ᠮᠠᠨ ᠤ ᠣᠷᠣᠨ ︽ᠲᠣᠭᠲᠠᠭᠠᠯ︾ ᠳᠠᠷᠤᠮᠠᠯᠯᠠᠨ ᠲᠠᠷᠬᠠᠭᠠᠵᠤ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ
ᠨᠡᠶᠢᠲᠡᠯᠡᠭᠰᠡᠨ ᠴᠠᠭ᠄
2023/10/18
ᠬᠡᠯᠬᠢᠶᠡᠰᠦᠨ ᠨᠣᠮᠧᠷ᠄ 000014348/2023-05640ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠵᠠᠰᠠᠭ ᠲᠠᠷᠬᠠᠭᠠᠬᠤ ﹇2023﹈ 6 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 18 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ  ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠭᠤᠤᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠤᠷ ᠲᠦᠪᠰᠢᠨ᠂ ᠣᠯᠠᠨ ᠲᠦᠮᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠲᠣᠭᠲᠠᠭᠠᠯ ᠢ 2023 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ ᠨᠡᠶᠢᠲᠡ 17 ᠵᠦᠢᠯ ᠪᠣᠶ᠂ ᠨᠡᠶᠢᠲᠡᠯᠡᠭᠰᠡᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ᠂ ᠭᠤᠶᠤᠴᠢᠯᠠᠨ ᠮᠡᠳᠡᠭᠦᠯᠬᠦ ᠴᠤᠪᠤᠷᠠᠯ᠂ ᠬᠢᠨᠠᠨ ᠪᠠᠶᠢᠴᠠᠭᠠᠬᠤ ᠭᠤᠤᠯᠳᠠᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ᠂ ᠬᠠᠮᠢᠶ᠎ᠠ ᠪᠥᠬᠦᠶ ᠱᠠᠲᠤ ᠲᠠᠰ ᠤᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ᠂ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠪᠦᠷᠢᠳᠬᠡᠨ ᠳᠡᠩᠰᠡᠯᠡᠵᠦ ᠬᠠᠮᠢᠶᠠᠷᠬᠤ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠬᠢᠨᠠᠯᠲᠠ ᠬᠠᠮᠢᠶᠠᠷᠤᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠵᠤ ᠲᠣᠷᠭᠠᠬᠤ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃  ᠪᠦᠬᠦ ᠠᠭᠤᠯᠭ᠎ᠠ ᠨᠢ ᠳᠣᠣᠷᠠᠬᠢ ᠮᠡᠲᠦ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠮᠡᠳᠡᠭᠳᠡᠯ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃  2023 ᠣᠨ ᠤ 10 ᠳ᠋ᠤᠭᠠᠷ ᠰᠠᠷ᠎ᠠ ᠶᠢᠨ 13 ᠤ ᠡᠳᠦᠷ  ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶    ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠦ᠋ᠲᠦᠭᠡᠨ ᠪᠠᠶᠢᠭᠤᠯᠤᠯᠲᠠ ᠶᠢᠨ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ  ᠨᠢᠭᠡᠳᠦᠭᠡᠷ ᠵᠤᠷᠪᠤᠰ  ᠭᠤᠤᠯ ᠮᠥᠷᠡᠨ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠶᠠᠪᠤᠳᠠᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠠᠮᠤᠷ ᠲᠣᠭᠲᠠᠭᠤᠨ ᠢ ᠪᠡᠶᠡᠯᠡᠭᠦᠯᠬᠦ ᠶᠢᠨ ᠲᠤᠰᠠᠳᠠ᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ          ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠣᠭᠲᠠᠭᠠᠯ ᠢ ᠲᠤᠭᠲᠠᠭᠠᠵᠠᠢ᠃  ᠬᠤᠶᠠᠳᠤᠭᠠᠷ ᠵᠤᠷᠪᠤᠰ  ᠲᠤᠰ ᠲᠣᠭᠲᠠᠭᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠭᠤᠣᠯ ᠮᠥᠷᠡᠨ ᠠᠯᠤᠰᠯᠠᠭᠰᠠᠨ ᠨᠠᠭᠤᠷ ᠴᠥᠭᠦᠷᠥᠮ᠂ ᠭᠤᠣᠯ ᠮᠥᠷᠡᠨ ᠢ ᠠᠯᠤᠰᠯᠠᠭᠰᠠᠨ ᠨᠠᠭᠤᠷ ᠴᠥᠭᠦᠷᠥᠮ᠂ ᠳᠠᠯᠠᠩ ᠨᠡᠪᠲᠡᠯᠬᠦ᠂ ᠭᠤᠣᠯ ᠮᠥᠷᠡᠨ ᠨᠠᠭᠤᠷ ᠴᠥᠭᠦᠷᠥᠮ ᠳᠠᠭᠠᠤ ᠶᠢᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠲᠠᠲᠠᠯᠭ᠎ᠠ᠂ ᠤᠰᠤ ᠲᠠᠲᠠᠬᠤ᠂ ᠤᠰᠤ ᠲᠠᠲᠠᠷᠠᠭᠤᠯᠬᠤ ᠵᠡᠷᠭᠡ ᠪᠠᠷᠢᠯᠭ᠎ᠠ ᠵᠢᠴᠢ ᠪᠡᠯᠡᠳᠬᠡᠮᠵᠢ ︵ᠳᠣᠷᠣᠭᠰᠢ ᠶᠡᠷᠦᠩᠬᠡᠶᠢᠯᠡᠭᠡᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠨ᠎ᠡ︶ ᠳᠤ ᠲᠣᠬᠢᠷᠠᠨ᠎ᠠ᠃  ᠭᠤᠷᠪᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯ ᠤᠨ ᠵᠠᠮ ︵ᠨᠠᠭᠤᠷ ᠪᠠᠭᠲᠠᠨ᠎ᠠ︶ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃  ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠡᠷᠬᠡᠪᠰᠢ ᠭᠤᠣᠯ ᠤᠨ ᠵᠡᠮ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠵᠣᠬᠢᠴᠠᠩᠭᠤᠢ ᠲᠡᠰ ᠤᠨ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠠᠵᠢᠯ ᠡᠬᠢᠯᠡᠭᠦᠯᠵᠦ ᠪᠣᠯᠤᠨ᠎ᠠ᠃  ᠳᠥᠷᠪᠡᠳᠦᠭᠡᠷ ᠵᠤᠷᠪᠤᠰ  ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠵᠥᠪᠰᠢᠶᠡᠷᠡᠯ ︵ᠳᠣᠷᠣᠭᠰᠢ ᠭᠤᠤᠯ ᠮᠥᠷᠡᠨ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠭᠡᠵᠦ ᠲᠣᠪᠴᠢᠯᠠᠨ᠎ᠠ︶ ᠬᠢᠭᠡᠳ ᠤᠰᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠬᠢᠨᠠᠨ ᠬᠠᠷᠭᠤᠭᠤᠯᠤᠨ᠎ᠠ᠂ ᠦᠶᠡᠷ ᠢ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠤᠰᠤ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ᠂ ᠤᠯᠤᠰ ᠤᠨ ᠦᠨᠳᠦᠰᠦᠨ ᠤᠰᠤᠨ ᠰᠢᠨᠵᠢᠯᠡᠭᠡᠨ  ᠤ ᠬᠡᠮᠵᠢᠯᠲᠡ ᠶᠢᠨ ᠥᠷᠲᠡᠭᠡ ᠶᠢᠨ ᠳᠡᠭᠡᠳᠦ ᠳᠤᠤᠷᠠᠳᠤ ᠤᠷᠤᠰᠬᠠᠯ ᠤᠨ ᠪᠥᠲᠥᠭᠡᠨ ᠪᠠᠶᠢᠭᠤᠯᠤᠯᠲᠠ ᠶᠢᠨ ᠨᠥᠯᠥᠭᠡᠯᠡᠬᠦ ᠤᠰᠤᠨ ᠰᠢᠨᠵᠢᠯᠡᠭᠡᠨ ᠤ ᠬᠢᠨᠠᠨ ᠰᠢᠨᠵᠢᠬᠦ ᠢᠨᠵᠧᠨᠧᠷᠢᠩ ᠢ ᠬᠢᠨᠠᠨ ᠵᠥᠪᠰᠢᠶᠡᠷᠡᠬᠦ ᠨᠢ ᠮᠥᠨ ᠬᠦ ᠦᠶᠡᠷ ᠤᠨ ᠨᠥᠯᠥᠭᠡ ᠶᠢ ᠦᠨᠡᠯᠡᠬᠦ ᠲᠥᠷᠥᠯ ᠤᠨ ᠬᠢᠨᠠᠨ ᠵᠥᠪᠰᠢᠶᠡᠷᠡᠬᠦ ᠳᠤ ᠬᠠᠷᠢᠶᠠᠯᠠᠭᠳᠠᠨ᠎ᠠ᠂ ᠠᠳᠠᠯᠢ ᠨᠢᠭᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠠᠳᠠᠯᠢ ᠨᠢᠭᠡᠨ ᠭᠤᠶᠤᠴᠢᠯᠠᠭᠴᠢ ᠨᠢ ᠦᠶᠡᠷ ᠤᠨ ᠨᠥᠯᠥᠭᠡ ᠶᠢ ᠦᠨᠡᠯᠡᠬᠦ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠢ ᠵᠡᠷᠭᠡᠪᠡᠷ ᠭᠤᠶᠤᠴᠢᠯᠠᠬᠤ ᠴᠢᠬᠤᠯᠠᠲᠠᠶ ᠪᠠᠶᠢᠪᠠᠯ᠂ ᠭᠤᠶᠤᠴᠢᠯᠠᠭᠴᠢ ᠨᠢ ︽ᠳᠥᠷᠪᠡᠨ ᠨᠢᠭᠡ︾ ︵ᠨᠢᠭᠡ ᠤᠳᠠᠭ᠎ᠠ ᠳᠤ ᠮᠡᠳᠡᠭᠦᠯᠵᠦ ᠪᠣᠯᠤᠨ᠎ᠠ᠂ ᠨᠢᠭᠡ ᠮᠡᠳᠡᠭᠦᠯᠦᠯᠲᠡ᠂ ᠨᠢᠭᠡ ᠯᠡ ᠤᠳᠠᠭ᠎ᠠ ᠬᠢᠨᠠᠨ ᠪᠠᠶᠢᠴᠠᠭᠠᠬᠤ᠂ ᠨᠢᠭᠡ ᠴᠣᠬᠤᠯᠠᠪᠤᠷᠢ︶ ᠠᠷᠭ᠎ᠠ ᠮᠠᠶ᠋ᠢᠭ ᠢᠶᠠᠷ ᠭᠤᠶᠤᠴᠢᠯᠠᠬᠤ᠂ ᠳᠠᠩ ᠭᠠᠭᠴᠠ ᠵᠦᠢᠯ ᠤᠨ ᠱᠠᠭᠠᠷᠳᠠᠯᠭ᠎ᠠ ᠶᠣᠰᠣᠭᠠᠷ ᠲᠤᠰ ᠲᠤᠰ ᠭᠤᠶᠤᠴᠢᠯᠠᠯ ᠭᠠᠷᠭᠠᠬᠤ ᠶᠢ ᠰᠣᠩᠭᠤᠭᠰᠠᠨ ᠴᠤ ᠪᠣᠯᠤᠨ᠎ᠠ᠃  ᠲᠠᠪᠤᠳᠤᠭᠠᠷ ᠵᠤᠷᠪᠤᠰ  ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠳᠤ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠂ ᠪᠣᠳᠠᠲᠠᠢ ᠪᠠᠷ ᠳᠣᠣᠷᠠᠬᠢ ᠮᠡᠲᠦ᠄  ︵ᠨᠢᠭᠡ︶ ᠥᠪᠡᠷᠲᠡᠭᠡᠨ ᠵᠠᠰᠠᠬᠤ ᠣᠷᠣᠨ᠄ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠳᠤ ᠣᠷᠣᠵᠤ ᠢᠷᠡᠭᠡᠳ ᠲᠣᠭᠲᠠᠬᠤ ᠭᠤᠣᠯ ᠬᠦᠷᠬᠦ ᠬᠡᠰᠡᠭ ᠲᠤ ᠪᠦᠲᠦᠭᠡᠨ ᠪᠠᠶᠢᠭᠤᠯᠬᠤ ᠵᠢᠵᠢᠭ ᠬᠡᠯᠪᠡᠷᠢ ᠶᠢᠨ ᠲᠥᠷᠥᠯ ᠵᠦᠢᠯ︔ ᠪᠠᠷᠠᠭᠤᠨ ᠯᠢᠶᠣᠤ ᠾᠧ ᠶᠢᠨ ᠰᠦ ᠵᠢᠶᠠ ᠪᠦᠦ ᠶᠢᠨ ᠬᠡᠰᠡᠭ ᠠᠴᠠ ᠮᠤᠵᠢ ᠶᠢᠨ ᠵᠠᠭᠠᠭ ᠲᠤ ᠪᠦᠲᠦᠭᠡᠨ ᠪᠠᠶᠢᠭᠤᠯᠬᠤ ᠵᠢᠵᠢᠭ ᠬᠡᠯᠪᠡᠷᠢ ᠶᠢᠨ ᠲᠥᠷᠥᠯ ᠵᠦᠢᠯ︔ ᠭᠤᠤᠯ ᠮᠥᠷᠡᠨ ᠨᠠᠭᠤᠷ ᠴᠥᠭᠦᠷᠥᠮ ᠤᠨ ᠠᠶᠢᠮᠠᠭ ᠬᠤᠲᠠ ᠶᠢᠨ ᠵᠠᠭᠠᠭ ᠢᠶᠠᠷ ᠥᠩᠭᠡᠷᠡᠬᠦ ᠪᠤᠶᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠬᠤᠶᠠᠷ︶ ᠠᠶᠢᠮᠠᠭ ᠬᠤᠲᠠ᠄ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠬᠤᠸᠠᠩ ᠹᠦ᠋ ᠴᠤᠸᠠᠨ᠂ ᠺᠦ᠋ ᠶᠧ ᠾᠧ ᠭᠤᠣᠯ ᠳᠡᠭᠡᠷ᠎ᠡ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠂ ᠶᠡᠭᠡ ᠲᠦᠷᠭᠡᠨ ᠭᠤᠣᠯ᠂ ᠡᠦ ᠳ᠋ᠢᠩ ᠾᠧ ᠭᠤᠣᠯ ᠳᠡᠭᠡᠷ᠎ᠡ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ︔ ᠪᠠᠷᠠᠭᠤᠨ ᠯᠢᠶᠣᠤᠾᠧ ᠭᠤᠣᠯ ᠤᠨ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠴᠠᠭᠠᠨᠮᠦ᠋ᠷᠡᠨ ᠭᠤᠣᠯ᠂ ᠰᠢᠷᠠᠮᠦ᠋ᠷᠡᠨ ᠭᠤᠣᠯ᠂ ᠨᠠᠷᠢᠮᠦ᠋ᠷᠡᠨ ᠭᠤᠣᠯ᠂ ᠬᠠᠷᠠᠮᠦ᠋ᠷᠡᠨ ᠭᠤᠣᠯ᠂ ᠰᠢᠨᠺᠠᠢ ᠭᠤᠣᠯ᠂ ᠢᠩᠭᠡ ᠶᠢᠨ        ᠭᠤᠣᠯ᠂ ᠦᠢᠯᠵᠡᠶᠢᠮᠦᠷᠡᠨ ᠭᠤᠣᠯ᠂ ᠯᠤᠬ᠎ᠠ ᠭᠤᠣᠯ ᠤᠨ ᠶᠧ ᡂᠢ ᠲᠡᠮᠦᠷ ᠵᠠᠮ ᠤᠨ ᠬᠥᠭᠦᠷᠭᠡ ᠠᠴᠠ ᡂᠢ ᠲᠦᠩ ᠲᠡᠮᠦᠷ ᠵᠠᠮ ᠤᠨ ᠬᠥᠭᠦᠷᠭᠡ ᠶᠢᠨ ᠭᠠᠳᠠᠨᠠᠬᠢ ᠥᠪᠥᠷ ᠮᠣᠩᠭᠤᠯ ᠤᠨ ᠭᠤᠣᠯ ᠤᠨ ᠬᠡᠰᠡᠭ ᠬᠦᠷᠲᠡᠯ᠎ᠡ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ︔ ᠨᠤᠨ ᠮᠥᠷᠡᠨ ᠤ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠬᠤᠣᠯᠢᠨ ᠭᠤᠣᠯ ᠤᠨ ᠥᠪᠥᠷ ᠮᠣᠩᠭᠤᠯ ᠳᠠᠬᠢ ᠬᠡᠰᠡᠭ ᠪᠣᠯᠤᠨ ᠨᠣᠮᠢᠨ ᠭᠤᠣᠯ ᠤᠨ ᠮᠣᠷᠢᠨ ᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠶᠢᠲᠤ ᠬᠦᠷᠬᠦ ᠠᠴᠠ ᠭᠤᠣᠯ ᠤᠨ ᠠᠳᠠᠭ᠂ ᠴᠤᠭᠤᠷ ᠭᠤᠣᠯ ᠤᠨ ᠢᠨᠳᠡᠷ ᠪᠠᠯᠭᠠᠰᠤ ᠠᠴᠠ ᠭᠤᠣᠯ ᠤᠨ ᠠᠳᠠᠭ ᠤᠨ ᠭᠠᠳᠠᠨᠠᠬᠢ ᠭᠤᠣᠯ ᠬᠦᠷᠬᠦ ᠬᠡᠰᠡᠭ ᠵᠢᠴᠢ ᠳᠣᠪᠤᠭᠡᠷ ᠭᠤᠣᠯ᠂ ᠭᠠᠨ ᠭᠤᠣᠯ᠂ ᠠᠷᠤ ᠭᠤᠣᠯ᠂ ᠶᠢᠨ ᠾᠧ ᠭᠤᠣᠯ᠂ ᠶᠠᠯᠦ ᠭᠤᠣᠯ᠂ ᠬᠦᠷᠳᠦ ᠭᠤᠣᠯ᠂ ᠲᠤᠤ ᠡᠯ ᠭᠤᠣᠯ ᠬᠦᠷᠬᠦ ᠪᠠᠶᠢᠭᠤᠯᠬᠤ ᠪᠤᠶ ᠪᠦᠬᠦᠢ ᠲᠥᠷᠥᠯ ᠵᠦᠢᠯ︔ ᠡᠷᠭᠦᠨ᠎ᠡ ᠭᠤᠣᠯ ᠤᠨ ᠭᠤᠣᠯ ᠤᠷᠤᠰᠬᠠᠯ ᠵᠢᠴᠢ ᠬᠠᠯᠬ᠎ᠠ ᠭᠤᠣᠯ᠂ ᠬᠡᠷᠦᠯᠦᠨ ᠭᠤᠣᠯ ᠤᠨ ᠣᠯᠠᠨ ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠬᠡᠰᠡᠭ ᠳᠡᠭᠡᠷ᠎ᠡ ᠪᠦᠲᠦᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠂ ᠬᠠᠯᠬ᠎ᠠ ᠭᠤᠣᠯ᠂ ᠬᠡᠷᠦᠯᠦᠨ ᠭᠤᠣᠯ ᠤᠨ ᠣᠯᠠᠨ ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠬᠡᠰᠡᠭ ᠵᠢᠴᠢ ᠬᠠᠶᠢᠯᠠᠷ ᠭᠤᠣᠯ᠂ ᠭᠡᠭᠡᠨ ᠭᠤᠣᠯ᠂ ᠳᠡᠪᠬᠡᠨ ᠭᠤᠣᠯ᠂ ᠮᠣᠷᠳᠠᠭ᠎ᠠ ᠭᠤᠣᠯ᠂ ᠵᠢᠶ ᠯᠢᠦ ᠭᠤᠣᠯ᠂ ᠠᠪᠠ ᠭᠤᠣᠯ᠂ ᠦᠮᠠ ᠭᠤᠣᠯ᠂ ᠡᠩᠬᠡᠬᠠᠳᠠ ᠭᠤᠣᠯ᠂ ᠰᠢᠨᠺᠠᠢ ᠭᠤᠣᠯ ᠤᠨ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ︔ ᠠᠶᠢᠮᠠᠭ ᠬᠤᠲᠠ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠠᠯᠤᠰᠯᠠᠭᠰᠠᠨ ᠴᠢᠬᠤᠯᠠ ᠭᠤᠣᠯ ᠤᠨ ᠬᠡᠰᠡᠭ ᠤᠨ ᠲᠠᠯ᠎ᠠ ᠪᠠᠷ ᠪᠠ ᠭᠤᠣᠯ ᠮᠥᠷᠡᠨ ᠨᠠᠭᠤᠷ ᠪᠦᠷᠢᠳᠦ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠭᠠᠭ ᠢ ᠳᠠᠪᠠᠭ᠋ᠤ ᠴᠢᠬᠤᠯᠠ ᠲᠠᠢ ᠪᠤᠶᠤ ᠪᠠᠶᠢᠷᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶᠄ ᠪᠤᠰᠤᠳ ᠭᠤᠤᠯ ᠮᠥᠷᠡᠨ ᠨᠠᠭᠤᠷ ᠴᠥᠭᠦᠷᠥᠮ ᠳᠡᠭᠡᠷ᠎ᠡ ᠪᠠᠶᠢᠭᠤᠯᠤᠭᠰᠠᠨ ᠪᠦᠬᠦᠶᠢᠯᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠳᠥᠷᠪᠡ︶ ᠤᠯᠤᠰ ᠤᠨ ᠬᠢᠯᠢ᠂ ᠮᠤᠵᠢ ᠶᠢᠨ ᠵᠠᠭᠠᠭ ᠤᠨ ᠭᠤᠣᠯ ᠮᠥᠷᠡᠨ ᠤ ᠵᠠᠭᠠᠭ ᠤᠨ ᠭᠤᠣᠯ ᠮᠥᠷᠡᠨ ᠤ ᠬᠡᠰᠡᠭ ᠤᠨ ᠬᠢᠨᠠᠨ ᠪᠠᠶᠢᠴᠠᠭᠠᠬᠤ ᠡᠷᠬᠡ ᠮᠡᠳᠡᠯ ᠢ ︽ᠭᠤᠣᠯ ᠨᠠᠭᠤᠷ ᠢ ᠬᠠᠮᠢᠶᠠᠷᠬᠤ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠡᠷᠬᠡ ᠮᠡᠳᠡᠯ ᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠭᠤᠣᠯ ᠨᠠᠭᠤᠷ ﹇2021﹈ 237 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃  ᠵᠢᠷᠭᠤᠳᠤᠭᠠᠷ ᠵᠤᠷᠪᠤᠰ  ᠳᠡᠭᠡᠳᠦ ᠬᠤᠷᠳᠤ ᠶᠢᠨ ᠵᠠᠰᠠᠮᠠᠯ ᠵᠠᠮ᠂ ᠤᠰᠤ ᠳᠠᠮᠵᠢᠭᠤᠯᠬᠤ ᠬᠤᠭᠤᠯᠠᠶ ᠵᠡᠷᠭᠡ ᠠᠳᠠᠯᠢ ᠨᠢᠭᠡᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠳᠠᠯᠢ ᠪᠤᠰᠤ ᠬᠢᠨᠠᠨ ᠵᠥᠪᠰᠢᠶᠡᠷᠡᠬᠦ ᠡᠷᠬᠡ ᠮᠡᠳᠡᠯ ᠤᠨ ᠭᠤᠣᠯ ᠤᠨ ᠵᠠᠮ ᠢᠶᠠᠷ ᠥᠩᠭᠡᠷᠡᠬᠦ ᠴᠢᠬᠤᠯᠠ ᠲᠠᠢ ᠪᠣᠯ ᠳᠡᠭᠡᠳᠦ ᠱᠠᠲᠤ ᠪᠤᠶᠤ ᠬᠠᠮᠲᠤ ᠶᠢᠨ ᠳᠡᠭᠡᠷ᠎ᠡ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ᠂ ᠬᠤᠯᠪᠣᠭᠳᠠᠯ ᠪᠦᠬᠦᠢ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠣᠷᠣᠯᠴᠠᠬᠤ ᠬᠡᠷᠡᠭᠲᠡᠶ᠃  ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠬᠤᠯᠪᠣᠭᠳᠠᠯ ᠪᠦᠬᠦᠢ ᠠᠵᠢᠯ ᠲᠦᠷᠦᠯ ᠤᠨ ᠮᠡᠷᠭᠡᠵᠢᠯ ᠤᠨ ᠪᠠᠷᠢᠮᠵᠢᠶ᠎ᠠ ᠪᠠ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠲᠣᠭᠲᠠᠭᠠᠨ᠎ᠠ᠃  ᠣᠷᠣᠨ ᠪᠦᠰᠡ ᠶᠢᠨ ᠦᠨᠡᠯᠡᠨ ᠵᠢᠱᠢᠯᠲᠡ ᠬᠢᠭᠰᠡᠨ ᠨᠡᠭᠡᠭᠡᠯᠲᠡ ᠶᠢᠨ ᠲᠣᠭᠤᠷᠢᠭ ᠵᠢᠴᠢ ᠪᠤᠰᠤᠳ ᠣᠷᠣᠨ ᠪᠦᠰᠡ ᠳᠤ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠠᠷᠭᠠᠪᠠᠯ᠂ ᠦᠶᠡᠷ ᠢ ᠰᠡᠷᠭᠡᠶᠢᠯᠡᠬᠦ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠳᠠᠭᠢᠵᠤ ᠲᠤᠰᠠᠭᠠᠷ ᠨᠠᠶᠢᠷᠠᠭᠤᠯᠤᠨ ᠵᠣᠬᠢᠶᠠᠬᠤ ᠥᠬᠡᠶ᠂ ᠲᠣᠭᠲᠠᠭᠠᠯ ᠶᠣᠰᠣᠭᠠᠷ ᠮᠡᠳᠡᠭᠳᠡᠵᠦ ᠠᠮᠠᠯᠳᠠᠬᠤ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃  ᠳᠣᠯᠣᠳᠤᠭᠠᠷ ᠵᠤᠷᠪᠤᠰ   ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠨᠢ ᠡᠷᠬᠡᠪᠰᠢ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠ ᠪᠤᠰᠤᠳ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠬᠠᠮᠠᠭᠠᠯᠠᠨ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠ ᠦᠶᠡᠷ ᠢ ᠤᠷᠤᠰᠬᠠᠨ᠂ ᠤᠰᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃   ᠨᠠᠢᠮᠠᠳᠤᠭᠠᠷ ᠵᠤᠷᠪᠤᠰ  ᠪᠥᠲᠥᠭᠡᠨ ᠪᠠᠶᠢᠭᠤᠯᠬᠤ ᠨᠢᠭᠡᠴᠢ ᠲᠥᠷᠥᠯ ᠵᠦᠢᠯ ᠪᠠᠶᠢᠭᠤᠯᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ ᠡᠷᠬᠡᠪᠰᠢ ᠭᠤᠤᠯ ᠤᠨ ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠵᠣᠬᠢᠬᠤ ᠲᠠᠰ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠭᠤᠶᠤᠴᠢᠯᠠᠬᠤ ᠳᠠᠭᠠᠨ ᠳᠤᠤᠷᠠᠬᠢ ᠮᠡᠲᠦ ᠮᠠᠲ᠋ᠧᠷᠢᠶᠠᠯ ᠢ ᠬᠠᠩᠭᠠᠬᠤ ᠬᠡᠷᠡᠭᠲᠡᠶ᠄  ︵ᠨᠢᠭᠡ︶ ᠭᠤᠶᠤᠴᠢᠯᠠᠯ ᠤᠨ ᠪᠢᠴᠢᠭ︔  ︵ᠬᠤᠶᠠᠷ︶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠯᠡᠭᠰᠡᠨ ᠪᠢᠴᠢᠭ ᠮᠠᠲ᠋ᠧᠷᠢᠶᠠᠯ︔  ︵ᠭᠤᠷᠪᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠭᠤᠤᠯ ᠤᠨ ᠵᠠᠮ ᠬᠢᠭᠡᠳ ᠦᠶᠡᠷ ᠢ ᠰᠡᠷᠭᠡᠶᠢᠯᠡᠬᠦ ᠬᠡᠰᠡᠭ ᠤᠨ ᠠᠩᠬ᠎ᠠ ᠠᠯᠬᠤᠮ ᠤᠨ ᠲᠥᠰᠦᠯ︔  ︵ᠳᠦᠷᠪᠡ︶ ᠦᠶᠡᠷ ᠢ ᠰᠡᠷᠭᠡᠶᠢᠯᠡᠬᠦ ᠦᠨᠡᠯᠡᠯᠲᠡ ᠶᠢᠨ ᠮᠡᠳᠡᠭᠦᠯᠦᠯᠲᠡ᠂ ᠭᠤᠣᠯᠳᠠᠭᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠭᠤᠣᠯ ᠤᠨ ᠤᠷᠤᠰᠬᠠᠯ ᠤᠨ ᠪᠠᠶᠢᠳᠠᠯ ᠤᠨ ᠬᠤᠪᠢᠷᠠᠯᠲᠠ᠂ ᠬᠠᠰᠢᠯᠭ᠎ᠠ ᠳᠠᠯᠠᠩ ᠤᠨ ᠠᠮᠤᠷ ᠲᠦᠪᠰᠢᠨ᠂ ᠭᠤᠣᠯ ᠤᠨ ᠵᠠᠮ ᠤᠨ ᠦᠶᠡᠷ ᠤᠨ ᠠᠶᠠᠯᠠᠯ ᠳᠤ ᠦᠵᠡᠭᠦᠯᠬᠦ ᠨᠥᠯᠥᠭᠡ ᠵᠢᠴᠢ ᠠᠪᠬᠤ ᠪᠠᠷ ᠪᠠᠶᠢᠭ᠎ᠠ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ︔ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠪᠠᠶᠢᠳᠠᠯ ᠵᠢᠴᠢ ᠲᠣᠰ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠤᠰᠤᠲᠤᠯ ᠢ ᠰᠡᠷᠭᠡᠶᠢᠯᠡᠨ ᠬᠤᠷᠢᠭᠯᠠᠬᠤ ᠪᠠᠷᠢᠮᠵᠢᠶ᠎ᠠ ᠬᠢᠭᠡᠳ ᠨᠥᠬᠦᠵᠦ ᠠᠪᠤᠷᠬᠠᠤ ᠠᠷᠭ᠎ᠠ ᠬᠡᠮᠵᠢᠶ᠎ᠡ᠃  ᠶᠢᠰᠦᠳᠦᠭᠡᠷ ᠵᠤᠷᠪᠤᠰ  ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠢᠨᠠᠨ ᠪᠠᠶᠢᠴᠠᠭᠠᠬᠤ ᠬᠡᠷᠡᠭᠲᠡᠶ᠂ ᠬᠢᠨᠠᠨ ᠪᠠᠶᠢᠴᠠᠭᠠᠬᠤ ᠭᠤᠤᠯ ᠠᠭᠤᠯᠭ᠎ᠠ ᠨᠢ᠄  ︵ᠨᠢᠭᠡ︶ ᠭᠤᠣᠯ ᠮᠥᠷᠡᠨ ᠤ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠳᠤ ᠨᠡᠶᠢᠴᠡᠬᠦ ᠡᠰᠡᠬᠦ ᠨᠢ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠶᠠᠮᠠᠷ ᠨᠥᠯᠥᠭᠡ ᠲᠠᠢ ᠪᠠᠶᠢᠳᠠᠭ ᠪᠤᠢ︔  ︵ᠬᠤᠶᠠᠷ︶ ᠦᠶᠡᠷ ᠢ ᠰᠡᠷᠭᠡᠶᠢᠯᠡᠬᠦ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ︔  ︵ᠭᠤᠷᠪᠠ︶ ᠭᠤᠣᠯ ᠤᠨ ᠤᠷᠤᠰᠬᠠᠯ ᠤᠨ ᠪᠠᠶᠢᠳᠠᠯ ᠲᠣᠭᠲᠠᠭᠤᠨ ᠪᠠᠶᠢᠬᠤ᠂ ᠤᠰᠤᠨ ᠤ ᠬᠡᠯᠪᠡᠷᠢ ᠪᠠᠶᠢᠳᠠᠯ᠂ ᠤᠰᠤᠨ ᠤ ᠴᠢᠨᠠᠷ᠂ ᠲᠤᠨᠤᠮᠠᠯ ᠤᠨ ᠬᠤᠪᠢᠷᠠᠯᠲᠠ ᠳᠤ ᠠᠰᠢᠭ ᠦᠭᠡᠢ ᠨᠥᠯᠥᠭᠡ ᠪᠠᠶᠢᠬᠤ ᠡᠰᠡᠬᠦ︔  ︵ᠳᠥᠷᠪᠡ︶ ᠦᠶᠡᠷ ᠵᠠᠯᠠᠬᠤ ᠶᠢ ᠬᠠᠷᠰᠢᠯᠠᠭᠰᠠᠨ ᠡᠰᠡᠬᠦ᠂ ᠭᠤᠤᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠪᠠᠭᠤᠷᠠᠭᠤᠯᠤᠭᠰᠠᠨ ᠡᠰᠡᠬᠦ︔  ︵ᠲᠠᠪᠤ︶ ᠬᠠᠰᠢᠯᠭ᠎ᠠ᠂ ᠡᠷᠭᠢ ᠬᠠᠮᠠᠭᠠᠯᠠᠬᠤ ᠪᠠ ᠪᠤᠰᠤᠳ ᠤᠰᠤᠨ ᠤ ᠪᠠᠷᠢᠯᠭ᠎ᠠ ᠶᠢᠨ ᠠᠶᠤᠯ ᠦᠭᠡᠶ ᠶᠢ ᠨᠥᠯᠥᠭᠡᠯᠡᠬᠦ︔  ︵ᠵᠢᠷᠭᠤᠭ᠎ᠠ︶ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠶᠢ ᠬᠠᠷᠰᠢᠯᠠᠭᠰᠠᠨ ᠡᠰᠡᠬᠦ︔  ︵ᠳᠣᠯᠤᠭ᠎ᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠤᠰᠤᠲᠤᠯ ᠢ ᠰᠡᠷᠭᠡᠶᠢᠯᠡᠨ ᠬᠤᠷᠢᠭᠯᠠᠬᠤ ᠪᠠᠷᠢᠮᠵᠢᠶ᠎ᠠ ᠬᠢᠭᠡᠳ ᠠᠷᠭ᠎ᠠ ᠬᠡᠮᠵᠢᠶ᠎ᠡ ᠨᠢ ᠵᠣᠬᠢᠰᠲᠠᠶ ᠪᠠᠶᠢᠬᠤ ᠡᠰᠡᠬᠦ︔  ︵ᠨᠠᠢᠮᠠ︶ ᠭᠤᠷᠪᠠᠳᠠᠬᠢ ᠬᠥᠮᠦᠨ ᠤ ᠤᠰᠤᠨ ᠤ ᠶᠠᠪᠤᠳᠠᠯ ᠤᠨ ᠬᠠᠤᠯᠢ ᠶᠣᠰᠣᠨ ᠤ ᠡᠷᠬᠡ ᠠᠰᠢᠭ ᠢ ᠨᠥᠯᠥᠭᠡᠯᠡᠭᠰᠡᠨ ᠡᠰᠡᠬᠦ︔  ︵ᠶᠢᠰᠦ︶ ᠪᠤᠰᠤᠳ ᠬᠤᠯᠪᠣᠭᠳᠠᠯ ᠪᠦᠬᠦᠢ ᠲᠣᠭᠲᠠᠭᠠᠯ ᠪᠠ ᠬᠡᠯᠡᠯᠴᠡᠭᠡᠷ ᠲᠤ ᠨᠡᠶᠢᠴᠡᠬᠦ ᠡᠰᠡᠬᠦ︔  ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠠᠶᠢᠴᠠᠭᠠᠯᠲᠠ ᠬᠢᠬᠦ ᠳᠡᠭᠡᠨ ᠪᠠᠰᠠ ᠳᠡᠭᠡᠳᠦ ᠱᠠᠲᠤ ᠪᠤᠶᠤ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃  ᠠᠷᠪᠠᠳᠤᠭᠠᠷ ᠵᠤᠷᠪᠤᠰ  ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠢ ᠭᠤᠶᠤᠴᠢᠯᠠᠭᠰᠠᠨ ᠨᠢᠭᠡᠴᠢ ᠳᠤ ᠮᠡᠳᠡᠭᠳᠡᠬᠦ ᠬᠡᠷᠡᠭᠲᠡᠶ᠂ ᠪᠠᠶᠢᠭᠤᠯᠬᠤ ᠶᠢ ᠵᠥᠪᠰᠢᠶᠡᠷᠡᠭᠰᠡᠨ ᠪᠣᠯ ᠵᠥᠪᠰᠢᠶᠡᠷᠡᠭᠰᠡᠨ ᠲᠣᠭᠲᠠᠭᠠᠯ ᠤᠨ ᠪᠢᠴᠢᠭ ᠣᠯᠭᠤᠬᠤ ᠬᠡᠷᠡᠭᠲᠡᠶ᠃ ᠪᠦᠲᠦᠭᠡᠨ ᠪᠠᠶᠢᠭᠤᠯᠬᠤ ᠨᠢᠭᠡᠴᠢ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ ᠪᠢᠴᠢᠭ ᠢ ᠣᠯᠤᠭᠰᠠᠨ ᠤ ᠳᠠᠷᠠᠭ᠎ᠠ ᠰᠠᠶ᠋ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠤᠨ᠎ᠠ᠃  ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ ᠲᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠪᠠ ᠬᠠᠮᠢᠶᠠᠷᠤᠯᠲᠠ ᠳᠤ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠴᠤ ᠪᠣᠯᠤᠨ᠎ᠠ᠃  ᠠᠷᠪᠠᠨ ᠨᠢᠭᠡᠳᠦᠭᠡᠷ ᠵᠤᠷᠪᠤᠰ  ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠬᠤ ᠨᠢᠭᠡᠴᠢ ᠶᠢᠨ ᠭᠤᠶᠤᠴᠢᠯᠠᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠦᠭᠡᠶ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠦᠬᠦᠢ ᠠᠰᠠᠭᠤᠳᠠᠯ ᠢ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠨᠥᠬᠦᠪᠥᠷᠢᠯᠡᠭᠰᠡᠨ ᠤ ᠳᠠᠷᠠᠭ᠎ᠠ ᠳᠠᠬᠢᠨ ᠬᠢᠨᠠᠨ ᠪᠠᠶᠢᠴᠠᠭᠠᠯᠭᠠᠬᠤ ᠪᠠᠷ ᠱᠠᠭᠠᠷᠳᠠᠪᠠᠯ᠂ ᠲᠣᠭᠲᠠᠭᠠᠯ ᠤᠨ ᠪᠢᠴᠢᠭ ᠮᠠᠲ᠋ᠧᠷᠢᠶᠠᠯ ᠳᠠᠭᠠᠨ ᠤᠴᠢᠷ ᠰᠢᠯᠲᠠᠭᠠᠨ ᠪᠠ ᠦᠨᠳᠦᠰᠦᠯᠡᠯ ᠢᠶᠠᠨ ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠢ ᠣᠨᠳᠣᠣ ᠰᠠᠨᠠᠯ ᠲᠠᠢ ᠪᠣᠯ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠬᠠᠤᠯᠢ ᠶᠣᠰᠣᠭᠠᠷ ᠳᠤᠷᠠᠳᠴᠤ ᠪᠣᠯᠤᠨ᠎ᠠ᠃  ᠠᠷᠪᠠᠨ ᠬᠤᠶᠠᠳᠤᠭᠠᠷ ᠵᠤᠷᠪᠤᠰ  ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠵᠢᠯ ᠡᠬᠢᠯᠡᠬᠦ ᠠᠴᠠ ᠡᠮᠦᠨ᠎ᠡ᠂ ᠪᠠᠷᠢᠯᠭ᠎ᠠ ᠪᠠᠷᠢᠭᠤᠯᠬᠤ ᠨᠢᠭᠡᠴᠢ ᠪᠠᠷᠢᠯᠭ᠎ᠠ ᠶᠢᠨ ᠲᠣᠬᠢᠷᠠᠭᠤᠯᠤᠯᠲᠠ ᠶᠢ ᠭᠤᠣᠯ ᠤᠨ ᠵᠠᠮ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠳᠤ ᠬᠦᠷᠭᠡᠵᠦ ᠳᠠᠩᠰᠠᠯᠠᠭᠤᠯᠬᠤ ᠬᠡᠷᠡᠭᠲᠡᠶ᠃ ᠪᠠᠷᠢᠯᠭ᠎ᠠ ᠶᠢᠨ ᠠᠵᠢᠯ ᠢ ᠲᠤᠬᠢᠷᠠᠭᠤᠯᠬᠤ ᠳᠠᠭᠠᠨ ᠪᠠᠷᠢᠯᠭ᠎ᠠ ᠪᠠᠷᠢᠬᠤ ᠳᠠᠭᠠᠨ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠪᠠᠶᠢᠳᠠᠯ ᠪᠠ ᠪᠠᠷᠢᠯᠭ᠎ᠠ ᠪᠠᠷᠢᠬᠤ ᠬᠤᠭᠤᠴᠠᠭᠠᠨ ᠳᠠᠬᠢ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠭᠲᠠᠭᠠᠬᠤ ᠬᠡᠷᠡᠭᠲᠡᠢ᠃  ᠠᠷᠪᠠᠨ ᠭᠤᠷᠪᠠᠳᠤᠭᠠᠷ ᠵᠤᠷᠪᠤᠰ  ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠵᠤ᠂ ᠪᠠᠶᠢᠴᠠᠭᠠᠭᠳᠠᠬᠤ ᠨᠢᠭᠡᠴᠢ ᠨᠢ ᠬᠠᠮᠢᠶ᠎ᠠ ᠪᠦᠬᠦᠢ ᠪᠠᠶᠢᠳᠠᠯ ᠢᠶᠠᠨ ᠦᠨᠡᠨ ᠪᠣᠳᠠᠲᠠᠶ ᠪᠠᠷ ᠮᠡᠳᠡᠭᠦᠯᠵᠦ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ ᠬᠡᠷᠪᠡ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ ᠪᠤᠶᠤ ᠬᠢᠨᠠᠨ ᠬᠠᠷᠭᠤᠭᠤᠯᠤᠭᠰᠠᠨ ᠪᠠᠷᠢᠯᠭ᠎ᠠ ᠪᠠᠷᠢᠬᠤ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠭᠰᠠᠨ ᠥᠬᠡᠶ ᠪᠤᠶᠤ ᠭᠤᠤᠯ ᠮᠥᠷᠡᠨ ᠤ ᠦᠶᠡᠷ ᠢ ᠰᠡᠷᠭᠡᠶᠢᠯᠡᠬᠦ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠠᠯ᠎ᠠ ᠳᠤ ᠬᠤᠯᠪᠣᠭᠳᠠᠭᠰᠠᠨ ᠠᠰᠠᠭᠤᠳᠠᠯ ᠢᠯᠡᠷᠡᠪᠡᠯ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠪᠥᠲᠥᠭᠡᠨ ᠪᠠᠶᠢᠭᠤᠯᠬᠤ ᠨᠢᠭᠡᠴᠢ ᠨᠢ ᠡᠷᠬᠡᠪᠰᠢ ᠬᠡᠷᠡᠭᠵᠢᠭᠦᠯᠬᠦ ᠬᠡᠷᠡᠭᠲᠡᠶ︔ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠳᠡᠭᠡᠳᠦ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠲᠤ ᠳᠤᠨᠢ ᠬᠠᠭᠤᠯᠤᠨ ᠮᠡᠳᠡᠭᠦᠯᠬᠦ ᠬᠡᠷᠡᠭᠲᠡᠶ᠃  ᠠᠷᠪᠠᠨ ᠳᠥᠷᠪᠡᠳᠦᠭᠡᠷ ᠵᠤᠷᠪᠤᠰ  ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠠᠷᠢᠯᠭ᠎ᠠ ᠪᠠ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠪᠠᠷᠢᠯᠭ᠎ᠠ ᠶᠢᠨ ᠠᠶᠤᠯᠭᠦᠢ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠦᠢᠯ ᠪᠦᠬᠦᠨ ᠳᠤ ᠬᠤᠭᠤᠴᠠᠭ᠎ᠠ ᠲᠣᠭᠲᠠᠭᠠᠨ ᠥᠭᠡᠷᠡᠴᠢᠯᠡᠨ ᠪᠠᠶᠢᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠭᠤᠣᠯ ᠮᠥᠷᠡᠨ ᠤ ᠵᠠᠮ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢ ᠳᠠᠭᠠᠬᠤ ᠬᠡᠷᠡᠭᠲᠡᠢ᠃  ᠠᠷᠪᠠᠨ ᠲᠠᠪᠤᠳᠤᠭᠠᠷ ᠵᠤᠷᠪᠤᠰ  ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠡᠬᠢᠯᠡᠨ ᠬᠡᠷᠡᠭᠯᠡᠵᠦ ᠪᠣᠯᠤᠨ᠎ᠠ᠃ ᠪᠠᠷᠢᠯᠭ᠎ᠠ ᠪᠠᠷᠢᠭᠤᠯᠤᠭᠰᠠᠨ ᠨᠢᠭᠡᠴᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ 6 ᠰᠠᠷ᠎ᠠ ᠶᠢᠨ ᠳᠣᠲᠣᠷ᠎ᠠ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃  ᠠᠷᠪᠠᠨ ᠵᠢᠷᠭᠤᠳᠤᠭᠠᠷ ᠵᠤᠷᠪᠤᠰ  ᠲᠤᠰ ᠲᠣᠭᠲᠠᠭᠠᠯ ᠤᠨ ᠶᠣᠰᠣᠭᠠᠷ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠦᠭᠡᠶ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠷᠯᠢᠭᠳᠠᠵᠤ ᠪᠠᠶᠢᠭᠠᠳ ᠪᠦᠲᠦᠭᠡᠨ ᠪᠠᠶᠢᠭᠤᠯᠬᠤ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠤᠷᠠᠭᠠᠯᠭᠠᠬᠤ ᠪᠤᠶᠤ ᠪᠤᠰᠤᠳ ᠨᠥᠬᠦᠵᠦ ᠵᠠᠰᠠᠭᠤᠯᠬᠤ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠵᠣᠭᠤᠰ ᠢᠶᠠᠷ ᠲᠣᠷᠭᠠᠵᠤ ᠪᠣᠯᠤᠨ᠎ᠠ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠤᠯᠤᠰ ᠤᠨ ᠴᠢᠬᠤᠯᠠ ᠨᠤᠭᠤ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠡᠪᠡᠰᠦ ᠪᠡᠯᠴᠢᠭᠡᠷ ᠵᠡᠷᠭᠡ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠤᠭᠤ ᠭᠠᠵᠠᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠭᠤ ᠭᠠᠵᠠᠷ ᠢ ᠰᠡᠷᠭᠦᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠣᠬᠢᠬᠤ ᠵᠣᠭᠤᠰ ᠢᠶᠠᠷ ᠲᠣᠷᠭᠠᠨ᠎ᠠ᠃  ᠠᠷᠪᠠᠨ ᠳᠣᠯᠣᠳᠤᠭᠠᠷ ᠵᠤᠷᠪᠤᠰ  ᠲᠣᠰ ᠲᠣᠭᠲᠠᠭᠠᠯ ᠢ 2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号