᠡᠮᠵᠢᠶ᠎ᠡ ᠶᠢᠨ ᠱᠠᠭᠠᠷᠳᠠᠯᠭ᠎ᠠ ᠶᠢᠨ ᠲᠤᠬᠠᠶ ᠲᠣᠭᠲᠠᠭᠠᠯ ᠭᠠᠷᠭᠠᠪᠠ᠃ ᠭᠤᠷᠪᠠ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠺᠠᠳ᠋ᠷ ᠤᠨ ᠬᠥᠮᠦᠵᠢᠯ ᠪᠣᠯᠪᠠᠰᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠨᠠᠮ ᠤᠨ ᠤᠨᠤᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢᠶᠠᠷ ᠭᠤᠣᠯᠳᠠᠯᠭ᠎ᠠ ᠪᠣᠯᠭᠠᠨ᠂ ᠮᠡᠳᠡᠯᠭᠡ ᠶᠢᠨ ᠪᠣᠯᠪᠠᠰᠤᠷᠠᠯ ᠢ ᠴᠢᠬᠤᠯᠠᠴᠢᠯᠠᠬᠤ ᠶᠢᠨ ᠬᠠᠮᠲᠤ ᠬᠡᠰᠡᠭ ᠨᠢᠭᠡᠪᠦᠷᠢ ᠶᠢᠨ ᠭᠤᠣᠯᠳᠠᠯᠭ᠎ᠠ ᠲᠠᠢ ᠠᠭᠤᠯᠭ᠎ᠠ ᠶᠢ ᠲᠡᠭᠦᠯᠳᠡᠷᠵᠢᠭᠦᠯᠦᠨ ᠲᠤᠬᠢᠷᠠᠭᠤᠯᠪᠠ᠃ ᠲᠦᠷᠪᠡ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠶᠢᠨ ᠰᠢᠰᠲ᠋ᠧᠮ ᠢ ᠵᠢᠷᠤᠮᠵᠢᠭᠤᠯᠤᠨ᠎ᠠ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠳᠤ ᠭᠤᠤᠯᠳᠠᠭᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ᠂ ᠰᠠᠯᠠᠭ᠎ᠠ ᠮᠥᠴᠢᠷ ᠠᠵᠢᠯ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠯᠪᠠᠰᠤᠷᠠᠯ ᠤᠨ ᠪᠠᠶᠢᠭᠤᠯᠤᠮᠵᠢ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠳᠡᠭᠡᠳᠦ ᠰᠤᠷᠭᠠᠭᠤᠯᠢ ᠶᠢᠨ ᠰᠠᠭᠤᠷᠢᠨ ᠭᠠᠵᠠᠷ ᠪᠠᠶᠢᠬᠤ ᠶᠢ ᠲᠣᠳᠣᠷᠬᠠᠶᠢᠯᠠᠬᠤ ᠶᠢᠨ ᠬᠠᠮᠲᠤ 6 ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠵᠢᠷᠤᠮᠵᠢᠭᠤᠯᠤᠨ᠎ᠠ᠃ ᠲᠠᠪᠤ ᠳᠤ᠂ ︽ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠬᠤ︾ ᠭᠡᠬᠦ ᠪᠦᠯᠦᠭ ᠢ ᠰᠢᠨ᠎ᠡ ᠪᠠᠷ ᠨᠡᠮᠡᠪᠡ᠃ ᠤᠤᠯ ᠤᠨ ᠲᠦᠷᠢᠮ ᠳᠠᠬᠢ ᠲᠣᠷᠭᠠᠬᠤ ᠲᠦᠷᠢᠮ ᠳᠤ ᠬᠤᠯᠪᠣᠭᠳᠠᠭᠰᠠᠨ ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠲᠤᠰᠠᠭᠠᠷ ᠪᠦᠯᠦᠭ ᠪᠣᠯᠭᠠᠨ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃  4 . ᠠᠰᠠᠭᠤᠯᠲᠠ᠄ ︽ᠲᠦᠷᠢᠮ︾᠎ ᠳᠤ ᠲᠤᠰᠢᠶᠠᠯ ᠤᠨ ᠲᠠᠰ ᠤᠨ ᠠᠯᠪᠠᠲᠠᠨ ᠤ ᠬᠥᠮᠦᠵᠢᠯ ᠪᠣᠯᠪᠠᠰᠤᠷᠠᠯ ᠤᠨ ᠴᠠᠭ ᠤᠨ ᠬᠡᠮᠵᠢᠶ᠎ᠡ ᠶᠢ ᠬᠡᠷᠬᠢᠨ ᠲᠣᠭᠲᠠᠭᠠᠭᠰᠠᠨ ᠪᠣᠶ︖  2018 ᠣᠨ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠎ ᠶᠢ ᠦᠨᠳᠦᠰᠦᠯᠡᠪᠡᠯ᠂ 2019 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠤᠯᠤᠰ ᠠᠴᠠ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠲᠦᠷᠢᠮ ᠢ ᠬᠡᠷᠡᠭᠵᠢᠭᠦᠯᠦᠨ᠎ᠡ᠃ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ︽ᠲᠦᠷᠢᠮ︾᠎ ᠳᠤ ᠲᠤᠰᠢᠶᠠᠯ ᠤᠨ ᠲᠠᠰ ᠤᠨ ᠠᠯᠪᠠᠲᠠᠨ ᠤ ᠬᠥᠮᠦᠵᠢᠯ ᠪᠣᠯᠪᠠᠰᠤᠷᠠᠯ ᠤᠨ ᠴᠠᠭ ᠤᠨ ᠬᠡᠮᠵᠢᠶ᠎ᠡ ᠶᠢᠨ ᠲᠤᠬᠠᠶ ᠲᠣᠭᠲᠠᠭᠠᠯ ᠭᠠᠷᠭᠠᠵᠤ᠂ ᠭᠤᠤᠯᠳᠠᠭᠤ ᠪᠥᠬᠦ ᠺᠠᠳ᠋ᠷ ᠤᠨ ᠬᠥᠮᠦᠵᠢᠯ ᠪᠣᠯᠪᠠᠰᠤᠷᠠᠯ ᠭᠥᠷᠳᠡᠬᠦ ᠡᠷᠬᠡ ᠪᠠ ᠡᠭᠦᠷᠭᠡ ᠶᠢ ᠪᠠᠲᠤᠯᠠᠵᠤ᠂ ︽ᠲᠦᠷᠢᠮ︾᠎ ᠳᠤ ᠳᠣᠭᠢᠷᠠᠬᠤ ᠪᠣᠯᠪᠠᠰᠤᠷᠠᠯ ᠤᠨ ᠡᠲᠡᠭᠡᠳ ᠤᠨ ᠪᠥᠬᠦ ᠲᠠᠯᠠᠲᠤ ᠴᠢᠨᠠᠷ᠂ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠪᠠ᠃ 2019 ᠣᠨ ᠤ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠲᠣᠭᠲᠠᠭᠠᠯ︾ ᠶᠣᠰᠣᠭᠠᠷ᠂ ᠰᠢᠶᠠᠨ᠂ ᠭᠠᠵᠠᠷ ᠤᠨ ᠲᠠᠰ ᠤᠨ ᠳᠡᠳ᠋ ᠲᠤᠰᠢᠶᠠᠯ ᠤᠨ ᠤᠳᠤᠷᠢᠳᠬᠤ ᠲᠤᠰᠢᠶᠠᠯ ᠤᠨ ᠬᠠᠷᠠᠭᠠᠯᠵᠠᠭᠰᠠᠨ ᠶᠡᠷᠦᠩᠬᠡᠶᠢᠯᠡᠨ ᠬᠠᠮᠢᠶᠠᠷᠬᠤ ᠲᠥᠷᠥᠯ ᠤᠨ ᠠᠯᠪᠠᠲᠠᠨ ᠤ ᠬᠠᠮᠤᠭ ᠤᠨ ᠳᠤᠤᠷ᠎ᠠ ᠲᠤᠰᠢᠶᠠᠯ ᠤᠨ ᠲᠠᠰ ᠪᠣᠯ ᠳᠥᠷᠪᠡᠨ ᠱᠠᠲᠤᠨ ᠤ ᠪᠠᠶᠢᠴᠠᠭᠠᠨ ᠰᠤᠳᠤᠯᠤᠭᠴᠢ ᠪᠣᠯᠤᠨ᠎ᠠ᠃ ᠲᠦᠮᠡᠨ ᠨᠡᠷᠡᠰ ᠺᠠᠳ᠋ᠷ ᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠢ ᠶᠡᠷᠦᠩᠬᠡᠶᠢᠯᠡᠨ᠂ ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠡᠭᠦᠷᠭᠡᠯᠡᠵᠦ ᠪᠠᠶᠢᠭ᠎ᠠ ᠲᠤᠰᠢᠶᠠᠯ ᠬᠠᠷᠢᠭᠤᠴᠠᠯᠭ᠎ᠠ ᠡᠭᠦᠷᠭᠡ ᠳᠡᠭᠡᠨ ᠨᠠᠩ ᠰᠠᠶᠢᠨ ᠵᠣᠬᠢᠴᠠᠭᠤᠯᠬᠤ ᠠᠴᠠ ᠪᠣᠳᠣᠯᠬᠢᠯᠠᠵᠤ᠂ ᠰᠢᠶᠠᠨ᠂ ᠭᠠᠵᠠᠷ ᠤᠨ ᠲᠠᠰ ᠠᠴᠠ ᠳᠡᠭᠡᠭᠰᠢᠬᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠠᠭ ᠤᠨ ᠬᠡᠮᠵᠢᠶ᠎ᠡ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ︽ᠲᠦᠷᠢᠮ︾᠎ ᠳᠤ ᠲᠣᠭᠲᠠᠭᠠᠭᠰᠠᠨ ᠨᠢ᠄ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠢᠴᠢ ᠨᠡᠯᠢᠶᠡᠳ ᠲᠠᠰ ᠳᠠᠪᠬᠤᠷᠭ᠎ᠠ ᠶᠢᠨ ᠲᠤᠰᠢᠶᠠᠯ ᠤᠨ ᠲᠠᠰ ᠠᠴᠠ ᠳᠡᠭᠡᠭᠰᠢᠬᠢ ᠠᠯᠪᠠᠲᠠᠨ 5 ᠵᠢᠯ ᠪᠦᠷᠢ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠵᠡᠷᠭᠡ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠢᠯ ᠠᠴᠠ ᠪᠠᠨ ᠰᠠᠯᠵᠤ ᠪᠣᠯᠪᠠᠰᠤᠷᠠᠯ ᠳᠤ ᠣᠷᠣᠯᠴᠠᠬᠤ ᠵᠢᠴᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠷᠡᠭᠰᠡᠨ ᠪᠤᠰᠤᠳ ᠲᠥᠪᠯᠡᠷᠡᠭᠦᠯᠦᠨ ᠪᠣᠯᠪᠠᠰᠤᠷᠠᠬᠤ ᠠᠵᠢᠯ ᠳᠤ ᠣᠷᠣᠯᠴᠠᠵᠤ᠂ ᠨᠡᠶᠢᠲᠡ 3 ᠰᠠᠷ᠎ᠠ ᠪᠤᠶᠤ 550 ᠬᠢᠴᠢᠶᠡᠯ ᠤᠨ ᠴᠠᠭ ᠠᠴᠠ ᠳᠤᠲᠠᠭᠤ ᠥᠬᠡᠶ ᠣᠷᠣᠯᠴᠠᠬᠤ ᠬᠡᠷᠡᠭᠲᠡᠶ᠃ ᠡᠭᠦᠨ ᠤ ᠬᠠᠮᠲᠤ ︽ᠲᠦᠷᠢᠮ︾᠎ ᠳᠤ᠄ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠵᠢᠴᠢ ᠨᠡᠯᠢᠶᠡᠳ ᠲᠠᠰ ᠳᠠᠪᠬᠤᠷᠭ᠎ᠠ ᠶᠢᠨ ᠲᠤᠰᠢᠶᠠᠯ ᠤᠨ ᠲᠠᠰ ᠠᠴᠠ ᠳᠣᠷᠣᠭᠰᠢᠬᠢ ᠠᠯᠪᠠᠲᠠᠨ ᠵᠢᠯ ᠪᠦᠷᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠷᠡᠭᠰᠡᠨ ᠲᠥᠪᠯᠡᠷᠡᠭᠦᠯᠦᠨ ᠪᠣᠯᠪᠠᠰᠤᠷᠠᠬᠤ ᠠᠵᠢᠯ ᠳᠤ ᠣᠷᠣᠯᠴᠠᠬᠤ ᠬᠡᠷᠡᠭᠲᠡᠶ᠂ ᠨᠡᠶᠢᠲᠡ 12 ᠡᠳᠦᠷ ᠪᠤᠶᠤ 90 ᠬᠢᠴᠢᠶᠡᠯ ᠤᠨ ᠴᠠᠭ ᠠᠴᠠ ᠳᠤᠲᠠᠭᠤ ᠪᠠᠶᠢᠵᠤ ᠪᠣᠯᠬᠤ ᠥᠬᠡᠶ᠃  ᠵᠢᠭᠠᠵᠤ ᠭᠠᠷᠭᠠᠭᠤᠰᠢᠲᠠᠢ ᠨᠢ᠂ ᠰᠢᠶᠠᠩ ᠰᠠᠯᠠᠭᠠᠨ ᠤ ᠲᠡᠰ ᠤᠨ ᠤᠳᠤᠷᠢᠳᠬᠤ ᠲᠤᠰᠢᠶᠠᠯ ᠢ ᠵᠡᠷᠭᠡ ᠪᠠᠷ ᠡᠭᠦᠷᠭᠡᠯᠡᠵᠦ ᠪᠠᠶᠢᠭ᠎ᠠ ᠲᠦᠷᠪᠡᠨ ᠱᠠᠲᠤᠨ ᠤ ᠪᠠᠶᠢᠴᠠᠭᠠᠨ ᠰᠤᠳᠤᠯᠤᠭᠴᠢ ᠵᠢᠴᠢ ᠵᠣᠬᠢᠬᠤ ᠲᠡᠰ ᠳᠠᠪᠬᠤᠷᠭ᠎ᠠ ᠶᠢᠨ ᠲᠤᠰᠢᠶᠠᠯ ᠤᠨ ᠲᠡᠰ ᠠᠴᠠ ᠳᠡᠭᠡᠭᠰᠢᠬᠢ ᠺᠠᠳ᠋ᠷ ᠲᠤ᠂ ᠬᠥᠮᠦᠵᠢᠯ ᠪᠣᠯᠪᠠᠰᠤᠷᠠᠯ ᠤᠨ ᠴᠠᠭ ᠤᠨ ᠱᠠᠭᠠᠷᠳᠠᠯᠭ᠎ᠠ ᠨᠢ ︽ᠥᠨᠳᠥᠷ ᠢ ᠨᠢ ᠰᠣᠩᠭᠤᠵᠤ ᠳᠣᠣᠷ᠎ᠠ ᠶᠢ ᠨᠢ ᠦᠯᠡᠳᠡᠭᠡᠬᠦ︾ ᠵᠠᠷᠴᠢᠮ ᠢ ᠵᠢᠷᠤᠮᠯᠠᠵᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠵᠣᠬᠢᠴᠠᠩᠭᠤᠢ ᠵᠣᠬᠢᠶᠠᠨ ᠪᠠᠶᠢᠭᠤᠯᠬᠤ ᠪᠠ ᠠᠵᠢᠯᠳᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠪᠣᠯᠪᠠᠰᠤᠷᠠᠯ ᠳᠤ ᠣᠷᠣᠯᠴᠠᠬᠤ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠣᠭᠲᠠᠭᠰᠠᠨ ᠬᠥᠮᠦᠵᠢᠯ ᠪᠣᠯᠪᠠᠰᠤᠷᠠᠯ ᠤᠨ ᠴᠠᠭ ᠤᠨ ᠬᠡᠮᠵᠢᠶ᠎ᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃  5 . ᠠᠰᠠᠭᠤᠯᠲᠠ᠄ ︽ᠳᠦᠷᠢᠮ︾᠎ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠶᠠᠮᠠᠷ ᠶᠠᠮᠠᠷ ᠵᠢᠷᠤᠮᠵᠢᠯ ᠪᠠ ᠲᠡᠭᠦᠯᠳᠡᠷᠵᠢᠭᠦᠯᠦᠯᠲᠡ ᠬᠢᠭᠰᠡᠨ ᠪᠤᠢ︖  ᠬᠠᠷᠢᠭᠤᠯᠲᠠ᠄ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠥᠨᠳᠥᠷ ᠲᠦᠪᠰᠢᠨ ᠢᠶᠠᠷ ᠦᠢᠯᠡᠴᠢᠯᠡᠬᠦ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ᠦᠨ᠎ᠡ ᠦᠷᠳᠡᠭ ᠪᠣᠯᠤᠨ᠎ᠠ᠃ ᠨᠠᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠦᠢᠯᠡᠰ ᠤᠨ ᠵᠠᠭᠤᠨ ᠵᠢᠯ ᠤᠨ ᠥᠩᠭᠡᠷᠡᠯᠲᠡ ᠶᠢ ᠡᠷᠭᠢᠴᠡᠭᠦᠯᠪᠡᠯ᠂ ᠮᠠᠨ ᠤ ᠨᠠᠮ ᠢᠮᠠᠭᠲᠠ ᠠᠳᠠᠯᠢ ᠪᠤᠰᠤ ᠴᠠᠭ ᠦᠶ᠎ᠡ ᠶᠢᠨ ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢ ᠲᠣᠭᠲᠠᠭᠠᠵᠤ ᠲᠡᠭᠦᠯᠳᠡᠷᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠤᠬᠠᠢ ᠴᠢᠬᠤᠯᠠ ᠥᠭᠦᠯᠡᠯᠲᠡ ᠶᠢ ᠦᠨᠳᠦᠰᠦᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠣᠯᠪᠠᠰᠤᠷᠠᠩᠭᠤᠢ ᠬᠢᠳᠡᠯ ᠢ ᠳ᠋ᠦᠩᠨᠡᠵᠦ᠂ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ︽ᠲᠦᠷᠢᠮ︾᠎ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠰᠢᠰᠲ᠋ᠧᠮ ᠤᠨ ᠪᠦᠷᠢᠯᠳᠦᠯ ᠢ ᠤᠯᠠᠮ ᠴᠢᠨᠠᠭᠰᠢᠳᠠ ᠬᠤᠷᠢᠶᠠᠩᠭᠤᠶᠢᠯᠠᠨ ᠲᠡᠭᠦᠯᠳᠡᠷᠵᠢᠭᠦᠯᠵᠦ᠂ ︽ᠺᠠᠳ᠋ᠷ ᠤᠨ ᠬᠥᠮᠦᠵᠢᠯ ᠪᠣᠯᠪᠠᠰᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠤᠨᠤᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠪᠣᠯᠤᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢᠶᠠᠷ ᠭᠤᠣᠯᠳᠠᠯᠭ᠎ᠠ ᠪᠣᠯᠭᠠᠵᠤ᠂ ᠮᠡᠳᠡᠯᠭᠡ ᠶᠢᠨ ᠪᠣᠯᠪᠠᠰᠤᠷᠠᠯ ᠢ ᠴᠢᠬᠤᠯᠠᠴᠢᠯᠠᠨ᠎ᠠ︾ ᠭᠡᠵᠦ ᠲᠣᠭᠲᠠᠭᠠᠪᠠ᠃  ᠡᠨᠡ ᠬᠦ ᠲᠣᠭᠲᠠᠭᠠᠯ ᠳᠤ ᠰᠢᠨ᠎ᠡ ᠴᠠᠭ ᠦᠶ᠎ᠡ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠰᠢᠰᠲ᠋ᠧᠮ ᠳᠤ ᠭᠤᠣᠯᠳᠠᠭᠤ 4 ᠲᠠᠯ᠎ᠠ ᠪᠠᠭᠲᠠᠨ᠎ᠠ᠂ ᠲᠤᠬᠠᠶᠢᠯᠠᠪᠠᠯ ᠨᠠᠮ ᠤᠨ ᠤᠨᠤᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠪᠣᠯᠤᠨ ᠮᠡᠳᠡᠯᠭᠡ ᠶᠢᠨ ᠪᠣᠯᠪᠠᠰᠤᠷᠠᠯ ᠪᠣᠯᠤᠨ᠎ᠠ᠃ ᠡᠭᠦᠨ ᠳᠤ᠂ ᠨᠠᠮ ᠤᠨ ᠤᠨᠤᠯ ᠤᠨ ᠬᠥᠮᠦᠵᠢᠯ ᠪᠣᠯ ᠦᠨᠳᠦᠰᠦ ᠮᠥᠨ᠂ ᠨᠠᠮᠴᠢ ᠴᠢᠨᠠᠷ ᠤᠨ ᠬᠥᠮᠦᠵᠢᠯ ᠪᠣᠯ ᠭᠤᠣᠯᠳᠠᠯᠭ᠎ᠠ ᠮᠥᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠪᠣᠯ ᠵᠠᠩᠭᠢᠯᠠᠭ᠎ᠠ ᠮᠥᠨ᠂ ᠮᠡᠳᠡᠯᠭᠡ ᠶᠢᠨ ᠪᠣᠯᠪᠠᠰᠤᠷᠠᠯ ᠪᠣᠯ ᠰᠠᠭᠤᠷᠢ ᠮᠥᠨ᠂ ᠲᠦᠷᠪᠡᠨ ᠲᠠᠯ᠎ᠠ ᠪᠠᠷ ᠣᠨᠴᠠᠯᠢᠭ ᠨᠢ ᠢᠯᠡ ᠲᠣᠳᠣ᠂ ᠭᠤᠣᠯ ᠳᠡᠳ᠋ ᠨᠢ ᠲᠣᠳᠣᠷᠬᠠᠢ᠂ ᠣᠷᠭᠠᠨᠢᠭ ᠬᠠᠷᠢᠯᠴᠠᠭ᠎ᠠ ᠲᠠᠢ᠂ ᠬᠠᠷᠢᠯᠴᠠᠨ ᠠᠬᠢᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠰᠢᠰᠲ᠋ᠧᠮ ᠢ ᠬᠠᠮᠲᠤ ᠪᠠᠷ ᠪᠦᠷᠢᠯᠳᠦᠭᠦᠯᠪᠡ᠃ ᠣᠨᠴᠠᠭᠠᠶᠢᠯᠠᠨ ᠴᠢᠬᠤᠯᠠᠴᠢᠯᠠᠭᠤᠰᠢᠲᠠᠢ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠪᠣᠯᠤᠭᠰᠠᠨ ᠤ ᠬᠤᠪᠢ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠢᠷᠤᠮᠯᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ︽ᠳᠦᠷᠢᠮ︾᠎ ᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠂ ᠺᠠᠳ᠋ᠷ ᠤᠨ ᠬᠥᠮᠦᠵᠢᠯ ᠪᠣᠯᠪᠠᠰᠤᠷᠠᠯ ᠳᠤᠮᠳᠠ ᠨᠠᠮ ᠤᠨ ᠰᠢᠨ᠎ᠡ ᠶᠢ ᠡᠭᠦᠳᠬᠦ ᠣᠨᠣᠯ ᠤᠨ ᠬᠥᠮᠦᠵᠢᠯ ᠢ ᠳᠣᠪᠤᠶᠢᠯᠭᠠᠬᠤ ᠬᠡᠷᠡᠭᠲᠡᠶ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ ᠶᠢ ᠪᠠᠷᠢᠮᠲᠠᠯᠠᠨ᠎ᠠ᠂ ᠨᠢᠭᠡᠳᠦᠭᠰᠡᠨ ᠵᠣᠷᠢᠭ ᠰᠠᠨᠠᠭ᠎ᠠ᠂ ᠨᠢᠭᠡᠳᠦᠯᠲᠡᠶ ᠠᠵᠢᠯᠯᠠᠭ᠎ᠠ᠂ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠨᠡ ᠬᠦ ᠴᠢᠬᠤᠯᠠ ᠦᠵᠡᠯ ᠰᠠᠨᠠᠭᠠᠨ ᠤ ᠦᠨᠳᠦᠰᠦᠨ ᠦᠵᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠭᠦᠯᠬᠦ ᠬᠡᠷᠡᠭᠲᠡᠢ᠂ ᠰᠢᠨᠵᠢᠯᠡᠬᠦ ᠤᠬᠠᠭᠠᠨ ᠤ ᠲᠣᠭᠲᠠᠯᠴᠠᠭ᠎ᠠ᠂ ᠡᠨᠡ ᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠶᠢ ᠰᠠᠶᠢᠲᠤᠷ ᠡᠵᠡᠮᠰᠢᠬᠦ ᠬᠡᠷᠡᠭᠲᠡᠢ᠂ ᠠᠷᠭ᠎ᠠ ᠶᠢᠨ ᠤᠨᠦᠯ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠶ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ᠂ ︽ᠳᠥᠷᠪᠡᠨ ᠤᠬᠠᠮᠰᠠᠷ︾᠎ ᠢ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ᠂ ᠡᠨᠡ ᠬᠦ ᠴᠢᠬᠤᠯᠠ ᠦᠵᠡᠯ ᠰᠠᠨᠠᠭ᠎ᠠ ᠶᠢ ᠦᠨᠡᠨ ᠬᠦ ᠡᠷᠡᠰ ᠪᠠᠲᠤ ᠬᠦᠰᠡᠯᠡᠩ ᠪᠣᠯᠭᠠᠨ ᠬᠤᠪᠢᠷᠠᠭᠤᠯᠤᠨ᠎ᠠ᠂ ᠨᠠᠮᠴᠢ ᠴᠢᠨᠠᠷ ᠢ ᠳᠠᠪᠲᠠᠨ ᠪᠣᠯᠪᠠᠰᠤᠷᠠᠬᠤ ᠪᠠ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃  6 . ᠠᠰᠠᠭᠤᠯᠲᠠ᠄ ︽ᠳᠦᠷᠢᠮ︾᠎ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠳᠤ ᠶᠠᠮᠠᠷ ᠶᠠᠮᠠᠷ ᠰᠢᠨ᠎ᠡ ᠲᠣᠭᠲᠠᠭᠠᠯ ᠭᠠᠷᠭᠠᠭᠰᠠᠨ ᠪᠤᠢ︖  ᠬᠠᠷᠢᠭᠤᠯᠲᠠ᠄ ᠺᠠᠳ᠋ᠷ ᠬᠥᠮᠦᠵᠢᠭᠦᠯᠵᠦ ᠪᠣᠯᠪᠠᠰᠤᠷᠠᠬᠤ ᠪᠠᠶᠢᠭᠤᠯᠤᠮᠵᠢ ᠪᠣᠯ ᠪᠣᠯᠪᠠᠰᠤᠷᠠᠬᠤ ᠲᠥᠯᠥᠪᠯᠡᠭᠡ ᠶᠢ ᠬᠡᠷᠡᠭᠵᠢᠭᠦᠯᠬᠦ᠂ ᠪᠣᠯᠪᠠᠰᠤᠷᠠᠬᠤ ᠡᠭᠦᠷᠭᠡ ᠶᠢ ᠪᠡᠶᠡᠯᠡᠭᠦᠯᠬᠦ ᠭᠤᠣᠯ ᠠᠷᠭ᠎ᠠ ᠵᠠᠮ ᠮᠥᠨ᠃ ᠡᠨᠡ ᠤᠳᠠᠭ᠎ᠠ ︽ᠲᠦᠷᠢᠮ︾᠎ ᠳᠤ ᠵᠠᠰᠠᠪᠤᠷᠢ ᠣᠷᠣᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠪᠣᠯᠪᠠᠰᠤᠷᠠᠩᠭᠤᠶ ᠠᠷᠭ᠎ᠠ ᠬᠢᠳᠡᠯ ᠢ ᠳ᠋ᠦᠩᠨᠡᠨ ᠰᠢᠩᠭᠡᠭᠡᠨ ᠠᠪᠴᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠤᠯᠠᠮ ᠨᠢᠭᠡ ᠠᠯᠬᠤᠮ ᠲᠣᠭᠲᠠᠭᠠᠯ ᠭᠠᠷᠭᠠᠪᠠ᠃ ᠨᠢᠭᠡ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠶᠢᠨ ᠰᠢᠰᠲ᠋ᠧᠮ ᠢ ᠵᠢᠷᠤᠮᠵᠢᠭᠤᠯᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠳᠤ ᠭᠤᠣᠯᠳᠠᠭᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ᠂ ᠰᠠᠯᠠᠭ᠎ᠠ ᠮᠥᠴᠢᠷ ᠤᠨ ᠠᠵᠢᠯ ᠲᠦᠷᠦᠯ ᠤᠨ ᠪᠣᠯᠪᠠᠰᠤᠷᠠᠯ ᠤᠨ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠯᠪᠠᠰᠤᠷᠠᠯ ᠤᠨ ᠪᠠᠶᠢᠭᠤᠯᠤᠮᠵᠢ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠶᠡᠭᠡ ᠳᠡᠭᠡᠳᠦ ᠰᠤᠷᠭᠠᠭᠤᠯᠢ ᠶᠢᠨ ᠰᠠᠭᠤᠷᠢᠨ ᠪᠠᠭᠲᠠᠨ᠎ᠠ ᠭᠡᠵᠦ ᠲᠣᠳᠣᠷᠬᠠᠶᠢᠯᠠᠭᠰᠠᠨ ᠪᠥᠭᠡᠳ 6 ᠲᠦᠷᠦᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠰ ᠲᠤᠰ ᠤᠨ ᠣᠨᠴᠠᠯᠢᠭ ᠪᠣᠯᠤᠨ ᠳᠠᠪᠠᠭᠤᠯᠢᠭ ᠢ ᠦᠨᠳᠦᠰᠦᠯᠡᠨ ᠲᠡᠭᠦᠨ ᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠵᠢᠷᠤᠮᠵᠢᠭᠤᠯᠪᠠ᠃ ᠬᠤᠶᠠᠷ ᠲᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢ ᠰᠠᠶᠢᠲᠤᠷ ᠡᠷᠭᠢᠯᠡᠵᠦ᠂ ᠰᠠᠶᠢᠲᠤᠷ ᠬᠠᠮᠢᠶᠠᠷᠴᠤ᠂ ᠰᠠᠶᠢᠲᠤᠷ ᠪᠠᠶᠢᠭᠤᠯᠬᠤ ᠳᠤ ᠱᠠᠭᠠᠷᠳᠠᠯᠭ᠎ᠠ ᠳᠤᠷᠠᠳᠴᠤ᠂ ᠰᠢᠶᠠᠨ ᠤ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶᠎ ᠶᠢᠨ ᠲᠥᠷᠥᠯ ᠬᠤᠪᠢᠶᠠᠬᠤ ᠪᠠᠶᠢᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠰᠤᠷᠭᠠᠭᠤᠯᠢ ᠡᠷᠭᠢᠯᠡᠬᠦ ᠪᠠᠶᠢᠭᠤᠯᠤᠯ ᠤᠨ ᠥᠭᠡᠷᠡᠴᠢᠯᠡᠯᠲᠡ ᠪᠠ ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠰᠤᠷᠭᠠᠭᠤᠯᠢ ᠡᠷᠭᠢᠯᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠭᠤᠷᠪᠠ ᠳᠤ᠂ ᠰᠢᠨ᠎ᠡ ᠪᠠᠷ ᠪᠠᠶᠢᠭᠤᠯᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠳᠤ ᠬᠢᠵᠠᠭᠠᠷᠯᠠᠬᠤ ᠴᠢᠨᠠᠷᠲᠠᠶ ᠲᠣᠭᠲᠠᠭᠠᠯ ᠭᠠᠷᠭᠠᠵᠤ᠂ ᠰᠢᠨ᠎ᠡ ᠪᠠᠷ ᠪᠠᠶᠢᠭᠤᠯᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠶᠢ ᠬᠤᠯᠪᠣᠭᠳᠠᠯ ᠪᠦᠬᠦᠢ ᠲᠣᠭᠲᠠᠭᠠᠯ ᠵᠢᠷᠤᠮ ᠪᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠴᠢᠩᠭ᠎ᠠ ᠵᠢᠷᠤᠮᠯᠠᠨ ᠬᠢᠨᠠᠨ ᠵᠥᠪᠰᠢᠶᠡᠷᠡᠬᠦ ᠬᠡᠷᠡᠭᠲᠡᠶ ᠭᠡᠵᠦ ᠲᠣᠳᠣᠷᠬᠠᠶᠢᠯᠠᠪᠠ᠃  7 . ᠠᠰᠠᠭᠤᠯᠲᠠ᠄ ︽ᠲᠦᠷᠢᠮ︾᠎ ᠳᠤ ︽ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠯᠲᠠ︾ ᠭᠡᠬᠦ ᠪᠦᠯᠦᠭ ᠢ ᠰᠢᠨ᠎ᠡ ᠪᠠᠷ ᠨᠡᠮᠡᠵᠦ᠂ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠶ︖  ᠬᠠᠷᠢᠭᠤᠯᠲᠠ᠄ 2015 ᠣᠨ ᠤ 10 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ ᠠᠴᠠ ᠨᠡᠶᠢᠲᠡᠯᠡᠭᠰᠡᠨ ︽ᠲᠦᠷᠢᠮ︾᠎ ᠳᠤ᠂ ᠲᠣᠷᠭᠠᠬᠤ ᠲᠦᠷᠢᠮ ᠤᠨ ᠠᠭᠤᠯᠭ᠎ᠠ ᠶᠢ ᠬᠤᠯᠪᠣᠭᠳᠠᠯ ᠪᠥᠬᠦᠶ ᠪᠦᠯᠦᠭ ᠬᠡᠰᠡᠭ ᠲᠤ ᠰᠠᠯᠭᠠᠵᠤ ᠣᠷᠣᠭᠤᠯᠵᠠᠶ᠂ ᠲᠤᠰᠠᠭᠠᠷ ᠨᠢ ᠲᠣᠭᠲᠠᠭᠠᠯ ᠭᠠᠷᠭᠠᠭᠰᠠᠨ ᠥᠬᠡᠶ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠬᠡᠷᠡᠭᠴᠡᠭᠡ ᠳᠤ ᠨᠡᠩ ᠰᠠᠶᠢᠨ ᠵᠣᠬᠢᠴᠠᠭᠤᠯᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠲᠥᠪ ᠴᠢᠩᠭ᠎ᠠ ᠪᠣᠯᠭᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠲᠦᠷᠢᠮ ᠤᠨ ᠬᠡᠷᠡᠭᠵᠢᠭᠦᠯᠦᠯᠲᠡ ᠶᠢᠨ ᠴᠢᠩᠭ᠎ᠠ ᠬᠢᠵᠠᠭᠠᠷᠯᠠᠯ ᠢ ᠴᠢᠩᠭᠠᠳᠬᠠᠬᠤ ᠶᠢᠨ ᠲᠥᠯᠥᠭᠡ᠂ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ︽ᠲᠦᠷᠢᠮ︾᠎ ᠳᠤ ᠲᠣᠷᠭᠠᠭᠤᠯᠢ ᠶᠢᠨ ᠲᠦᠷᠢᠮ ᠤᠨ ᠠᠭᠤᠯᠭ᠎ᠠ ᠶᠢ ᠨᠡᠶᠢᠳᠬᠡᠵᠦ᠂ ᠲᠤᠰᠠᠭᠠᠷ ᠨᠢ ᠲᠦᠷᠢᠮ ᠪᠣᠯᠭᠠᠬᠤ ᠶᠢᠨ ᠬᠠᠮᠲᠤ ᠤᠢᠢᠷ᠎ᠠ ᠶᠢᠨ ᠵᠢᠯ ᠤᠳ ᠤᠨ ᠨᠡᠶᠢᠲᠡᠯᠡᠭᠰᠡᠨ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠦᠷᠢᠮ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠵᠦᠢᠯ ᠵᠤᠷᠪᠤᠰ ᠤᠨ ᠠᠭᠤᠯᠭ᠎ᠠ ᠶᠢ ᠨᠥᠬᠦᠪᠥᠷᠢᠯᠡᠨ ᠲᠡᠭᠦᠯᠳᠡᠷᠵᠢᠭᠦᠯᠪᠡ᠃ ︽ᠰᠠᠬᠢᠯᠭ᠎ᠠ ᠪᠠᠲᠤ ᠬᠢᠭᠡᠳ ᠬᠢᠨᠠᠯᠲᠠ         ᠲᠠᠯᠪᠢᠯᠲᠠ︾ ᠭᠡᠬᠦ ᠪᠦᠯᠦᠭ ᠲᠤ ᠨᠡᠶᠢᠲᠡ 6 ᠵᠦᠢᠯ ᠪᠣᠶ᠂ ᠡᠭᠦᠨ ᠳᠤ᠄ ᠲᠠᠪᠢᠨ ᠲᠠᠪᠤᠳᠤᠭᠠᠷ ᠵᠦᠢᠯ ᠳᠤ᠂ ︽ᠲᠦᠷᠢᠮ︾᠎ ᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠪᠢᠨ ᠵᠢᠷᠭᠤᠳᠤᠭᠠᠷ ᠵᠦᠢᠯ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠪᠢᠨ ᠳᠣᠯᠣᠳᠤᠭᠠᠷ ᠵᠦᠢᠯ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠤᠯᠴᠢᠯᠠᠨ ᠬᠠᠮᠢᠶᠠᠷᠬᠤ ᠨᠢᠭᠡᠴᠢ ᠪᠣᠯᠤᠨ ᠪᠣᠯᠪᠠᠰᠤᠷᠠᠯ ᠤᠨ ᠪᠠᠶᠢᠭᠤᠯᠤᠮᠵᠢ ᠶᠢ ᠲᠣᠷᠭᠠᠬᠤ ᠲᠦᠷᠢᠮ ᠤᠨ ᠲᠣᠭᠲᠠᠭᠠᠯ᠂ ᠲᠠᠪᠢᠨ ᠨᠠᠢᠮᠠᠳᠤᠭᠠᠷ ᠵᠦᠢᠯ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠭᠰᠢ ᠶᠢ ᠲᠣᠷᠭᠠᠬᠤ ᠲᠦᠷᠢᠮ ᠤᠨ ᠲᠣᠭᠲᠠᠭᠠᠯ᠂ ᠲᠠᠪᠢ ᠶᠢᠰᠦᠳᠦᠭᠡᠷ ᠵᠦᠢᠯ ᠳᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠡᠭᠦᠷᠭᠡ ᠪᠠᠨ ᠥᠯᠥ ᠭᠦᠢᠴᠡᠳᠭᠡᠭᠰᠡᠨ ᠢ ᠲᠣᠷᠭᠠᠬᠤ ᠲᠦᠷᠢᠮ ᠤᠨ ᠲᠣᠭᠲᠠᠭᠠᠯ᠂ ᠵᠢᠷᠠᠳᠤᠭᠠᠷ ᠵᠦᠢᠯ ᠳᠤ᠂ ᠺᠠᠳ᠋ᠷ ᠤᠨ ᠪᠣᠯᠪᠠᠰᠤᠷᠠᠯ ᠳᠤ ᠣᠷᠣᠯᠴᠠᠬᠤ ᠬᠤᠭᠤᠴᠠᠭᠠᠨ ᠳᠠᠬᠢ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠢ ᠲᠣᠷᠭᠠᠬᠤ ᠲᠦᠷᠢᠮ ᠤᠨ ᠲᠣᠭᠲᠠᠭᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠢᠮᠠᠭᠲᠠ ᠲᠤᠭᠤᠰᠢᠯᠠᠭᠤᠯᠵᠤ᠂ ᠰᠤᠷᠭᠠᠭᠤᠯᠢ ᠶᠢ ᠴᠢᠩᠭ᠎ᠠ ᠵᠠᠰᠠᠬᠤ᠂ ᠰᠤᠷᠭᠠᠨ ᠬᠥᠮᠦᠵᠢᠯ ᠢ ᠴᠢᠩᠭ᠎ᠠ ᠵᠠᠰᠠᠬᠤ᠂ ᠰᠤᠷᠤᠯᠴᠠᠯᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃  8 . ᠠᠰᠠᠭᠤᠯᠲᠠ᠄ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽ᠳᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠶᠠᠮᠠᠷ ᠶᠠᠮᠠᠷ ᠪᠣᠳᠠᠲᠠᠶ ᠪᠠᠶᠢᠷᠢᠯᠠᠭᠤᠯᠤᠯᠲᠠ ᠬᠢᠭᠰᠡᠨ ᠪᠤᠶ︖  ᠬᠠᠷᠢᠭᠤᠯᠲᠠ᠄ ᠨᠠᠮ ᠤᠨ ᠲᠥᠪ ᠬᠤᠷᠢᠶ᠎ᠠ ︽ᠲᠦᠷᠢᠮ︾᠎ ᠢ ᠳᠠᠷᠤᠮᠠᠯᠯᠠᠨ ᠲᠠᠷᠬᠠᠭᠠᠬᠤ ᠮᠡᠳᠡᠭᠳᠡᠯ ᠳᠡᠭᠡᠨ᠂ ︽ᠲᠦᠷᠢᠮ︾᠎ ᠢ ᠰᠤᠷᠤᠯᠴᠠᠨ ᠤᠬᠠᠭᠤᠯᠬᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠪᠥᠬᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠬᠤᠷᠠᠯ ᠳᠤ ᠴᠤ ᠰᠤᠷᠤᠯᠴᠠᠨ ᠲᠤᠭᠤᠰᠢᠯᠠᠭᠤᠯᠬᠤ ᠠᠵᠢᠯ ᠢ ᠪᠠᠶᠢᠷᠢᠯᠠᠭᠤᠯᠬᠤ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ︽ᠲᠦᠷᠢᠮ︾᠎ ᠤᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠢᠭᠡ ᠳᠤ᠂ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠨ᠎ᠠ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ︽ᠳᠦᠷᠢᠮ︾᠎ ᠤᠨ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠤᠩᠰᠢᠬᠤ ᠪᠢᠴᠢᠭ ᠢ ᠬᠡᠪᠯᠡᠨ ᠲᠠᠷᠬᠠᠭᠠᠵᠤ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠦ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ︽ᠲᠦᠷᠢᠮ︾᠎ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠪᠠ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠠᠭᠤᠯᠭ᠎ᠠ ᠳᠤ ᠨᠢᠭᠡᠳᠦᠯᠲᠡᠶ ᠲᠥᠯᠥᠪᠯᠡᠨ ᠣᠷᠣᠭᠤᠯᠬᠤ ᠬᠡᠷᠡᠭᠲᠡᠶ᠃           ᠬᠤᠶᠠᠷ ᠲᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︽ᠲᠦᠷᠢᠮ︾ ᠪᠣᠯ ᠰᠢᠨ᠎ᠡ ᠴᠠᠭ ᠦᠶ᠎ᠡ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠠᠳᠠᠯᠢ ᠬᠤᠭᠤᠴᠠᠭᠠᠨ ᠳᠤ ᠳᠠᠷᠤᠮᠠᠯᠯᠠᠨ ᠲᠠᠷᠬᠠᠭᠠᠭᠰᠠᠨ ︽ᠪᠥᠬᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠵᠢᠭᠦᠯᠭᠡ ︵2023 —2027 ᠣᠨ︶︾ ᠪᠣᠯ ᠢᠷᠡᠬᠦ 5 ᠵᠢᠯ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠠᠵᠢᠯᠯᠠᠭᠠᠨ ᠤ ᠵᠦᠭᠯᠡᠭᠦᠷ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ        ᠶᠣᠰᠣᠭᠠᠷ᠂ ᠲᠤᠰ ᠲᠤᠰ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠨᠢᠭᠡᠨᠲᠡ ᠪᠠᠶᠢᠭ᠎ᠠ ᠳᠦᠷᠢᠮ ᠲᠣᠭᠲᠠᠭᠠᠯ ᠢ ︽ᠳᠦᠷᠢᠮ︾᠎ ᠯᠦᠭᠡ ᠬᠠᠷᠢᠴᠠᠭᠤᠯᠵᠤ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠶ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠨᠠᠮ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠤᠳᠤᠷᠢᠳᠬᠤ ᠪᠠᠭ ᠤᠨ ᠬᠢᠨᠠᠨ ᠰᠢᠯᠭᠠᠯᠲᠠ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ ᠬᠥᠮᠦᠨ ᠰᠣᠩᠭᠤᠵᠤ ᠬᠥᠮᠦᠨ ᠬᠡᠷᠡᠭᠯᠡᠬᠦ ᠲᠤᠰᠬᠠᠢ ᠪᠠᠶᠢᠴᠠᠭᠠᠯᠲᠠ ᠶᠢᠨ ᠠᠭᠤᠯᠭ᠎ᠠ ᠪᠣᠯᠭᠠᠬᠤ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠳᠦᠷᠢᠮ︾᠎ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ︽ᠳᠦᠷᠢᠮ︾᠎ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠬᠦ ᠪᠠ ᠵᠠᠯᠠᠷᠠᠭᠤᠯᠵᠤ᠂ ᠳᠦᠷᠢᠮ ᠤᠨ ᠡᠷᠬᠡ ᠰᠦᠷᠲᠦ ᠴᠢᠨᠠᠷ ᠪᠣᠯᠤᠨ ᠭᠦᠢᠴᠡᠳᠬᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ 
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号