︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/23
  2023 ᠣᠨ ᠤ 10 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2023 ᠣᠨ ᠤ 25 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠪᠠ᠂ ︽ᠲᠣᠭᠲᠠᠭᠠᠯ︾ ᠢ 2023 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠃  ᠨᠢᠭᠡ᠂ ᠨᠡᠶᠢᠲᠡᠯᠡᠭᠰᠡᠨ ᠠᠬᠤᠶ ᠪᠠᠶᠢᠳᠠᠯ      2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠢ ᠵᠢᠩᠬᠢᠨᠢ ᠪᠠᠷ ᠬᠡᠷᠡᠭᠵᠢᠭᠦᠯᠪᠡ᠂ ᠡᠭᠦᠨ ᠳᠤ᠂ ᠠᠷᠪᠠᠨ ᠳᠣᠯᠣᠳᠤᠭᠠᠷ ᠵᠦᠢᠯ ᠳᠤ ︽ᠭᠤᠤᠯ ᠠᠯᠤᠰᠯᠠᠬᠤ᠂ ᠭᠤᠤᠯ ᠭᠠᠲᠤᠯᠬᠤ᠂ ᠳᠠᠯᠠᠩ ᠭᠠᠲᠤᠯᠬᠤ᠂ ᠯᠢᠨᠾᠧ ᠨᠠᠭᠤᠷ ᠤᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠳᠡᠭᠡᠰᠦ᠂ ᠤᠰᠤ ᠲᠠᠲᠠᠬᠤ᠂ ᠤᠰᠤ ᠵᠠᠯᠠᠬᠤ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ᠂ ᠪᠦᠲᠦᠭᠡᠨ ᠪᠠᠶᠢᠭᠤᠯᠬᠤ ᠨᠢᠭᠡᠴᠢ ᠠᠴᠠ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢᠶᠠᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳᠦᠶ ᠪᠣᠯ ᠪᠠᠷᠢᠯᠭ᠎ᠠ ᠪᠠᠷᠢᠭᠤᠯᠬᠤ ᠨᠢᠭᠡᠴᠢ ᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠶ᠂ ᠪᠣᠳᠠᠲᠠᠶ ᠬᠢᠨᠠᠨ ᠪᠠᠶᠢᠴᠠᠭᠠᠭᠰᠠᠨ ᠲᠣᠭᠲᠠᠭᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠰᠲᠠᠭᠠᠨ ᠲᠣᠭᠲᠠᠭᠠᠨ᠎ᠠ︾ ᠭᠡᠵᠦ ᠲᠣᠳᠣᠷᠬᠠᠶ ᠲᠣᠭᠲᠠᠭᠠᠵᠠᠶ᠃ ᠡᠨᠡ ᠬᠦ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠲᠣᠭᠲᠠᠭᠠᠯ︾ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃  ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ  ︽ᠲᠣᠭᠲᠠᠭᠠᠯ︾ ᠨᠡᠶᠢᠲᠡ 17 ᠵᠤᠷᠪᠤᠰ᠃  ︵ᠨᠢᠭᠡ︶ ᠨᠡᠶᠢᠲᠡᠯᠡᠭᠰᠡᠨ ᠦᠨᠳᠦᠰᠦᠯᠡᠯ  ︽ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠣᠳᠤᠷᠬᠠᠶᠢᠯᠠᠪᠠ᠃ ︽ᠲᠣᠭᠲᠠᠭᠠᠯ︾ ᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠵᠡᠷᠭᠡ 6 ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃  ︵ᠬᠤᠶᠠᠷ︶ ᠲᠤᠬᠢᠷᠠᠬᠤ ᠬᠡᠪᠴᠢᠶ᠎ᠠ  ᠲᠤᠰ ᠲᠣᠭᠲᠠᠭᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠡᠷᠡᠭᠯᠡᠵᠦ᠂ ᠭᠤᠣᠯ ᠮᠥᠷᠡᠨ ᠨᠠᠭᠤᠷ ᠴᠥᠭᠦᠷᠥᠮ᠂ ᠭᠤᠣᠯ ᠮᠥᠷᠡᠨ ᠨᠠᠭᠤᠷ ᠴᠥᠭᠦᠷᠥᠮ᠂ ᠬᠠᠰᠢᠯᠭ᠎ᠠ᠂ ᠯᠢᠨᠾᠧ ᠨᠠᠭᠤᠷ ᠤᠨ ᠬᠥᠭᠦᠷᠭᠡ᠂ ᠭᠠᠷᠠᠮ᠂ ᠵᠠᠮ᠂ ᠤᠯᠤᠮ᠂ ᠬᠤᠭᠤᠯᠠᠶ᠂ ᠳᠡᠭᠡᠰᠦ᠂ ᠤᠰᠤ ᠲᠠᠳᠠᠬᠤ᠂ ᠤᠰᠤ ᠵᠠᠯᠠᠬᠤ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠳᠤ ᠬᠡᠷᠡᠭᠯᠡᠬᠦ ᠶᠢ ᠲᠣᠳᠣᠷᠬᠠᠶᠢᠯᠠᠪᠠ᠃  ︵ᠭᠤᠷᠪᠠ︶ ᠬᠠᠮᠢᠶᠠᠷᠤᠯᠲᠠ ᠶᠢᠨ ᠡᠷᠬᠡ ᠮᠡᠳᠡᠯ᠂ ᠮᠡᠳᠡᠭᠦᠯᠬᠦ ᠪᠢᠴᠢᠭ ᠮᠠᠲ᠋ᠧᠷᠢᠶᠠᠯ᠂ ᠬᠢᠨᠠᠨ ᠪᠠᠶᠢᠴᠠᠭᠠᠯᠲᠠ ᠶᠢᠨ ᠭᠤᠣᠯᠳᠠᠯᠭ᠎ᠠ  ᠬᠠᠮᠢᠶᠠᠷᠤᠯᠲᠠ ᠶᠢᠨ ᠡᠷᠬᠡ ᠮᠡᠳᠡᠯ᠄ ︽ᠲᠣᠭᠲᠠᠭᠠᠯ︾ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠵᠥᠪᠰᠢᠶᠡᠷᠡᠯ ᠢ ᠬᠡᠷᠡᠭᠵᠢᠭᠦᠯᠵᠦ ᠱᠠᠲᠤ ᠬᠤᠪᠢᠶᠠᠨ ᠬᠠᠮᠢᠶᠠᠷᠬᠤ ᠶᠢ ᠲᠤᠳᠤᠷᠬᠠᠶᠢᠯᠠᠪᠠ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄  ︵ᠨᠢᠭᠡ︶ ᠥᠪᠡᠷᠲᠡᠭᠡᠨ ᠵᠠᠰᠠᠬᠤ ᠣᠷᠣᠨ᠄ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠠᠴᠠ ᠲᠣᠭᠲᠠᠬᠤ ᠭᠤᠣᠯ ᠤᠨ ᠬᠡᠰᠡᠭ ᠲᠤ ᠪᠦᠲᠦᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠃ ᠪᠠᠷᠠᠭᠤᠨ ᠯᠢᠶᠤᠤᠾᠧ ᠭᠤᠣᠯ ᠤᠨ ᠰᠦ᠋ ᠵᠢᠶᠠ ᠪᠦᠦ ᠶᠢᠨ ᠬᠡᠰᠡᠭ ᠠᠴᠠ ᠮᠤᠵᠢ ᠶᠢᠨ ᠵᠠᠭᠠᠭ ᠳᠡᠭᠡᠷ᠎ᠡ ᠪᠦᠲᠦᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠥᠷᠥᠯ ᠵᠦᠢᠯ᠃ ᠭᠤᠣᠯ ᠮᠥᠷᠡᠨ ᠨᠠᠭᠤᠷ ᠴᠥᠭᠦᠷᠥᠮ ᠤᠨ ᠠᠶᠢᠮᠠᠭ ᠬᠤᠲᠠ ᠶᠢᠨ ᠵᠠᠭᠠᠭ ᠢ ᠲᠤᠭᠤᠯᠬᠤ ᠪᠤᠶᠤ ᠲᠤᠭᠤᠯᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠬᠤᠶᠠᠷ︶ ᠠᠶᠢᠮᠠᠭ ᠬᠤᠲᠠ᠄ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠬᠤᠸᠠᠩ ᠹᠦ᠋ ᠴᠤᠸᠠᠨ᠂ ᠠᠭᠤᠢ ᠶᠢᠨ ᠭᠤᠣᠯ ᠳᠡᠭᠡᠷ᠎ᠡ ᠪᠠᠶᠢᠭᠤᠯᠤᠭᠰᠠᠨ ᠪᠠᠭ᠎ᠠ ᠬᠡᠯᠪᠡᠷᠢ ᠶᠢᠨ ᠲᠥᠷᠥᠯ ᠵᠦᠢᠯ᠂ ᠶᠡᠭᠡ ᠲᠦᠷᠭᠡᠨ ᠭᠤᠣᠯ᠂ ᠦᠳᠠ ᠶᠢᠨ ᠭᠤᠣᠯ ᠳᠡᠭᠡᠷ᠎ᠡ ᠪᠠᠶᠢᠭᠤᠯᠤᠭᠰᠠᠨ ᠪᠤᠢ ᠪᠦᠬᠦᠢ ᠲᠥᠷᠥᠯ ᠵᠦᠢᠯ᠂ ᠪᠠᠷᠠᠭᠤᠨ ᠯᠢᠶᠤᠤᠾᠧ ᠭᠤᠣᠯ ᠤᠨ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠬᠤ ᠴᠠᠭᠠᠨᠮᠦ᠋ᠷᠡᠨ ᠭᠤᠣᠯ᠂ ᠰᠢᠷᠠᠮᠦ᠋ᠷᠡᠨ ᠭᠤᠣᠯ᠂ ᠨᠠᠷᠢᠳ ᠤᠨ ᠭᠤᠣᠯ᠂ ᠬᠡᠶᠢᠮᠦᠷᠢ ᠶᠢᠨ ᠭᠤᠣᠯ᠂ ᠰᠢᠨ ᠺᠠᠢ ᠾᠧ ᠭᠤᠣᠯ᠂ ᠢᠩᠭᠡ ᠶᠢᠨ ᠭᠤᠣᠯ᠂ ᠦᠯᠵᠡᠶᠢᠮᠦ᠋ᠷᠡᠨ ᠭᠤᠣᠯ᠂ ᠯᠤᠤᠬ᠎ᠠ ᠶᠢᠨ ᠭᠤᠣᠯ ᠤᠨ ᠶᠧ ᠪᠠᠢ ᠱᠸᠦ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠬᠥᠭᠦᠷᠭᠡ ᠠᠴᠠ ᠤᠯᠠᠭᠠᠨᠬᠠᠳᠠ ᠠᠴᠠ ᠲᠦᠩᠯᠢᠶᠣᠣ ᠬᠦᠷᠬᠦ ᠲᠡᠮᠦᠷ ᠵᠠᠮ ᠤᠨ ᠬᠡᠰᠡᠭ ᠤᠨ ᠬᠦᠭᠦᠷᠭᠡ ᠶᠢᠨ ᠭᠠᠳᠠᠨᠠᠬᠢ ᠥᠪᠥᠷ ᠮᠣᠩᠭᠤᠯ ᠤᠨ ᠭᠤᠣᠯ ᠤᠨ ᠬᠡᠰᠡᠭ ᠤᠨ ᠳᠡᠭᠡᠷ᠎ᠡ ᠪᠦᠲᠦᠭᠡᠨ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ᠃ ᠨᠤᠨ ᠮᠦᠷᠡᠨ ᠤ ᠴᠢᠬᠤᠯᠠ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠤᠯᠬᠤ ᠬᠤᠤᠯᠢᠨ ᠭᠤᠤᠯ ᠤᠨ ᠦᠪᠦᠷ ᠮᠤᠩᠭᠤᠯ ᠤᠨ ᠬᠡᠰᠡᠭ ᠪᠤᠯᠤᠨ ᠨᠤᠮᠢᠨ ᠭᠤᠤᠯ ᠮᠤᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠳᠡᠭᠡᠨ ᠵᠠᠰᠠᠬᠤ ᠬᠤᠰᠢᠭᠤ ᠶᠢᠨ ᠠᠷᠤ ᠤᠷᠬᠤᠳᠠ ᠠᠴᠠ ᠭᠤᠣᠯ ᠤᠨ ᠠᠮᠠ ᠬᠦᠷᠬᠦ᠂ ᠴᠤᠤᠯ ᠭᠤᠤᠯ ᠤᠨ ᠢᠨᠳᠡᠷ ᠪᠠᠯᠭᠠᠰᠤ ᠠᠴᠠ ᠭᠤᠣᠯ ᠤᠨ ᠠᠮᠠ ᠬᠦᠷᠬᠦ᠂ ᠭᠤᠤᠯ ᠤᠨ ᠠᠮᠠᠨ ᠠᠴᠠ ᠭᠤᠤᠯ ᠤᠨ ᠭᠠᠳᠠᠨ᠎ᠠ ᠬᠦᠷᠬᠦ ᠬᠡᠰᠡᠭ ᠪᠠ ᠳ᠋ᠦᠸᠧ ᠪᠦ᠋ ᠺᠦ᠋ ᠡᠯ ᠾᠧ ᠭᠤᠣᠯ᠂ ᠭᠠᠨᠾᠧ ᠭᠤᠤᠯ᠂ ᠠᠷᠢᠭᠤᠨ ᠭᠤᠤᠯ᠂ ᠶᠢᠨᠾᠧ ᠭᠤᠣᠯ᠂ ᠶᠠᠯᠤ ᠭᠤᠤᠯ᠂ ᠬᠤᠷᠳᠠ ᠭᠤᠤᠯ᠂ ᠲᠤᠭᠤᠷ ᠤᠨ ᠭᠤᠤᠯ ᠳᠤ ᠪᠠᠶᠢᠭᠤᠯᠤᠭᠰᠠᠨ ᠪᠤᠢ ᠪᠦᠬᠦᠢ ᠲᠦᠷᠦᠯ ᠵᠦᠢᠯ᠃ ᠡᠷᠭᠦᠨ᠎ᠡ ᠭᠤᠤᠯ ᠤᠨ ᠭᠤᠤᠯ ᠤᠷᠤᠰᠬᠠᠯ ᠵᠢᠴᠢ ᠬᠠᠯᠬ᠎ᠠ ᠭᠤᠤᠯ᠂ ᠬᠡᠷᠦᠯᠦᠨ ᠭᠤᠤᠯ ᠤᠨ ᠣᠯᠠᠨ ᠤᠯᠤᠰ ᠤᠨ ᠬᠢᠯᠢ ᠶᠢᠨ ᠭᠤᠤᠯ ᠤᠨ ᠬᠡᠰᠡᠭ ᠲᠤ ᠪᠦᠲᠦᠭᠡᠨ ᠪᠠᠶᠢᠭᠤᠯᠤᠭᠰᠠᠨ ᠪᠠᠭ᠎ᠠ ᠬᠡᠯᠪᠡᠷᠢ ᠶᠢᠨ ᠲᠥᠷᠥᠯ ᠵᠦᠢᠯ᠂ ᠬᠠᠯᠬ᠎ᠠ ᠭᠤᠤᠯ᠂ ᠬᠡᠷᠦᠯᠦᠨ ᠭᠤᠤᠯ ᠤᠨ ᠣᠯᠠᠨ ᠤᠯᠤᠰ ᠤᠨ ᠬᠢᠯᠢ ᠶᠢᠨ ᠭᠤᠤᠯ ᠤᠨ ᠬᠡᠰᠡᠭ ᠤᠨ ᠭᠠᠳᠠᠨ᠎ᠠ ᠵᠢᠴᠢ ᠬᠠᠶᠢᠯᠠᠷ ᠭᠤᠤᠯ᠂ ᠭᠡᠭᠡᠨ ᠭᠤᠤᠯ᠂ ᠳᠡᠷᠪᠡᠭᠡᠨ ᠭᠤᠤᠯ᠂  ᠮᠣᠷᠳᠤᠭ ᠭᠤᠣᠯ᠂ ᠵᠢᠯᠢᠭᠦᠦ ᠭᠤᠣᠯ᠂ ᠠᠪᠠ ᠭᠤᠣᠯ᠂ ᠡᠤ ᠮᠠ ᠭᠤᠤᠯ᠂ ᠡᠩᠬᠡᠬᠠᠳᠠ ᠭᠤᠤᠯ᠂ ᠰᠢᠨ ᠺᠠᠢ ᠾᠧ ᠭᠤᠤᠯ ᠳᠤ ᠪᠠᠶᠢᠭᠤᠯᠤᠭᠰᠠᠨ ᠪᠤᠶ ᠪᠦᠬᠦᠢ ᠲᠥᠷᠥᠯ ᠵᠦᠢᠯ᠃ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠬᠤᠰᠢᠭᠤ ᠰᠢᠶᠠᠨ ︵ᠲᠣᠭᠤᠷᠢᠭ︶ ᠠᠯᠤᠰᠯᠠᠭᠰᠠᠨ ᠴᠢᠬᠤᠯᠠ ᠭᠤᠤᠯ ᠤᠨ ᠬᠡᠰᠡᠭ ᠲᠤ ᠪᠠ ᠭᠤᠤᠯ ᠮᠥᠷᠡᠨ ᠨᠠᠭᠤᠷ ᠴᠥᠭᠦᠷᠥᠮ ᠤᠨ ᠬᠤᠰᠢᠭᠤ ᠰᠢᠶᠠᠨ ︵ᠲᠣᠭᠤᠷᠢᠭ︶ ᠤ ᠵᠠᠭᠠᠭ ᠢ ᠲᠤᠭᠤᠯᠬᠤ ᠪᠤᠶᠤ ᠲᠤᠭᠤᠯᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠭᠤᠷᠪᠠ︶ ᠬᠤᠰᠢᠭᠤ ᠰᠢᠶᠠᠨ ︵ᠲᠣᠭᠤᠷᠢᠭ︶᠄ ᠪᠤᠰᠤᠳ ᠭᠤᠣᠯ ᠮᠥᠷᠡᠨ ᠨᠠᠭᠤᠷ ᠴᠥᠭᠦᠷᠥᠮ ᠳᠡᠭᠡᠷ᠎ᠡ ᠪᠠᠶᠢᠭᠤᠯᠤᠭᠰᠠᠨ ᠪᠤᠢ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃  ︵ᠳᠥᠷᠪᠡ︶  ᠤᠯᠤᠰ ᠤᠨ ᠵᠠᠭᠠᠭ᠂ ᠮᠤᠵᠢ ᠶᠢᠨ ᠵᠠᠭᠠᠭ ᠤᠨ ᠭᠤᠤᠯ ᠮᠥᠷᠡᠨ ᠤ ᠬᠢᠯᠢ ᠶᠢᠨ ᠵᠠᠭᠠᠭ ᠤᠨ ᠭᠤᠤᠯ ᠮᠥᠷᠡᠨ ᠤ ᠬᠡᠰᠡᠭ ᠢ ᠬᠢᠨᠠᠨ ᠪᠠᠶᠢᠴᠠᠭᠠᠬᠤ ᠡᠷᠬᠡ ᠮᠡᠳᠡᠯ ᠢ ︽ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠢᠨᠠᠨ ᠪᠠᠶᠢᠴᠠᠭᠠᠬᠤ ᠡᠷᠬᠡ ᠮᠡᠳᠡᠯ ᠤᠨ ᠬᠡᠪᠴᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤ ᠮᠥᠷᠡᠨ ᠨᠠᠭᠤᠷ ﹇ 2021﹈ 237 ᠳ᠋ᠤᠭᠠᠷ ᠲᠣᠭᠠᠲᠤ︶ ᠤᠨ ᠶᠤᠰᠤᠭᠠᠷ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃  ᠮᠡᠳᠡᠭᠦᠯᠬᠦ ᠪᠢᠴᠢᠭ ᠮᠠᠲ᠋ᠧᠷᠢᠶᠠᠯ᠄ ᠭᠤᠶᠤᠴᠢᠯᠠᠯ ᠤᠨ ᠪᠢᠴᠢᠭ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠯᠡᠯ ᠪᠣᠯᠭᠠᠭᠰᠠᠨ ᠪᠢᠴᠢᠭ ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠤᠣᠯ ᠤᠨ ᠵᠠᠮ ᠬᠢᠭᠡᠳ ᠦᠶᠡᠷ ᠢ ᠰᠡᠷᠭᠡᠶᠢᠯᠡᠬᠦ ᠬᠡᠰᠡᠭ ᠲᠤ ᠬᠤᠯᠪᠣᠭᠳᠠᠬᠤ ᠠᠩᠬ᠎ᠠ ᠠᠯᠬᠤᠮ ᠤᠨ ᠲᠥᠰᠦᠯ ᠪᠣᠯᠤᠨ ᠦᠶᠡᠷ ᠢ ᠰᠡᠷᠭᠡᠶᠢᠯᠡᠬᠦ ᠦᠨᠡᠯᠡᠯᠲᠡ ᠶᠢᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠭᠤᠣᠯᠴᠢᠯᠠᠨ ᠪᠠᠭᠲᠠᠭᠠᠨ᠎ᠠ᠃  ᠬᠢᠨᠠᠨ ᠪᠠᠶᠢᠴᠠᠭᠠᠯᠲᠠ ᠶᠢᠨ ᠭᠤᠤᠯᠳᠠᠯᠭ᠎ᠠ᠄ ᠬᠢᠨᠠᠨ ᠪᠠᠶᠢᠴᠠᠭᠠᠯᠲᠠ ᠶᠢᠨ ᠭᠤᠤᠯ ᠠᠭᠤᠯᠭ᠎ᠠ᠄  ︵1︶ ᠭᠤᠣᠯ ᠮᠥᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ ᠳᠤ ᠨᠡᠶᠢᠴᠡᠬᠦ ᠡᠰᠡᠬᠦ᠂ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠶᠠᠮᠠᠷ ᠨᠥᠯᠥᠭᠡ ᠲᠠᠢ ᠪᠠᠶᠢᠬᠤ᠃  ︵2︶ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ᠃  ︵3︶ ᠭᠤᠣᠯ ᠤᠨ ᠪᠠᠶᠢᠳᠠᠯ ᠲᠣᠭᠲᠠᠭᠤᠨ᠂ ᠤᠷᠤᠰᠬᠠᠯ ᠤᠨ ᠬᠡᠯᠪᠡᠷᠢ ᠪᠠᠶᠢᠳᠠᠯ᠂ ᠤᠰᠤᠨ ᠤ ᠴᠢᠨᠠᠷ᠂ ᠲᠤᠨᠤᠭᠰᠠᠨ ᠬᠤᠪᠢᠷᠠᠯᠲᠠ ᠳᠤ ᠠᠰᠢᠭ ᠦᠭᠡᠢ ᠨᠥᠯᠥᠭᠡ ᠪᠠᠶᠢᠬᠤ ᠡᠰᠡᠬᠦ᠃  ︵4︶ ᠦᠶᠡᠷ ᠵᠠᠯᠠᠬᠤ ᠶᠢ ᠬᠠᠷᠰᠢᠯᠠᠬᠤ᠂ ᠭᠤᠣᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠪᠠᠭᠤᠷᠠᠭᠤᠯᠬᠤ ᠡᠰᠡᠬᠦ᠃  ︵5︶ ᠬᠠᠰᠢᠯᠭ᠎ᠠ᠂ ᠡᠷᠭᠢ ᠶᠢ ᠬᠠᠮᠠᠭᠠᠯᠠᠬᠤ ᠪᠠ ᠪᠤᠰᠤᠳ ᠤᠰᠤᠨ ᠠᠵᠢᠯᠴᠢᠨ ᠤ ᠠᠮᠤᠷ ᠲᠦᠪᠰᠢᠨ ᠢ ᠨᠦᠯᠦᠭᠡᠯᠡᠬᠦ ᠡᠰᠡᠬᠦ᠃  ︵6︶ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠶᠢ ᠬᠠᠷᠰᠢᠯᠠᠬᠤ ᠡᠰᠡᠬᠦ᠃  ︵7︶ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠦᠶᠡᠷ ᠤᠰᠤᠲᠤᠯ ᠢ ᠰᠡᠷᠭᠡᠶᠢᠯᠡᠬᠦ ᠪᠠᠷᠢᠮᠵᠢᠶ᠎ᠠ ᠪᠠ ᠠᠷᠭ᠎ᠠ ᠬᠡᠮᠵᠢᠶ᠎ᠡ ᠨᠢ ᠵᠣᠬᠢᠰᠲᠠᠢ ᠡᠰᠡᠬᠦ︔  ︵8︶ ᠭᠤᠷᠪᠠᠳᠠᠬᠢ ᠬᠥᠮᠦᠨ ᠤ ᠬᠠᠤᠯᠢ ᠶᠣᠰᠣᠨ ᠤ ᠤᠰᠤᠨ ᠤ ᠶᠠᠪᠤᠳᠠᠯ ᠤᠨ ᠡᠷᠬᠡ ᠠᠰᠢᠭ ᠢ ᠨᠥᠯᠥᠭᠡᠯᠡᠬᠦ ᠡᠰᠡᠬᠦ᠃  ︵9︶ ᠪᠤᠰᠤᠳ ᠬᠤᠯᠪᠣᠭᠳᠠᠯ ᠪᠦᠬᠦᠢ ᠲᠣᠭᠲᠠᠭᠠᠯ ᠪᠠ ᠬᠡᠯᠡᠯᠴᠡᠭᠡᠷ ᠲᠤ ᠨᠡᠶᠢᠴᠡᠬᠦ ᠡᠰᠡᠬᠦ᠃  ︵ᠲᠦᠷᠪᠡ︶ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠲᠠ  ︽ᠲᠣᠭᠲᠠᠭᠠᠯ︾ ᠳᠤ ᠲᠤᠳᠤᠷᠬᠠᠶᠢᠯᠠᠭᠰᠠᠨ ᠨᠢ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠪᠠᠷᠢᠯᠭ᠎ᠠ ᠪᠠᠷᠢᠬᠤ ᠲᠣᠬᠢᠷᠠᠭᠤᠯᠤᠯᠲᠠ ᠶᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠵᠦ ᠳᠠᠩᠰᠠᠯᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠪᠠᠶᠢᠴᠠᠭᠠᠯᠲᠠ ᠬᠢᠵᠦ᠂ ᠪᠠᠶᠢᠴᠠᠭᠠᠭᠳᠠᠬᠤ ᠨᠢᠭᠡᠴᠢ ᠨᠢ ᠪᠠᠶᠢᠳᠠᠯ ᠢᠶᠠᠨ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠃ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠠᠷᠢᠯᠭ᠎ᠠ ᠪᠣᠯᠤᠨ ᠲᠥᠬᠦᠭᠡᠷᠦᠮᠵᠢ ᠶᠢᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠡᠬᠢᠯᠡᠵᠦ ᠬᠡᠷᠡᠭᠯᠡᠵᠦ ᠪᠣᠯᠤᠨ᠎ᠠ᠃ ᠲᠤᠰ ᠲᠣᠭᠲᠠᠭᠠᠯ ᠶᠣᠰᠣᠭᠠᠷ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠤᠭᠰᠠᠨ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠬᠢᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠵᠠᠷᠯᠢᠭᠳᠠᠵᠤ ᠪᠠᠶᠢᠭᠠᠳ ᠪᠦᠲᠦᠭᠡᠨ ᠪᠠᠶᠢᠭᠤᠯᠬᠤ ᠶᠢ ᠨᠢ ᠵᠣᠭᠰᠣᠭᠠᠬᠤ᠂ ᠬᠤᠭᠤᠴᠠᠭ᠎ᠠ ᠬᠢᠵᠠᠭᠠᠷᠯᠠᠨ ᠨᠤᠷᠠᠭᠠᠬᠤ ᠪᠤᠶᠤ ᠪᠤᠰᠤᠳ ᠨᠥᠬᠦᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠵᠣᠭᠤᠰ ᠢᠶᠠᠷ ᠲᠣᠷᠭᠠᠵᠤ ᠪᠣᠯᠤᠨ᠎ᠠ ᠭᠡᠵᠡᠢ᠃  ︽ᠲᠣᠭᠲᠠᠭᠠᠯ︾ ᠢ 2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号