ᠬᠡᠯᠬᠢᠶᠡᠰᠦᠨ ᠨᠣᠮᠧᠷ᠄ 000014348/2023-05640 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠵᠠᠰᠠᠭ ᠲᠠᠷᠬᠠᠭᠠᠬᠤ ﹇2023﹈ 6 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 18 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | | ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ | ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠪᠥᠬᠦ | ᠣᠷᠣᠨ ᠤ ᠭᠤᠤᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ | ᠠᠮᠤᠷ ᠲᠦᠪᠰᠢᠨ᠂ ᠣᠯᠠᠨ ᠲᠦᠮᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ | ᠲᠣᠭᠲᠠᠭᠠᠯ ᠢ 2023 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ | ᠨᠡᠶᠢᠲᠡ 17 ᠵᠦᠢᠯ ᠪᠣᠶ᠂ ᠨᠡᠶᠢᠲᠡᠯᠡᠭᠰᠡᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠭᠰᠠᠨ ᠰᠠᠭᠤᠷᠢᠨ | ᠳᠡᠭᠡᠷ᠎ᠡ᠂ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ᠂ ᠭᠤᠶᠤᠴᠢᠯᠠᠨ ᠮᠡᠳᠡᠭᠦᠯᠬᠦ ᠴᠤᠪᠤᠷᠠᠯ᠂ ᠬᠢᠨᠠᠨ ᠪᠠᠶᠢᠴᠠᠭᠠᠬᠤ | ᠭᠤᠤᠯᠳᠠᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ᠂ ᠬᠠᠮᠢᠶ᠎ᠠ ᠪᠥᠬᠦᠶ ᠱᠠᠲᠤ ᠲᠠᠰ ᠤᠨ ᠬᠠᠮᠢᠶᠠᠷᠤᠨ ᠡᠵᠡᠮᠳᠡᠬᠦ | ᠬᠠᠷᠢᠭᠤᠴᠠᠯᠭ᠎ᠠ᠂ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ ᠤᠨ ᠠᠵᠢᠯ | ᠡᠬᠢᠯᠡᠬᠦ ᠠᠴᠠ ᠡᠮᠦᠨ᠎ᠡ ᠪᠦᠷᠢᠳᠬᠡᠨ ᠳᠡᠩᠰᠡᠯᠡᠵᠦ ᠬᠠᠮᠢᠶᠠᠷᠬᠤ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠬᠢᠨᠠᠯᠲᠠ | ᠬᠠᠮᠢᠶᠠᠷᠤᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠯᠠᠷᠠᠭᠤᠯᠵᠤ ᠲᠣᠷᠭᠠᠬᠤ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠪᠦᠬᠦ ᠠᠭᠤᠯᠭ᠎ᠠ ᠨᠢ ᠳᠣᠣᠷᠠᠬᠢ ᠮᠡᠲᠦ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ | ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ | 2023 ᠣᠨ ᠤ 10 ᠳ᠋ᠤᠭᠠᠷ ᠰᠠᠷ᠎ᠠ ᠶᠢᠨ 13 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠦ᠋ᠲᠦᠭᠡᠨ ᠪᠠᠶᠢᠭᠤᠯᠤᠯᠲᠠ ᠶᠢᠨ | ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ | ᠨᠢᠭᠡᠳᠦᠭᠡᠷ ᠵᠤᠷᠪᠤᠰ ᠭᠤᠤᠯ ᠮᠥᠷᠡᠨ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠶᠠᠪᠤᠳᠠᠯ ᠤᠨ | ᠠᠵᠢᠯᠯᠠᠭ᠎ᠠ ᠶᠢ ᠵᠢᠷᠤᠮᠵᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠠᠮᠤᠷ ᠲᠣᠭᠲᠠᠭᠤᠨ ᠢ ᠪᠡᠶᠡᠯᠡᠭᠦᠯᠬᠦ ᠶᠢᠨ | ᠲᠤᠰᠠᠳᠠ᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠬᠦ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠬᠦ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ | ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ | ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠵᠤ᠂ ᠲᠣᠰ ᠲᠣᠭᠲᠠᠭᠠᠯ ᠢ ᠲᠤᠭᠲᠠᠭᠠᠵᠠᠢ᠃ | ᠬᠤᠶᠠᠳᠤᠭᠠᠷ ᠵᠤᠷᠪᠤᠰ ᠲᠤᠰ ᠲᠣᠭᠲᠠᠭᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ | ᠳᠣᠲᠣᠷ᠎ᠠ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠭᠤᠣᠯ ᠮᠥᠷᠡᠨ | ᠠᠯᠤᠰᠯᠠᠭᠰᠠᠨ ᠨᠠᠭᠤᠷ ᠴᠥᠭᠦᠷᠥᠮ᠂ ᠭᠤᠣᠯ ᠮᠥᠷᠡᠨ ᠢ ᠠᠯᠤᠰᠯᠠᠭᠰᠠᠨ ᠨᠠᠭᠤᠷ ᠴᠥᠭᠦᠷᠥᠮ᠂ ᠳᠠᠯᠠᠩ ᠨᠡᠪᠲᠡᠯᠬᠦ᠂ | ᠭᠤᠣᠯ ᠮᠥᠷᠡᠨ ᠨᠠᠭᠤᠷ ᠴᠥᠭᠦᠷᠥᠮ ᠳᠠᠭᠠᠤ ᠶᠢᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠲᠠᠲᠠᠯᠭ᠎ᠠ᠂ | ᠤᠰᠤ ᠲᠠᠲᠠᠬᠤ᠂ ᠤᠰᠤ ᠲᠠᠲᠠᠷᠠᠭᠤᠯᠬᠤ ᠵᠡᠷᠭᠡ ᠪᠠᠷᠢᠯᠭ᠎ᠠ ᠵᠢᠴᠢ ᠪᠡᠯᠡᠳᠬᠡᠮᠵᠢ ︵ᠳᠣᠷᠣᠭᠰᠢ ᠶᠡᠷᠦᠩᠬᠡᠶᠢᠯᠡᠭᠡᠳ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠨ᠎ᠡ︶ ᠳᠤ ᠲᠣᠬᠢᠷᠠᠨ᠎ᠠ᠃ | ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯ ᠤᠨ ᠵᠠᠮ ︵ᠨᠠᠭᠤᠷ ᠪᠠᠭᠲᠠᠨ᠎ᠠ︶ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠳᠦᠭᠡᠠ | ᠪᠠᠶᠢᠭᠤᠯᠤᠯᠲᠠ ᠶᠢᠨ ᠵᠦᠢᠯᠡᠰ ᠢ ᠡᠷᠬᠡᠪᠰᠢ ᠭᠤᠣᠯ ᠤᠨ ᠵᠡᠮ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ | ᠶᠣᠰᠣᠭᠠᠷ ᠵᠣᠬᠢᠴᠠᠩᠭᠤᠢ ᠲᠡᠰ ᠤᠨ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠠᠵᠢᠯ ᠡᠬᠢᠯᠡᠭᠦᠯᠵᠦ ᠪᠣᠯᠤᠨ᠎ᠠ᠃ | ᠳᠥᠷᠪᠡᠳᠦᠭᠡᠷ ᠵᠤᠷᠪᠤᠰ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ | ᠵᠥᠪᠰᠢᠶᠡᠷᠡᠯ ︵ᠳᠣᠷᠣᠭᠰᠢ ᠭᠤᠤᠯ ᠮᠥᠷᠡᠨ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠵᠥᠪᠰᠢᠶᠡᠷᠡᠯ ᠭᠡᠵᠦ ᠲᠣᠪᠴᠢᠯᠠᠨ᠎ᠠ︶ ᠬᠢᠭᠡᠳ ᠤᠰᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠬᠢᠨᠠᠨ ᠬᠠᠷᠭᠤᠭᠤᠯᠤᠨ᠎ᠠ᠂ ᠦᠶᠡᠷ ᠢ ᠰᠡᠷᠭᠡᠶᠢᠯᠡᠬᠦ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠤᠰᠤ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠬᠢᠨᠠᠨ | ᠵᠥᠪᠰᠢᠶᠡᠷᠡᠬᠦ᠂ ᠤᠯᠤᠰ ᠤᠨ ᠦᠨᠳᠦᠰᠦᠨ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢᠨ ᠳᠡᠭᠡᠳᠦ | ᠳᠤᠤᠷᠠᠳᠤ ᠤᠷᠤᠰᠬᠠᠯ ᠤᠨ ᠪᠥᠲᠥᠭᠡᠨ ᠪᠠᠶᠢᠭᠤᠯᠤᠯᠲᠠ ᠶᠢᠨ ᠨᠥᠯᠥᠭᠡᠯᠡᠬᠦ ᠤᠰᠤᠨ ᠰᠢᠨᠵᠢᠯᠡᠭᠡᠨ ᠤ ᠬᠢᠨᠠᠨ ᠰᠢᠨᠵᠢᠬᠦ | ᠢᠨᠵᠧᠨᠧᠷᠢᠩ ᠢ ᠬᠢᠨᠠᠨ ᠵᠥᠪᠰᠢᠶᠡᠷᠡᠬᠦ ᠨᠢ ᠮᠥᠨ ᠬᠦ ᠦᠶᠡᠷ ᠤᠨ ᠨᠥᠯᠥᠭᠡ ᠶᠢ ᠦᠨᠡᠯᠡᠬᠦ ᠲᠥᠷᠥᠯ ᠤᠨ ᠬᠢᠨᠠᠨ | ᠵᠥᠪᠰᠢᠶᠡᠷᠡᠬᠦ ᠳᠤ ᠬᠠᠷᠢᠶᠠᠯᠠᠭᠳᠠᠨ᠎ᠠ᠂ ᠠᠳᠠᠯᠢ ᠨᠢᠭᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠠᠳᠠᠯᠢ | ᠨᠢᠭᠡᠨ ᠭᠤᠶᠤᠴᠢᠯᠠᠭᠴᠢ ᠨᠢ ᠦᠶᠡᠷ ᠤᠨ ᠨᠥᠯᠥᠭᠡ ᠶᠢ ᠦᠨᠡᠯᠡᠬᠦ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠢ | ᠵᠡᠷᠭᠡᠪᠡᠷ ᠭᠤᠶᠤᠴᠢᠯᠠᠬᠤ ᠴᠢᠬᠤᠯᠠᠲᠠᠶ ᠪᠠᠶᠢᠪᠠᠯ᠂ ᠭᠤᠶᠤᠴᠢᠯᠠᠭᠴᠢ ᠨᠢ ︽ᠳᠥᠷᠪᠡᠨ ᠨᠢᠭᠡ︾ ︵ᠨᠢᠭᠡ ᠤᠳᠠᠭ᠎ᠠ ᠳᠤ | ᠮᠡᠳᠡᠭᠦᠯᠵᠦ ᠪᠣᠯᠤᠨ᠎ᠠ᠂ ᠨᠢᠭᠡ ᠮᠡᠳᠡᠭᠦᠯᠦᠯᠲᠡ᠂ ᠨᠢᠭᠡ ᠯᠡ ᠤᠳᠠᠭ᠎ᠠ ᠬᠢᠨᠠᠨ ᠪᠠᠶᠢᠴᠠᠭᠠᠬᠤ᠂ ᠨᠢᠭᠡ ᠴᠣᠬᠤᠯᠠᠪᠤᠷᠢ︶ | ᠠᠷᠭ᠎ᠠ ᠮᠠᠶ᠋ᠢᠭ ᠢᠶᠠᠷ ᠭᠤᠶᠤᠴᠢᠯᠠᠬᠤ᠂ ᠳᠠᠩ ᠭᠠᠭᠴᠠ ᠵᠦᠢᠯ ᠤᠨ ᠱᠠᠭᠠᠷᠳᠠᠯᠭ᠎ᠠ ᠶᠣᠰᠣᠭᠠᠷ ᠲᠤᠰ ᠲᠤᠰ | ᠭᠤᠶᠤᠴᠢᠯᠠᠯ ᠭᠠᠷᠭᠠᠬᠤ ᠶᠢ ᠰᠣᠩᠭᠤᠭᠰᠠᠨ ᠴᠤ ᠪᠣᠯᠤᠨ᠎ᠠ᠃ | ᠲᠠᠪᠤᠳᠤᠭᠠᠷ ᠵᠤᠷᠪᠤᠰ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠵᠥᠪᠰᠢᠶᠡᠷᠡᠯ ᠳᠤ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠂ ᠪᠣᠳᠠᠲᠠᠢ ᠪᠠᠷ ᠳᠣᠣᠷᠠᠬᠢ ᠮᠡᠲᠦ᠄ | ︵ᠨᠢᠭᠡ︶ ᠥᠪᠡᠷᠲᠡᠭᠡᠨ ᠵᠠᠰᠠᠬᠤ ᠣᠷᠣᠨ᠄ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ | ᠮᠣᠩᠭᠤᠯ ᠳᠤ ᠣᠷᠣᠵᠤ ᠢᠷᠡᠭᠡᠳ ᠲᠣᠭᠲᠠᠬᠤ ᠭᠤᠣᠯ ᠬᠦᠷᠬᠦ ᠬᠡᠰᠡᠭ ᠲᠤ ᠪᠦᠲᠦᠭᠡᠨ ᠪᠠᠶᠢᠭᠤᠯᠬᠤ ᠵᠢᠵᠢᠭ | ᠬᠡᠯᠪᠡᠷᠢ ᠶᠢᠨ ᠲᠥᠷᠥᠯ ᠵᠦᠢᠯ︔ ᠪᠠᠷᠠᠭᠤᠨ ᠯᠢᠶᠣᠤ ᠾᠧ ᠶᠢᠨ ᠰᠦ ᠵᠢᠶᠠ ᠪᠦᠦ ᠶᠢᠨ ᠬᠡᠰᠡᠭ ᠠᠴᠠ ᠮᠤᠵᠢ ᠶᠢᠨ | ᠵᠠᠭᠠᠭ ᠲᠤ ᠪᠦᠲᠦᠭᠡᠨ ᠪᠠᠶᠢᠭᠤᠯᠬᠤ ᠵᠢᠵᠢᠭ ᠬᠡᠯᠪᠡᠷᠢ ᠶᠢᠨ ᠲᠥᠷᠥᠯ ᠵᠦᠢᠯ︔ ᠭᠤᠤᠯ ᠮᠥᠷᠡᠨ ᠨᠠᠭᠤᠷ | ᠴᠥᠭᠦᠷᠥᠮ ᠤᠨ ᠠᠶᠢᠮᠠᠭ ᠬᠤᠲᠠ ᠶᠢᠨ ᠵᠠᠭᠠᠭ ᠢᠶᠠᠷ ᠥᠩᠭᠡᠷᠡᠬᠦ ᠪᠤᠶᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ᠃ | ︵ᠬᠤᠶᠠᠷ︶ ᠠᠶᠢᠮᠠᠭ ᠬᠤᠲᠠ᠄ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ | ᠬᠤᠸᠠᠩ ᠹᠦ᠋ ᠴᠤᠸᠠᠨ᠂ ᠺᠦ᠋ ᠶᠧ ᠾᠧ ᠭᠤᠣᠯ ᠳᠡᠭᠡᠷ᠎ᠡ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠂ | ᠶᠡᠭᠡ ᠲᠦᠷᠭᠡᠨ ᠭᠤᠣᠯ᠂ ᠡᠦ ᠳ᠋ᠢᠩ ᠾᠧ ᠭᠤᠣᠯ ᠳᠡᠭᠡᠷ᠎ᠡ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ︔ | ᠪᠠᠷᠠᠭᠤᠨ ᠯᠢᠶᠣᠤᠾᠧ ᠭᠤᠣᠯ ᠤᠨ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠴᠠᠭᠠᠨᠮᠦ᠋ᠷᠡᠨ | ᠭᠤᠣᠯ᠂ ᠰᠢᠷᠠᠮᠦ᠋ᠷᠡᠨ ᠭᠤᠣᠯ᠂ ᠨᠠᠷᠢᠮᠦ᠋ᠷᠡᠨ ᠭᠤᠣᠯ᠂ ᠬᠠᠷᠠᠮᠦ᠋ᠷᠡᠨ ᠭᠤᠣᠯ᠂ ᠰᠢᠨᠺᠠᠢ ᠭᠤᠣᠯ᠂ ᠢᠩᠭᠡ ᠶᠢᠨ | ᠭᠤᠣᠯ᠂ ᠦᠢᠯᠵᠡᠶᠢᠮᠦᠷᠡᠨ ᠭᠤᠣᠯ᠂ ᠯᠤᠬ᠎ᠠ ᠭᠤᠣᠯ ᠤᠨ ᠶᠧ ᡂᠢ ᠲᠡᠮᠦᠷ ᠵᠠᠮ ᠤᠨ ᠬᠥᠭᠦᠷᠭᠡ ᠠᠴᠠ ᡂᠢ ᠲᠦᠩ | ᠲᠡᠮᠦᠷ ᠵᠠᠮ ᠤᠨ ᠬᠥᠭᠦᠷᠭᠡ ᠶᠢᠨ ᠭᠠᠳᠠᠨᠠᠬᠢ ᠥᠪᠥᠷ ᠮᠣᠩᠭᠤᠯ ᠤᠨ ᠭᠤᠣᠯ ᠤᠨ ᠬᠡᠰᠡᠭ ᠬᠦᠷᠲᠡᠯ᠎ᠡ ᠪᠠᠶᠢᠭᠤᠯᠤᠭᠰᠠᠨ | ᠪᠤᠶ ᠪᠦᠬᠦᠢ ᠲᠥᠷᠥᠯ ᠵᠦᠢᠯ︔ ᠨᠤᠨ ᠮᠥᠷᠡᠨ ᠤ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ | ᠬᠤᠣᠯᠢᠨ ᠭᠤᠣᠯ ᠤᠨ ᠥᠪᠥᠷ ᠮᠣᠩᠭᠤᠯ ᠳᠠᠬᠢ ᠬᠡᠰᠡᠭ ᠪᠣᠯᠤᠨ ᠨᠣᠮᠢᠨ ᠭᠤᠣᠯ ᠤᠨ ᠮᠣᠷᠢᠨ ᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠶᠢᠲᠤ ᠬᠦᠷᠬᠦ ᠠᠴᠠ ᠭᠤᠣᠯ ᠤᠨ ᠠᠳᠠᠭ᠂ ᠴᠤᠭᠤᠷ | ᠭᠤᠣᠯ ᠤᠨ ᠢᠨᠳᠡᠷ ᠪᠠᠯᠭᠠᠰᠤ ᠠᠴᠠ ᠭᠤᠣᠯ ᠤᠨ ᠠᠳᠠᠭ ᠤᠨ ᠭᠠᠳᠠᠨᠠᠬᠢ ᠭᠤᠣᠯ ᠬᠦᠷᠬᠦ ᠬᠡᠰᠡᠭ ᠵᠢᠴᠢ ᠳᠣᠪᠤᠭᠡᠷ | ᠭᠤᠣᠯ᠂ ᠭᠠᠨ ᠭᠤᠣᠯ᠂ ᠠᠷᠤ ᠭᠤᠣᠯ᠂ ᠶᠢᠨ ᠾᠧ ᠭᠤᠣᠯ᠂ ᠶᠠᠯᠦ ᠭᠤᠣᠯ᠂ ᠬᠦᠷᠳᠦ ᠭᠤᠣᠯ᠂ ᠲᠤᠤ ᠡᠯ ᠭᠤᠣᠯ | ᠬᠦᠷᠬᠦ ᠪᠠᠶᠢᠭᠤᠯᠬᠤ ᠪᠤᠶ ᠪᠦᠬᠦᠢ ᠲᠥᠷᠥᠯ ᠵᠦᠢᠯ︔ ᠡᠷᠭᠦᠨ᠎ᠡ ᠭᠤᠣᠯ ᠤᠨ ᠭᠤᠣᠯ ᠤᠷᠤᠰᠬᠠᠯ ᠵᠢᠴᠢ ᠬᠠᠯᠬ᠎ᠠ | ᠭᠤᠣᠯ᠂ ᠬᠡᠷᠦᠯᠦᠨ ᠭᠤᠣᠯ ᠤᠨ ᠣᠯᠠᠨ ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠬᠡᠰᠡᠭ ᠳᠡᠭᠡᠷ᠎ᠡ ᠪᠦᠲᠦᠭᠡᠨ | ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠂ ᠬᠠᠯᠬ᠎ᠠ ᠭᠤᠣᠯ᠂ ᠬᠡᠷᠦᠯᠦᠨ ᠭᠤᠣᠯ ᠤᠨ ᠣᠯᠠᠨ | ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠬᠡᠰᠡᠭ ᠵᠢᠴᠢ ᠬᠠᠶᠢᠯᠠᠷ ᠭᠤᠣᠯ᠂ ᠭᠡᠭᠡᠨ ᠭᠤᠣᠯ᠂ ᠳᠡᠪᠬᠡᠨ ᠭᠤᠣᠯ᠂ | ᠮᠣᠷᠳᠠᠭ᠎ᠠ ᠭᠤᠣᠯ᠂ ᠵᠢᠶ ᠯᠢᠦ ᠭᠤᠣᠯ᠂ ᠠᠪᠠ ᠭᠤᠣᠯ᠂ ᠦᠮᠠ ᠭᠤᠣᠯ᠂ ᠡᠩᠬᠡᠬᠠᠳᠠ ᠭᠤᠣᠯ᠂ ᠰᠢᠨᠺᠠᠢ | ᠭᠤᠣᠯ ᠤᠨ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ︔ ᠠᠶᠢᠮᠠᠭ ᠬᠤᠲᠠ ᠶᠢᠨ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠬᠤᠰᠢᠭᠤ ᠰᠢᠶᠠᠨ ︵ | ᠬᠤᠲᠠ᠂ ᠲᠣᠭᠤᠷᠢᠭ︶ ᠠᠯᠤᠰᠯᠠᠭᠰᠠᠨ ᠴᠢᠬᠤᠯᠠ ᠭᠤᠣᠯ ᠤᠨ ᠬᠡᠰᠡᠭ ᠤᠨ ᠲᠠᠯ᠎ᠠ ᠪᠠᠷ ᠪᠠ ᠭᠤᠣᠯ ᠮᠥᠷᠡᠨ ᠨᠠᠭᠤᠷ | ᠪᠦᠷᠢᠳᠦ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠭᠠᠭ ᠢ ᠳᠠᠪᠠᠭ᠋ᠤ ᠴᠢᠬᠤᠯᠠ ᠲᠠᠢ ᠪᠤᠶᠤ | ᠪᠠᠶᠢᠷᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ | ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶᠄ ᠪᠤᠰᠤᠳ ᠭᠤᠤᠯ ᠮᠥᠷᠡᠨ ᠨᠠᠭᠤᠷ ᠴᠥᠭᠦᠷᠥᠮ | ᠳᠡᠭᠡᠷ᠎ᠡ ᠪᠠᠶᠢᠭᠤᠯᠤᠭᠰᠠᠨ ᠪᠦᠬᠦᠶᠢᠯᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ | ︵ᠳᠥᠷᠪᠡ︶ ᠤᠯᠤᠰ ᠤᠨ ᠬᠢᠯᠢ᠂ ᠮᠤᠵᠢ ᠶᠢᠨ ᠵᠠᠭᠠᠭ ᠤᠨ ᠭᠤᠣᠯ ᠮᠥᠷᠡᠨ ᠤ ᠵᠠᠭᠠᠭ ᠤᠨ ᠭᠤᠣᠯ ᠮᠥᠷᠡᠨ ᠤ | ᠬᠡᠰᠡᠭ ᠤᠨ ᠬᠢᠨᠠᠨ ᠪᠠᠶᠢᠴᠠᠭᠠᠬᠤ ᠡᠷᠬᠡ ᠮᠡᠳᠡᠯ ᠢ ︽ᠭᠤᠣᠯ ᠨᠠᠭᠤᠷ ᠢ ᠬᠠᠮᠢᠶᠠᠷᠬᠤ ᠬᠡᠪᠴᠢᠶᠡᠨ ᠳᠠᠬᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠨ | ᠪᠠᠶᠢᠴᠠᠭᠠᠬᠤ ᠡᠷᠬᠡ ᠮᠡᠳᠡᠯ ᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ | ︵ᠭᠤᠣᠯ ᠨᠠᠭᠤᠷ ﹇2021﹈ 237 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠵᠢᠷᠭᠤᠳᠤᠭᠠᠷ ᠵᠤᠷᠪᠤᠰ ᠳᠡᠭᠡᠳᠦ ᠬᠤᠷᠳᠤ ᠶᠢᠨ ᠵᠠᠰᠠᠮᠠᠯ ᠵᠠᠮ᠂ ᠤᠰᠤ ᠳᠠᠮᠵᠢᠭᠤᠯᠬᠤ ᠬᠤᠭᠤᠯᠠᠶ ᠵᠡᠷᠭᠡ | ᠠᠳᠠᠯᠢ ᠨᠢᠭᠡᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠳᠠᠯᠢ ᠪᠤᠰᠤ ᠬᠢᠨᠠᠨ ᠵᠥᠪᠰᠢᠶᠡᠷᠡᠬᠦ ᠡᠷᠬᠡ ᠮᠡᠳᠡᠯ ᠤᠨ | ᠭᠤᠣᠯ ᠤᠨ ᠵᠠᠮ ᠢᠶᠠᠷ ᠥᠩᠭᠡᠷᠡᠬᠦ ᠴᠢᠬᠤᠯᠠ ᠲᠠᠢ ᠪᠣᠯ ᠳᠡᠭᠡᠳᠦ ᠱᠠᠲᠤ ᠪᠤᠶᠤ ᠬᠠᠮᠲᠤ ᠶᠢᠨ ᠳᠡᠭᠡᠷ᠎ᠡ ᠨᠢᠭᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ᠂ | ᠬᠤᠯᠪᠣᠭᠳᠠᠯ ᠪᠦᠬᠦᠢ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠣᠷᠣᠯᠴᠠᠬᠤ ᠬᠡᠷᠡᠭᠲᠡᠶ᠃ | ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠬᠤᠯᠪᠣᠭᠳᠠᠯ ᠪᠦᠬᠦᠢ ᠠᠵᠢᠯ | ᠲᠦᠷᠦᠯ ᠤᠨ ᠮᠡᠷᠭᠡᠵᠢᠯ ᠤᠨ ᠪᠠᠷᠢᠮᠵᠢᠶ᠎ᠠ ᠪᠠ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠭᠠᠯ | ᠶᠣᠰᠣᠭᠠᠷ ᠲᠣᠭᠲᠠᠭᠠᠨ᠎ᠠ᠃ | ᠣᠷᠣᠨ ᠪᠦᠰᠡ ᠶᠢᠨ ᠦᠨᠡᠯᠡᠨ ᠵᠢᠱᠢᠯᠲᠡ ᠬᠢᠭᠰᠡᠨ ᠨᠡᠭᠡᠭᠡᠯᠲᠡ ᠶᠢᠨ ᠲᠣᠭᠤᠷᠢᠭ ᠵᠢᠴᠢ ᠪᠤᠰᠤᠳ ᠣᠷᠣᠨ | ᠪᠦᠰᠡ ᠳᠤ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠭᠤᠤᠯ ᠮᠥᠷᠡᠨ ᠨᠠᠭᠤᠷ | ᠴᠥᠭᠦᠷᠥᠮ ᠳᠤ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠠᠷᠭᠠᠪᠠᠯ᠂ ᠦᠶᠡᠷ ᠢ | ᠰᠡᠷᠭᠡᠶᠢᠯᠡᠬᠦ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠳᠠᠭᠢᠵᠤ ᠲᠤᠰᠠᠭᠠᠷ ᠨᠠᠶᠢᠷᠠᠭᠤᠯᠤᠨ ᠵᠣᠬᠢᠶᠠᠬᠤ ᠥᠬᠡᠶ᠂ | ᠲᠣᠭᠲᠠᠭᠠᠯ ᠶᠣᠰᠣᠭᠠᠷ ᠮᠡᠳᠡᠭᠳᠡᠵᠦ ᠠᠮᠠᠯᠳᠠᠬᠤ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠳᠣᠯᠣᠳᠤᠭᠠᠷ ᠵᠤᠷᠪᠤᠰ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ | ᠪᠦᠳᠦᠭᠡᠨ ᠪᠠᠶᠢᠭᠤᠯᠤᠯᠲᠠ ᠶᠢᠨ ᠵᠦᠢᠯᠡᠰ ᠨᠢ ᠡᠷᠬᠡᠪᠰᠢ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ | ᠪᠠᠷᠢᠮᠵᠢᠶ᠎ᠠ ᠪᠠ ᠪᠤᠰᠤᠳ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ | ᠬᠠᠮᠠᠭᠠᠯᠠᠨ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠ ᠦᠶᠡᠷ ᠢ ᠤᠷᠤᠰᠬᠠᠨ᠂ ᠤᠰᠤᠨ | ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠨᠠᠢᠮᠠᠳᠤᠭᠠᠷ ᠵᠤᠷᠪᠤᠰ ᠪᠥᠲᠥᠭᠡᠨ ᠪᠠᠶᠢᠭᠤᠯᠬᠤ ᠨᠢᠭᠡᠴᠢ ᠲᠥᠷᠥᠯ ᠵᠦᠢᠯ ᠪᠠᠶᠢᠭᠤᠯᠬᠤ ᠪᠢᠴᠢᠭ ᠮᠠᠲ᠋ᠧᠷᠢᠶᠠᠯ ᠢ | ᠨᠠᠶᠢᠷᠠᠭᠤᠯᠤᠨ ᠵᠣᠬᠢᠶᠠᠬᠤ ᠳᠠᠭᠠᠨ ᠡᠷᠬᠡᠪᠰᠢ ᠭᠤᠤᠯ ᠤᠨ ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ | ᠵᠣᠬᠢᠬᠤ ᠲᠠᠰ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠵᠤ᠂ ᠭᠤᠶᠤᠴᠢᠯᠠᠬᠤ ᠳᠠᠭᠠᠨ ᠳᠤᠤᠷᠠᠬᠢ ᠮᠡᠲᠦ ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ᠭᠤᠶᠤᠴᠢᠯᠠᠯ ᠤᠨ ᠪᠢᠴᠢᠭ︔ | ︵ᠬᠤᠶᠠᠷ︶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠯᠡᠭᠰᠡᠨ ᠪᠢᠴᠢᠭ ᠮᠠᠲ᠋ᠧᠷᠢᠶᠠᠯ︔ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠭᠤᠤᠯ ᠤᠨ ᠵᠠᠮ ᠬᠢᠭᠡᠳ | ᠦᠶᠡᠷ ᠢ ᠰᠡᠷᠭᠡᠶᠢᠯᠡᠬᠦ ᠬᠡᠰᠡᠭ ᠤᠨ ᠠᠩᠬ᠎ᠠ ᠠᠯᠬᠤᠮ ᠤᠨ ᠲᠥᠰᠦᠯ︔ | ︵ᠳᠦᠷᠪᠡ︶ ᠦᠶᠡᠷ ᠢ ᠰᠡᠷᠭᠡᠶᠢᠯᠡᠬᠦ ᠦᠨᠡᠯᠡᠯᠲᠡ ᠶᠢᠨ ᠮᠡᠳᠡᠭᠦᠯᠦᠯᠲᠡ᠂ ᠭᠤᠣᠯᠳᠠᠭᠤ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠭᠤᠣᠯ ᠤᠨ ᠤᠷᠤᠰᠬᠠᠯ ᠤᠨ ᠪᠠᠶᠢᠳᠠᠯ ᠤᠨ ᠬᠤᠪᠢᠷᠠᠯᠲᠠ᠂ ᠬᠠᠰᠢᠯᠭ᠎ᠠ ᠳᠠᠯᠠᠩ ᠤᠨ | ᠠᠮᠤᠷ ᠲᠦᠪᠰᠢᠨ᠂ ᠭᠤᠣᠯ ᠤᠨ ᠵᠠᠮ ᠤᠨ ᠦᠶᠡᠷ ᠤᠨ ᠠᠶᠠᠯᠠᠯ ᠳᠤ ᠦᠵᠡᠭᠦᠯᠬᠦ ᠨᠥᠯᠥᠭᠡ ᠵᠢᠴᠢ ᠠᠪᠬᠤ ᠪᠠᠷ | ᠪᠠᠶᠢᠭ᠎ᠠ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ︔ ᠭᠤᠤᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠪᠠᠶᠢᠳᠠᠯ ᠵᠢᠴᠢ ᠲᠣᠰ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠤᠰᠤᠲᠤᠯ ᠢ ᠰᠡᠷᠭᠡᠶᠢᠯᠡᠨ ᠬᠤᠷᠢᠭᠯᠠᠬᠤ ᠪᠠᠷᠢᠮᠵᠢᠶ᠎ᠠ ᠬᠢᠭᠡᠳ | ᠨᠥᠬᠦᠵᠦ ᠠᠪᠤᠷᠬᠠᠤ ᠠᠷᠭ᠎ᠠ ᠬᠡᠮᠵᠢᠶ᠎ᠡ᠃ | ᠶᠢᠰᠦᠳᠦᠭᠡᠷ ᠵᠤᠷᠪᠤᠰ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠭᠤᠶᠤᠴᠢᠯᠠᠯ ᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠢᠨᠠᠨ ᠪᠠᠶᠢᠴᠠᠭᠠᠬᠤ ᠬᠡᠷᠡᠭᠲᠡᠶ᠂ ᠬᠢᠨᠠᠨ ᠪᠠᠶᠢᠴᠠᠭᠠᠬᠤ | ᠭᠤᠤᠯ ᠠᠭᠤᠯᠭ᠎ᠠ ᠨᠢ᠄ | ︵ᠨᠢᠭᠡ︶ ᠭᠤᠣᠯ ᠮᠥᠷᠡᠨ ᠤ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠳᠤ ᠨᠡᠶᠢᠴᠡᠬᠦ ᠡᠰᠡᠬᠦ ᠨᠢ | ᠲᠥᠯᠥᠪᠵᠢᠭᠦᠯᠭᠡ ᠶᠢ ᠬᠡᠷᠡᠭᠵᠢᠭᠦᠯᠬᠦ ᠳᠤ ᠶᠠᠮᠠᠷ ᠨᠥᠯᠥᠭᠡ ᠲᠠᠢ ᠪᠠᠶᠢᠳᠠᠭ ᠪᠤᠢ︔ | ︵ᠬᠤᠶᠠᠷ︶ ᠦᠶᠡᠷ ᠢ ᠰᠡᠷᠭᠡᠶᠢᠯᠡᠬᠦ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ | ᠱᠠᠭᠠᠷᠳᠠᠯᠭ᠎ᠠ ᠳᠤ ᠨᠡᠶᠢᠴᠡᠬᠦ ᠡᠰᠡᠬᠦ︔ | ︵ᠭᠤᠷᠪᠠ︶ ᠭᠤᠣᠯ ᠤᠨ ᠤᠷᠤᠰᠬᠠᠯ ᠤᠨ ᠪᠠᠶᠢᠳᠠᠯ ᠲᠣᠭᠲᠠᠭᠤᠨ ᠪᠠᠶᠢᠬᠤ᠂ ᠤᠰᠤᠨ ᠤ ᠬᠡᠯᠪᠡᠷᠢ ᠪᠠᠶᠢᠳᠠᠯ᠂ | ᠤᠰᠤᠨ ᠤ ᠴᠢᠨᠠᠷ᠂ ᠲᠤᠨᠤᠮᠠᠯ ᠤᠨ ᠬᠤᠪᠢᠷᠠᠯᠲᠠ ᠳᠤ ᠠᠰᠢᠭ ᠦᠭᠡᠢ ᠨᠥᠯᠥᠭᠡ ᠪᠠᠶᠢᠬᠤ ᠡᠰᠡᠬᠦ︔ | ︵ᠳᠥᠷᠪᠡ︶ ᠦᠶᠡᠷ ᠵᠠᠯᠠᠬᠤ ᠶᠢ ᠬᠠᠷᠰᠢᠯᠠᠭᠰᠠᠨ ᠡᠰᠡᠬᠦ᠂ ᠭᠤᠤᠯ ᠤᠨ ᠵᠠᠮ ᠤᠨ ᠦᠶᠡᠷ ᠵᠠᠯᠠᠬᠤ | ᠴᠢᠳᠠᠪᠤᠷᠢ ᠶᠢ ᠪᠠᠭᠤᠷᠠᠭᠤᠯᠤᠭᠰᠠᠨ ᠡᠰᠡᠬᠦ︔ | ︵ᠲᠠᠪᠤ︶ ᠬᠠᠰᠢᠯᠭ᠎ᠠ᠂ ᠡᠷᠭᠢ ᠬᠠᠮᠠᠭᠠᠯᠠᠬᠤ ᠪᠠ ᠪᠤᠰᠤᠳ ᠤᠰᠤᠨ ᠤ ᠪᠠᠷᠢᠯᠭ᠎ᠠ ᠶᠢᠨ ᠠᠶᠤᠯ ᠦᠭᠡᠶ ᠶᠢ | ᠨᠥᠯᠥᠭᠡᠯᠡᠬᠦ︔ | ︵ᠵᠢᠷᠭᠤᠭ᠎ᠠ︶ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠶᠢ ᠬᠠᠷᠰᠢᠯᠠᠭᠰᠠᠨ ᠡᠰᠡᠬᠦ︔ | ︵ᠳᠣᠯᠤᠭ᠎ᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠤᠰᠤᠲᠤᠯ ᠢ ᠰᠡᠷᠭᠡᠶᠢᠯᠡᠨ | ᠬᠤᠷᠢᠭᠯᠠᠬᠤ ᠪᠠᠷᠢᠮᠵᠢᠶ᠎ᠠ ᠬᠢᠭᠡᠳ ᠠᠷᠭ᠎ᠠ ᠬᠡᠮᠵᠢᠶ᠎ᠡ ᠨᠢ ᠵᠣᠬᠢᠰᠲᠠᠶ ᠪᠠᠶᠢᠬᠤ ᠡᠰᠡᠬᠦ︔ | ︵ᠨᠠᠢᠮᠠ︶ ᠭᠤᠷᠪᠠᠳᠠᠬᠢ ᠬᠥᠮᠦᠨ ᠤ ᠤᠰᠤᠨ ᠤ ᠶᠠᠪᠤᠳᠠᠯ ᠤᠨ ᠬᠠᠤᠯᠢ ᠶᠣᠰᠣᠨ ᠤ ᠡᠷᠬᠡ ᠠᠰᠢᠭ ᠢ | ᠨᠥᠯᠥᠭᠡᠯᠡᠭᠰᠡᠨ ᠡᠰᠡᠬᠦ︔ | ︵ᠶᠢᠰᠦ︶ ᠪᠤᠰᠤᠳ ᠬᠤᠯᠪᠣᠭᠳᠠᠯ ᠪᠦᠬᠦᠢ ᠲᠣᠭᠲᠠᠭᠠᠯ ᠪᠠ ᠬᠡᠯᠡᠯᠴᠡᠭᠡᠷ ᠲᠤ ᠨᠡᠶᠢᠴᠡᠬᠦ ᠡᠰᠡᠬᠦ︔ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠠᠶᠢᠴᠠᠭᠠᠯᠲᠠ ᠬᠢᠬᠦ ᠳᠡᠭᠡᠨ | ᠪᠠᠰᠠ ᠳᠡᠭᠡᠳᠦ ᠱᠠᠲᠤ ᠪᠤᠶᠤ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠠᠷᠪᠠᠳᠤᠭᠠᠷ ᠵᠤᠷᠪᠤᠰ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠲᠣᠭᠲᠠᠭᠠᠯ ᠢ ᠭᠤᠶᠤᠴᠢᠯᠠᠭᠰᠠᠨ ᠨᠢᠭᠡᠴᠢ ᠳᠤ ᠮᠡᠳᠡᠭᠳᠡᠬᠦ ᠬᠡᠷᠡᠭᠲᠡᠶ᠂ ᠪᠠᠶᠢᠭᠤᠯᠬᠤ ᠶᠢ ᠵᠥᠪᠰᠢᠶᠡᠷᠡᠭᠰᠡᠨ ᠪᠣᠯ | ᠵᠥᠪᠰᠢᠶᠡᠷᠡᠭᠰᠡᠨ ᠲᠣᠭᠲᠠᠭᠠᠯ ᠤᠨ ᠪᠢᠴᠢᠭ ᠣᠯᠭᠤᠬᠤ ᠬᠡᠷᠡᠭᠲᠡᠶ᠃ ᠪᠦᠲᠦᠭᠡᠨ ᠪᠠᠶᠢᠭᠤᠯᠬᠤ ᠨᠢᠭᠡᠴᠢ ᠤᠰᠤᠨ ᠤ | ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ ᠪᠢᠴᠢᠭ ᠢ ᠣᠯᠤᠭᠰᠠᠨ ᠤ ᠳᠠᠷᠠᠭ᠎ᠠ ᠰᠠᠶ᠋ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠤᠨ᠎ᠠ᠃ | ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ ᠲᠤ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠪᠠ ᠬᠠᠮᠢᠶᠠᠷᠤᠯᠲᠠ ᠳᠤ | ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠴᠤ ᠪᠣᠯᠤᠨ᠎ᠠ᠃ | ᠠᠷᠪᠠᠨ ᠨᠢᠭᠡᠳᠦᠭᠡᠷ ᠵᠤᠷᠪᠤᠰ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠪᠦᠲᠦᠭᠡᠨ ᠪᠠᠶᠢᠭᠤᠯᠬᠤ ᠨᠢᠭᠡᠴᠢ ᠶᠢᠨ ᠭᠤᠶᠤᠴᠢᠯᠠᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ | ᠪᠠᠶᠢᠭᠤᠯᠬᠤ ᠶᠢ ᠵᠥᠪᠰᠢᠶᠡᠷᠡᠬᠦ ᠦᠭᠡᠶ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠦᠬᠦᠢ ᠠᠰᠠᠭᠤᠳᠠᠯ ᠢ ᠤᠯᠠᠮ | ᠨᠢᠭᠡ ᠠᠯᠬᠤᠮ ᠵᠠᠰᠠᠪᠤᠷᠢ ᠣᠷᠣᠭᠤᠯᠤᠨ ᠨᠥᠬᠦᠪᠥᠷᠢᠯᠡᠭᠰᠡᠨ ᠤ ᠳᠠᠷᠠᠭ᠎ᠠ ᠳᠠᠬᠢᠨ ᠬᠢᠨᠠᠨ ᠪᠠᠶᠢᠴᠠᠭᠠᠯᠭᠠᠬᠤ ᠪᠠᠷ | ᠱᠠᠭᠠᠷᠳᠠᠪᠠᠯ᠂ ᠲᠣᠭᠲᠠᠭᠠᠯ ᠤᠨ ᠪᠢᠴᠢᠭ ᠮᠠᠲ᠋ᠧᠷᠢᠶᠠᠯ ᠳᠠᠭᠠᠨ ᠤᠴᠢᠷ ᠰᠢᠯᠲᠠᠭᠠᠨ ᠪᠠ ᠦᠨᠳᠦᠰᠦᠯᠡᠯ ᠢᠶᠠᠨ | ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠢ ᠣᠨᠳᠣᠣ ᠰᠠᠨᠠᠯ ᠲᠠᠢ ᠪᠣᠯ ᠵᠠᠰᠠᠭ ᠵᠠᠬᠢᠷᠭᠠᠨ ᠢᠶᠠᠷ | ᠳᠠᠬᠢᠨ ᠵᠥᠪᠯᠡᠭᠦᠯᠬᠦ ᠪᠠᠷ ᠬᠠᠤᠯᠢ ᠶᠣᠰᠣᠭᠠᠷ ᠳᠤᠷᠠᠳᠴᠤ ᠪᠣᠯᠤᠨ᠎ᠠ᠃ | ᠠᠷᠪᠠᠨ ᠬᠤᠶᠠᠳᠤᠭᠠᠷ ᠵᠤᠷᠪᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠵᠢᠯ ᠡᠬᠢᠯᠡᠬᠦ ᠠᠴᠠ | ᠡᠮᠦᠨ᠎ᠡ᠂ ᠪᠠᠷᠢᠯᠭ᠎ᠠ ᠪᠠᠷᠢᠭᠤᠯᠬᠤ ᠨᠢᠭᠡᠴᠢ ᠪᠠᠷᠢᠯᠭ᠎ᠠ ᠶᠢᠨ ᠲᠣᠬᠢᠷᠠᠭᠤᠯᠤᠯᠲᠠ ᠶᠢ ᠭᠤᠣᠯ ᠤᠨ ᠵᠠᠮ ᠤᠨ ᠭᠤᠣᠯᠴᠢᠯᠠᠨ | ᠬᠠᠮᠢᠶᠠᠷᠬᠤ ᠪᠠᠶᠢᠭᠤᠯᠭ᠎ᠠ ᠳᠤ ᠬᠦᠷᠭᠡᠵᠦ ᠳᠠᠩᠰᠠᠯᠠᠭᠤᠯᠬᠤ ᠬᠡᠷᠡᠭᠲᠡᠶ᠃ ᠪᠠᠷᠢᠯᠭ᠎ᠠ ᠶᠢᠨ ᠠᠵᠢᠯ ᠢ | ᠲᠤᠬᠢᠷᠠᠭᠤᠯᠬᠤ ᠳᠠᠭᠠᠨ ᠪᠠᠷᠢᠯᠭ᠎ᠠ ᠪᠠᠷᠢᠬᠤ ᠳᠠᠭᠠᠨ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠪᠠᠶᠢᠳᠠᠯ ᠪᠠ ᠪᠠᠷᠢᠯᠭ᠎ᠠ ᠪᠠᠷᠢᠬᠤ ᠬᠤᠭᠤᠴᠠᠭᠠᠨ ᠳᠠᠬᠢ | ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠭᠲᠠᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠤᠷᠪᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ | ᠬᠤᠭᠤᠴᠠᠭᠠᠨ ᠳᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠡᠭᠦᠨ ᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠵᠤ᠂ ᠪᠠᠶᠢᠴᠠᠭᠠᠭᠳᠠᠬᠤ ᠨᠢᠭᠡᠴᠢ ᠨᠢ ᠬᠠᠮᠢᠶ᠎ᠠ ᠪᠦᠬᠦᠢ | ᠪᠠᠶᠢᠳᠠᠯ ᠢᠶᠠᠨ ᠦᠨᠡᠨ ᠪᠣᠳᠠᠲᠠᠶ ᠪᠠᠷ ᠮᠡᠳᠡᠭᠦᠯᠵᠦ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ ᠬᠡᠷᠪᠡ | ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ ᠪᠤᠶᠤ ᠬᠢᠨᠠᠨ ᠬᠠᠷᠭᠤᠭᠤᠯᠤᠭᠰᠠᠨ | ᠪᠠᠷᠢᠯᠭ᠎ᠠ ᠪᠠᠷᠢᠬᠤ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠭᠰᠠᠨ ᠥᠬᠡᠶ ᠪᠤᠶᠤ ᠭᠤᠤᠯ | ᠮᠥᠷᠡᠨ ᠤ ᠦᠶᠡᠷ ᠢ ᠰᠡᠷᠭᠡᠶᠢᠯᠡᠬᠦ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠢ ᠰᠡᠷᠭᠡᠶᠢᠯᠡᠬᠦ | ᠠᠮᠤᠷ ᠲᠦᠪᠰᠢᠨ ᠤ ᠲᠠᠯ᠎ᠠ ᠳᠤ ᠬᠤᠯᠪᠣᠭᠳᠠᠭᠰᠠᠨ ᠠᠰᠠᠭᠤᠳᠠᠯ ᠢᠯᠡᠷᠡᠪᠡᠯ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠴᠤ᠂ ᠪᠥᠲᠥᠭᠡᠨ ᠪᠠᠶᠢᠭᠤᠯᠬᠤ ᠨᠢᠭᠡᠴᠢ ᠨᠢ ᠡᠷᠬᠡᠪᠰᠢ ᠬᠡᠷᠡᠭᠵᠢᠭᠦᠯᠬᠦ ᠬᠡᠷᠡᠭᠲᠡᠶ︔ | ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠳᠡᠭᠡᠳᠦ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠬᠠᠮᠲᠤ ᠳᠤᠨᠢ ᠬᠠᠭᠤᠯᠤᠨ ᠮᠡᠳᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠤᠷᠪᠤᠰ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠠᠷᠢᠯᠭ᠎ᠠ ᠪᠠ | ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠪᠠᠷᠢᠯᠭ᠎ᠠ ᠶᠢᠨ ᠠᠶᠤᠯᠭᠦᠢ ᠶᠢᠨ | ᠱᠠᠭᠠᠷᠳᠠᠯᠭ᠎ᠠ ᠳᠤ ᠨᠡᠶᠢᠴᠡᠬᠦ ᠦᠭᠡᠢ ᠵᠦᠢᠯ ᠪᠦᠬᠦᠨ ᠳᠤ ᠬᠤᠭᠤᠴᠠᠭ᠎ᠠ ᠲᠣᠭᠲᠠᠭᠠᠨ ᠥᠭᠡᠷᠡᠴᠢᠯᠡᠨ ᠪᠠᠶᠢᠭᠤᠯᠬᠤ | ᠱᠠᠭᠠᠷᠳᠠᠯᠭ᠎ᠠ ᠳᠤᠷᠠᠳᠬᠤ ᠬᠡᠷᠡᠭᠲᠡᠢ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠭᠤᠣᠯ ᠮᠥᠷᠡᠨ ᠤ | ᠵᠠᠮ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢ ᠳᠠᠭᠠᠬᠤ ᠬᠡᠷᠡᠭᠲᠡᠢ᠃ | ᠠᠷᠪᠠᠨ ᠲᠠᠪᠤᠳᠤᠭᠠᠷ ᠵᠤᠷᠪᠤᠰ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠳᠠᠭᠤᠰᠤᠭᠰᠠᠨ ᠤ ᠳᠠᠷᠠᠭ᠎ᠠ᠂ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠭᠠᠳ ᠬᠢᠷᠢ | ᠲᠡᠩᠴᠡᠭᠰᠡᠨ ᠤ ᠳᠠᠷᠠᠭ᠎ᠠ ᠰᠠᠶ᠋ᠢ ᠡᠬᠢᠯᠡᠨ ᠬᠡᠷᠡᠭᠯᠡᠵᠦ ᠪᠣᠯᠤᠨ᠎ᠠ᠃ ᠪᠠᠷᠢᠯᠭ᠎ᠠ ᠪᠠᠷᠢᠭᠤᠯᠤᠭᠰᠠᠨ ᠨᠢᠭᠡᠴᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ 6 ᠰᠠᠷ᠎ᠠ ᠶᠢᠨ ᠳᠣᠲᠣᠷ᠎ᠠ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠤᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠲᠤᠰ ᠲᠣᠭᠲᠠᠭᠠᠯ ᠤᠨ ᠶᠣᠰᠣᠭᠠᠷ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ | ᠦᠭᠡᠶ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ | ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠷᠯᠢᠭᠳᠠᠵᠤ ᠪᠠᠶᠢᠭᠠᠳ | ᠪᠦᠲᠦᠭᠡᠨ ᠪᠠᠶᠢᠭᠤᠯᠬᠤ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠤᠷᠠᠭᠠᠯᠭᠠᠬᠤ ᠪᠤᠶᠤ ᠪᠤᠰᠤᠳ ᠨᠥᠬᠦᠵᠦ | ᠵᠠᠰᠠᠭᠤᠯᠬᠤ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠵᠣᠭᠤᠰ ᠢᠶᠠᠷ ᠲᠣᠷᠭᠠᠵᠤ ᠪᠣᠯᠤᠨ᠎ᠠ᠃ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠨᠢ ᠤᠯᠤᠰ ᠤᠨ ᠴᠢᠬᠤᠯᠠ ᠨᠤᠭᠤ ᠭᠠᠵᠠᠷ ᠢ ᠳᠤᠷ᠎ᠠ ᠪᠠᠷ ᠢᠶᠠᠨ ᠡᠵᠡᠯᠡᠨ | ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ | ᠰᠢᠭᠤᠶ ᠡᠪᠡᠰᠦ ᠪᠡᠯᠴᠢᠭᠡᠷ ᠵᠡᠷᠭᠡ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠨᠤᠭᠤ ᠭᠠᠵᠠᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠪᠠ ᠪᠤᠰᠤᠳ | ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠭᠤ ᠭᠠᠵᠠᠷ ᠢ ᠰᠡᠷᠭᠦᠭᠡᠬᠦ ᠪᠤᠶᠤ ᠪᠤᠰᠤᠳ | ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠣᠬᠢᠬᠤ ᠵᠣᠭᠤᠰ ᠢᠶᠠᠷ ᠲᠣᠷᠭᠠᠨ᠎ᠠ᠃ | ᠠᠷᠪᠠᠨ ᠳᠣᠯᠣᠳᠤᠭᠠᠷ ᠵᠤᠷᠪᠤᠰ ᠲᠣᠰ ᠲᠣᠭᠲᠠᠭᠠᠯ ᠢ 2023 ᠣᠨ ᠤ 11 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |