ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/19
  ᠬᠡᠯᠬᠢᠶᠡᠰᠦᠨ ᠨᠣᠮᠧᠷ᠄ 000014348/2023-05645  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2023﹈ 67 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 11 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 24 ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠯᠢ ᠳᠤ ᠪᠣᠶ᠃ ᠲᠥᠷᠥᠯ ᠵᠦᠢᠯ ᠨᠢ ᠬᠦᠷᠢᠶᠡᠯᠡᠩ ᠲᠣᠭᠤᠷᠢᠭ᠂ ᠬᠦᠷᠢᠶᠡᠯᠡᠩ ᠳᠤ ᠣᠷᠣᠬᠤ ᠵᠠᠮ ᠤᠨ ᠲᠣᠭᠤᠷᠢᠭ ᠪᠠ ᠬᠦᠷᠢᠶᠡᠯᠡᠩ ᠤᠨ ᠭᠠᠳᠠᠨᠠᠬᠢ ᠵᠠᠮ ᠤᠨ ᠲᠣᠭᠤᠷᠢᠭ ᠢᠶᠠᠷ ᠪᠦᠷᠢᠯᠳᠦᠵᠦ᠂ ᠨᠡᠶᠢᠲᠡ 20.03 ᠾᠧᠺᠲ᠋ᠠᠷ ᠭᠠᠵᠠᠷ ᠢ ᠲᠠᠲᠠᠪᠤᠷᠢᠯᠠᠨ ᠡᠵᠡᠯᠡᠵᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 35.01 ᠲᠦᠮᠡᠨ ᠪᠣᠰᠤᠭ᠎ᠠ ᠳᠥᠷᠪᠡᠯᠵᠢᠨ ᠮᠧᠲᠷ ᠢ ᠬᠥᠳᠡᠯᠭᠡᠨ ᠬᠡᠷᠡᠭᠯᠡᠵᠦ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 27.59 ᠳ᠋ᠦᠩᠰᠢᠭᠤᠷ ᠲᠥᠭᠦᠷᠢᠭ ᠲᠤ ᠬᠦᠷᠴᠡᠶ᠃ ᠲᠥᠷᠥᠯ ᠵᠦᠢᠯ ᠢ 2023 ᠣᠨ ᠤ 10 ᠳ᠋ᠤᠭᠠᠷ ᠰᠠᠷ᠎ᠠ ᠳᠤ ᠡᠬᠢᠯᠡᠨ ᠪᠠᠶᠢᠭᠤᠯᠵᠤ᠂ 2025 ᠣᠨ ᠤ 12 ᠳ᠋ᠤᠭᠠᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ ᠬᠤᠭᠤᠴᠠᠭ᠎ᠠ ᠨᠢ 27 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠪᠴᠢᠶ᠎ᠡ ᠪᠣᠯ 20.03 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ 93 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠭᠰᠠᠨ ᠬᠠᠷᠢᠴᠠᠯ 1.0᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ 94 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠭᠰᠡᠨ ᠨᠣᠷᠮ᠎ᠠ 95 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 25 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠠᠴᠠ ᠬᠡᠯᠲᠦᠷᠢᠭᠦᠯᠬᠦ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ          ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ ᠢᠶᠠᠨ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠢᠶᠠᠨ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ           ᠬᠡᠷᠡᠭᠲᠡᠶ︔ ᠬᠠᠶᠠᠭᠳᠠᠮᠠᠯ ᠰᠢᠭᠠᠷᠤ ᠶᠢᠨ ᠲᠠᠯᠠᠪᠠᠶ ᠶᠢ ᠰᠢᠨ᠎ᠡ ᠪᠠᠷ ᠪᠠᠶᠢᠭᠤᠯᠬᠤ ᠴᠢᠬᠤᠯᠠ ᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠬᠠᠶᠠᠭᠳᠠᠮᠠᠯ ᠰᠢᠭᠠᠷᠤ ᠪᠠᠨ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠶᠢᠨ ᠬᠠᠮᠲᠤ ᠰᠢᠭᠠᠷᠤ ᠪᠠᠨ ᠬᠠᠶᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠪᠠᠨ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠠᠴᠠ ᠡᠮᠦᠨ᠎ᠡ ᠮᠠᠨ ᠤ ᠲᠢᠩᠬᠢᠮ ᠳᠤ ᠳᠠᠭᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠪᠠᠰᠠ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠦᠭᠡᠶ᠂ ᠡᠰᠡᠬᠦᠯ᠎ᠡ ᠳᠠᠬᠢᠨ ᠬᠢᠨᠠᠭᠤᠯᠬᠤ ᠭᠤᠶᠤᠴᠢᠯᠠᠯ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃  1 . ︽ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ.pdf   2 . ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ . pdf                  2023 ᠣᠨ ᠤ 10 ᠳ᠋ᠤᠭᠠᠷ ᠰᠠᠷ᠎ᠠ ᠶᠢᠨ 11 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号