ᠠᠷᠠᠳ ᠤᠨ ᠰᠦᠯᠵᠢᠶ᠎ᠡ᠄ ᠭᠤᠷᠪᠠᠨ ᠬᠠᠪᠴᠢᠯ ᠤᠨ ᠤᠰᠤᠨ ᠴᠥᠭᠦᠷᠥᠮ 175 ᠮᠧᠲᠷ ᠢ ᠳᠦᠭᠦᠷᠲᠡᠯ᠎ᠡ ᠬᠠᠳᠠᠭᠠᠯᠠᠬᠤ ᠬᠠᠷᠠᠯᠲᠠ ᠶᠢ ᠪᠡᠶᠡᠯᠡᠭᠦᠯᠵᠦ ᠡᠨᠡ ᠡᠪᠦᠯ ᠢᠷᠡᠬᠦ ᠬᠠᠪᠤᠷ ᠤᠨ ᠤᠰᠤ ᠰᠢᠷᠭᠢᠬᠦ ᠬᠤᠭᠤᠴᠠᠭᠠᠨ ᠳᠤ ᠤᠰᠤ ᠨᠥᠬᠦᠪᠥᠷᠢᠯᠡᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠬᠤ ᠪᠣᠯᠤᠨ᠎ᠠ
ᠨᠡᠶᠢᠲᠡᠯᠡᠭᠰᠡᠨ ᠴᠠᠭ᠄
2023/10/24
  ᠠᠷᠠᠳ ᠤᠨ ᠰᠦᠯᠵᠢᠶ᠎ᠡ ᠶᠢᠨ ᠪᠡᠭᠡᠵᠢᠩ ᠤᠨ 10 ᠳ᠋ᠤᠭᠠᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ︵ᠡᠸᠤ ᠶᠠᠩ ᠢ ᠵᠢᠶᠠ︶  ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠥᠨᠥᠳᠦᠷ ᠤᠨ 13 ᠴᠠᠭ ᠲᠤ᠂ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠡᠮᠦᠨᠡᠬᠢ ᠤᠰᠤᠨ ᠲᠦᠪᠰᠢᠨ 175 ᠮᠧᠲᠷ ᠲᠤ ᠬᠦᠷᠴᠦ᠂ 2023 ᠣᠨ ᠤ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠳᠦᠭᠦᠷᠡᠩ ᠬᠠᠳᠠᠭᠠᠯᠠᠬᠤ ᠬᠠᠷᠠᠯᠲᠠ ᠶᠢ ᠤᠷᠤᠭᠰᠢᠲᠠᠶ ᠪᠡᠶᠡᠯᠡᠭᠦᠯᠦᠭᠰᠡᠨ ᠢ ᠬᠠᠷᠠᠭᠤᠯᠵᠤ᠂ ᠡᠨᠡ ᠡᠪᠦᠯ ᠢᠷᠡᠬᠦ ᠬᠠᠪᠤᠷ ᠤᠨ ᠬᠥᠬᠡᠮᠥ᠋ᠷᠡᠨ ᠤ ᠰᠠᠪᠠ ᠭᠠᠵᠠᠷ ᠤᠨ ᠤᠰᠤ ᠬᠠᠩᠭᠠᠬᠤ᠂ ᠴᠠᠬᠢᠯᠭᠠᠨ ᠭᠠᠷᠭᠠᠬᠤ᠂ ᠤᠰᠤᠨ ᠵᠠᠮ ᠤᠨ ᠲᠡᠭᠡᠭᠡᠪᠦᠷᠢ᠂ ᠠᠮᠢ ᠠᠬᠤᠶ ᠵᠡᠷᠭᠡ ᠲᠠᠯ᠎ᠠ ᠶᠢᠨ ᠬᠡᠷᠡᠭᠴᠡᠭᠡ ᠶᠢ ᠪᠠᠲᠤᠯᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃  ᠤᠰᠤᠨ ᠠᠰᠢᠭᠯᠠᠯᠲᠠ ᠶᠢᠨ ᠶᠠᠮᠤᠨ ᠤ ᠭᠤᠷᠪᠠᠨ ᠬᠠᠪᠴᠢᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᠶᠦᠨ ᠴᠠᠩ ᠤᠨ ᠲᠠᠨᠢᠯᠴᠠᠭᠤᠯᠤᠭᠰᠠᠨ ᠢᠶᠠᠷ᠂ 175 ᠮᠧᠲᠷ ᠪᠣᠯ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠬᠡᠪ ᠤᠨ ᠤᠰᠤᠨ ᠲᠦᠪᠰᠢᠨ ᠪᠣᠯᠬᠤ ᠪᠥᠭᠡᠳ ᠭᠤᠷᠪᠠᠨ ᠬᠠᠪᠴᠢᠯ ᠤᠨ ᠢᠨᠵᠧᠨᠧᠷᠢᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠪᠦᠲᠦᠮᠵᠢᠲᠡᠢ ᠪᠠᠳᠠᠷᠠᠭᠤᠯᠬᠤ ᠶᠢ ᠪᠠᠲᠤᠯᠠᠬᠤ ᠴᠢᠬᠤᠯᠠ ᠨᠥᠬᠦᠴᠡᠯ ᠪᠣᠯᠤᠨ᠎ᠠ᠃ 2010 ᠣᠨ ᠠᠴᠠ 2021 ᠣᠨ ᠪᠣᠯᠲᠠᠯ᠎ᠠ᠂ ᠭᠤᠷᠪᠠᠨ ᠬᠠᠪᠴᠢᠯ ᠤᠨ ᠢᠨᠵᠧᠨᠧᠷᠢᠩ 12 ᠵᠢᠯ ᠳᠠᠷᠠᠭᠠᠯᠠᠨ 175 ᠮᠧᠲᠷ ᠤᠨ ᠤᠰᠤ ᠬᠠᠳᠠᠭᠠᠯᠠᠬᠤ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠡᠶ᠃ 2022 ᠣᠨ ᠳᠤ ᠬᠥᠬᠡᠮᠥ᠋ᠷᠡᠨ ᠤ ᠰᠠᠪᠠ ᠭᠠᠵᠠᠷ 1961 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠢ ᠵᠤᠨ ᠨᠠᠮᠤᠷ ᠤᠨ ᠦᠷᠭᠦᠯᠵᠢᠯᠡᠭᠰᠡᠨ ᠭᠠᠩ ᠬᠠᠭᠰᠠᠷᠠᠭᠠᠨ ᠳᠤ ᠤᠴᠠᠷᠠᠵᠤ᠂ 7 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠭᠤᠷᠪᠠᠨ ᠬᠠᠪᠴᠢᠯ ᠤᠨ ᠴᠥᠭᠦᠷᠥᠮ ᠤᠨ ᠤᠰᠤᠨ ᠤ ᠬᠡᠮᠵᠢᠶ᠎ᠡ ᠲᠤᠰ ᠲᠤᠰ 1877 ᠣᠨ ᠠᠴᠠ ᠨᠠᠭᠠᠰᠢᠬᠢ ᠬᠠᠮᠤᠭ ᠤᠨ ᠰᠢᠷᠭᠢᠭᠰᠡᠨ ᠲᠡᠮᠳᠡᠭᠯᠡᠯ ᠢ ᠡᠭᠦᠳᠴᠦ᠂ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠳᠠᠭᠤᠰᠬᠤ ᠳᠤ ᠵᠥᠪᠬᠡᠨ 160.04 ᠮᠧᠲᠷ ᠯᠡ ᠦᠯᠡᠳᠡᠵᠡᠢ᠃  ᠣᠶᠢᠯᠠᠭᠠᠭᠰᠠᠨ ᠢᠶᠠᠷ᠂ ᠭᠤᠷᠪᠠᠨ ᠬᠠᠪᠴᠢᠯ ᠤᠨ ᠤᠰᠤᠨ ᠴᠥᠭᠦᠷᠥᠮ ᠨᠢ ᠵᠢᠯ ᠪᠦᠷᠢ ᠶᠢᠨ ᠦᠶᠡᠷ ᠤᠨ ᠰᠡᠭᠦᠯᠴᠢ ᠶᠢᠨ ᠬᠤᠭᠤᠴᠠᠭᠠᠨ ᠳᠤ ᠤᠰᠤ ᠬᠠᠳᠠᠭᠠᠯᠠᠵᠤ᠂ ᠤᠰᠤ ᠰᠢᠷᠭᠢᠬᠦ ᠬᠤᠭᠤᠴᠠᠭ᠎ᠠ ᠠᠴᠠ ᠳᠠᠷᠠᠭ᠎ᠠ ᠵᠢᠯ ᠤᠨ ᠦᠶᠡᠷᠯᠡᠬᠦ ᠠᠴᠠ ᠡᠮᠦᠨ᠎ᠡ ᠢᠳᠡᠭ ᠢᠳᠡᠭ ᠢᠶᠠᠷ ᠭᠠᠷᠭᠠᠬᠤ ᠪᠥᠭᠡᠳ ᠴᠥᠭᠦᠷᠥᠮ ᠤᠨ ᠪᠠᠭᠲᠠᠭᠠᠮᠵᠢ ᠶᠢ ᠰᠤᠯᠠᠯᠠᠨ ᠭᠠᠷᠭᠠᠵᠤ᠂ ︽ᠡᠯᠪᠡᠭ ᠬᠠᠳᠠᠭᠠᠯᠠᠵᠤ ᠬᠤᠪᠠᠭ᠋ᠠᠢᠷᠠᠭᠰᠠᠨ ᠢ ᠨᠥᠬᠦᠪᠥᠷᠢᠯᠡᠬᠦ︾ ᠲᠣᠬᠢᠷᠠᠭᠤᠯᠤᠯᠲᠠ ᠬᠢᠵᠦ᠂ ᠲᠤᠬᠠᠶ ᠶᠢᠨ ᠵᠢᠯ ᠤᠨ ᠡᠪᠦᠯ ᠤᠨ ᠤᠯᠠᠷᠢᠯ ᠪᠠ ᠳᠠᠷᠠᠭ᠎ᠠ ᠵᠢᠯ ᠤᠨ ᠬᠠᠪᠤᠷ ᠤᠨ ᠤᠯᠠᠷᠢᠯ ᠤᠨ ᠬᠥᠬᠡᠮᠥ᠋ᠷᠡᠨ ᠤ ᠰᠠᠪᠠ ᠭᠠᠵᠠᠷ ᠤᠨ ᠤᠰᠤᠨ ᠵᠠᠮ ᠤᠨ ᠲᠡᠭᠡᠭᠡᠪᠦᠷᠢ᠂ ᠤᠰᠤ ᠬᠠᠩᠭᠠᠬᠤ᠂ ᠠᠮᠢ ᠠᠬᠤᠶ᠂ ᠴᠠᠬᠢᠯᠭᠠᠨ ᠭᠠᠷᠭᠠᠬᠤ ᠵᠡᠷᠭᠡ ᠬᠡᠷᠡᠭᠴᠡᠭᠡ ᠳᠤ ᠬᠦᠴᠦᠲᠡᠶ ᠪᠠᠲᠤᠯᠠᠭ᠎ᠠ ᠬᠠᠩᠭᠠᠬᠤ ᠪᠣᠯᠤᠨ᠎ᠠ᠃ 2022 ᠣᠨ ᠤ 12 ᠳ᠋ᠤᠭᠠᠷ ᠰᠠᠷ᠎ᠠ ᠪᠣᠯᠲᠠᠯ᠎ᠠ᠂ ᠭᠤᠷᠪᠠᠨ ᠬᠠᠪᠴᠢᠯ ᠤᠨ ᠢᠨᠵᠧᠨᠧᠷᠢᠩ ᠨᠢ ᠬᠥᠬᠡᠮᠥ᠋ᠷᠡᠨ ᠤ ᠳᠤᠮᠳᠠᠳᠤ ᠳᠤᠤᠷᠠᠳᠤ ᠤᠷᠤᠰᠬᠠᠯ ᠳᠤ ᠨᠡᠶᠢᠲᠡ 3300 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ᠃  ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠤᠰᠤᠨ ᠠᠰᠢᠭᠯᠠᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠤ ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠵᠥᠪᠯᠡᠯ ᠦᠶᠡᠷ ᠪᠠ ᠭᠠᠩ ᠬᠠᠭᠰᠠᠷᠠᠭᠠᠨ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠦᠶᠡᠷ ᠢ ᠰᠡᠷᠭᠡᠶᠢᠯᠡᠬᠦ᠂ ᠤᠰᠤ ᠬᠠᠳᠠᠭᠠᠯᠠᠬᠤ᠂ ᠴᠠᠬᠢᠯᠭᠠᠨ ᠭᠠᠷᠭᠠᠬᠤ᠂ ᠤᠰᠤᠨ ᠵᠠᠮ ᠤᠨ ᠲᠡᠭᠡᠭᠡᠪᠦᠷᠢ ᠵᠡᠷᠭᠡ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠵᠦ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ᠂ ᠡᠷᠭᠢᠯᠳᠦᠭᠦᠯᠦᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠭᠤᠷᠪᠠᠨ ᠬᠠᠪᠴᠢᠯ ᠵᠢᠴᠢ ᠬᠥᠬᠡᠮᠥ᠋ᠷᠡᠨ ᠤ ᠰᠠᠪᠠ ᠭᠠᠵᠠᠷ ᠤᠨ ᠤᠰᠤᠨ ᠴᠥᠭᠦᠷᠥᠮ ᠤᠨ ᠰᠦᠷᠦᠭᠵᠢᠯ ᠢ ᠣᠨᠣᠴᠠᠲᠠᠶ ᠪᠠᠷ ᠬᠠᠮᠲᠤᠷᠠᠨ ᠲᠣᠬᠢᠷᠠᠭᠤᠯᠵᠤ᠂ 2022 ᠣᠨ ᠳᠤ ᠰᠠᠪᠠ ᠭᠠᠵᠠᠷ ᠤᠨ ᠴᠢᠨᠠᠷᠲᠠᠶ ᠣᠨᠴᠠ ᠶᠡᠭᠡ ᠭᠠᠩ ᠬᠠᠭᠰᠠᠷᠠᠭᠠᠨ ᠡᠭᠦᠰᠦᠭᠰᠡᠨ ᠪᠥᠭᠡᠳ ᠬᠤᠶᠠᠷ ᠵᠢᠯ ᠳᠠᠷᠠᠭᠠᠯᠠᠨ ᠰᠠᠪᠠ ᠭᠠᠵᠠᠷ ᠤᠨ ᠤᠰᠤ ᠶᠡᠷᠦᠩᠬᠡᠶ ᠳᠡᠭᠡᠨ ᠴᠥᠭᠡᠨ ᠢᠷᠡᠭᠰᠡᠨ ᠪᠠᠶᠢᠳᠠᠯ ᠳᠤᠤᠷ᠎ᠠ᠂ ᠭᠤᠷᠪᠠᠨ ᠬᠠᠪᠴᠢᠯ ᠵᠡᠷᠭᠡ ᠡᠵᠡᠮᠳᠡᠬᠦ ᠴᠢᠨᠠᠷᠲᠠᠶ ᠤᠰᠤᠨ ᠴᠥᠭᠦᠷᠥᠮ ᠤᠨ ᠣᠯᠠᠩᠬᠢ ᠨᠢ ᠦᠶᠡᠷ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠬᠤ᠂ ᠴᠠᠬᠢᠯᠭᠠᠨ ᠭᠠᠷᠭᠠᠬᠤ ᠵᠡᠷᠭᠡ ᠣᠯᠠᠨ ᠬᠠᠷᠠᠯᠲᠠ ᠬᠠᠮᠲᠤ ᠪᠠᠷ ᠠᠰᠢᠭ ᠬᠦᠷᠲᠡᠵᠡᠢ᠃  ︽ᠦᠶᠡᠷ ᠠᠴᠠ ᠡᠮᠦᠨ᠎ᠡ ᠬᠥᠬᠡᠮᠥ᠋ᠷᠡᠨ ᠤ ᠳᠤᠮᠳᠠᠳᠤ ᠳᠤᠤᠷᠠᠳᠤ ᠤᠷᠤᠰᠬᠠᠯ ᠤᠨ ᠤᠰᠤᠨ ᠲᠦᠪᠰᠢᠨ ᠶᠡᠭᠡ ᠬᠡᠮᠵᠢᠶ᠎ᠡ ᠪᠠᠷ ᠳᠤᠤᠷ᠎ᠠ ᠪᠠᠶᠢᠬᠤ ᠵᠢᠴᠢ ᠦᠶᠡᠷ ᠤᠨ ᠬᠤᠭᠤᠴᠠᠭᠠᠨ ᠳᠤ ᠭᠠᠩ ᠬᠠᠭᠰᠠᠷᠠᠭᠠᠨ ᠨᠢ ᠤᠰᠤᠲᠤᠯ ᠠᠴᠠ ᠬᠦᠨᠳᠦ ᠪᠠᠶᠢᠬᠤ ᠪᠠᠶᠢᠳᠠᠯ ᠢ ᠦᠨᠳᠦᠰᠦᠯᠡᠨ᠂ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠤᠰᠤᠨ ᠲᠦᠪᠰᠢᠨ 150 ᠮᠧᠲᠷ ᠣᠷᠴᠢᠮ ᠪᠣᠯᠲᠠᠯ᠎ᠠ ᠪᠠᠭᠤᠷᠠᠵᠤ᠂ ᠭᠤᠷᠪᠠᠨ ᠬᠠᠪᠴᠢᠯ ᠵᠢᠴᠢ ᠶᠢᠨ ᠱᠠ ᠵᠢᠶᠠᠩ ᠮᠥᠷᠡᠨ ᠤ ᠱᠠᠲᠤ ᠲᠠᠰ ᠵᠡᠷᠭᠡ ᠤᠰᠤᠨ ᠴᠥᠭᠦᠷᠥᠮ ᠳᠤ 30 ᠭᠠᠷᠤᠶ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠤᠰᠤᠨ ᠤ ᠬᠡᠮᠵᠢᠶ᠎ᠡ ᠶᠢ ᠦᠯᠡᠳᠡᠭᠡᠨ ᠬᠠᠳᠠᠭᠠᠯᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠨᠥᠭᠡᠴᠡ ᠶᠢ ᠤᠷᠢᠳᠴᠢᠯᠠᠨ ᠰᠠᠶᠢᠲᠤᠷ ᠬᠢᠪᠠ᠃ ᠲᠣᠰ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠦᠶᠡᠷ ᠤᠨ ᠬᠤᠭᠤᠴᠠᠭᠠᠨ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠭᠤᠷᠪᠠᠨ ᠬᠠᠪᠴᠢᠯ ᠤᠨ ᠤᠰᠤᠨ ᠴᠥᠭᠦᠷᠥᠮ ᠢ ᠦᠨᠳᠦᠰᠦᠨ ᠳᠡᠭᠡᠨ 150 ᠮᠧᠲᠷ ᠠᠴᠠ ᠳᠡᠭᠡᠭᠰᠢ ᠲᠣᠭᠲᠠᠪᠤᠷᠢᠲᠠᠶ ᠠᠵᠢᠯᠯᠠᠭᠤᠯᠬᠤ ᠪᠠᠷ ᠲᠣᠬᠢᠷᠠᠭᠤᠯᠵᠤ᠂ ᠰᠠᠪᠠ ᠭᠠᠵᠠᠷ ᠤᠨ ᠬᠤᠲᠠ ᠬᠥᠳᠡᠭᠡ ᠶᠢᠨ ᠤᠰᠤ ᠬᠠᠩᠭᠠᠬᠤ᠂ ᠲᠠᠷᠢᠶᠠᠯᠠᠩ ᠤᠨ ᠤᠰᠤᠯᠠᠯᠲᠠ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ᠤᠰᠤᠨ ᠵᠠᠮ ᠤᠨ ᠲᠡᠭᠡᠭᠡᠪᠦᠷᠢ ᠶᠢ ᠰᠠᠭᠠᠳ ᠥᠬᠡᠶ ᠨᠡᠪᠲᠡᠷᠡᠭᠦᠯᠬᠦ᠂ ᠠᠮᠢ ᠠᠬᠤᠶ ᠰᠠᠶᠢᠨ ᠰᠠᠶᠢᠬᠠᠨ ᠪᠠᠶᠢᠬᠤ ᠳᠤ ᠤᠰᠤᠨ ᠤ ᠡᠬᠢ ᠪᠠᠶᠠᠯᠢᠭ ᠤᠨ ᠨᠠᠶᠢᠳᠠᠪᠤᠷᠢᠲᠠᠶ ᠪᠠᠲᠤᠯᠠᠭ᠎ᠠ ᠬᠠᠩᠭᠠᠨ᠎ᠠ ᠭᠡᠵᠡᠶ᠃  10 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠬᠠᠮᠲᠤᠷᠠᠨ ᠲᠣᠬᠢᠷᠠᠭᠤᠯᠬᠤ ᠳᠤ ᠣᠷᠣᠭᠤᠯᠤᠭᠰᠠᠨ ᠬᠦᠬᠡᠮᠦ᠋ᠷᠡᠨ ᠤ ᠰᠠᠪᠠ ᠭᠠᠵᠠᠷ ᠤᠨ 53 ᠡᠵᠡᠮᠳᠡᠯ ᠤᠨ ᠴᠢᠨᠠᠷᠲᠠᠶ ᠤᠰᠤᠨ ᠴᠥᠭᠦᠷᠥᠮ ᠤᠨ ᠦᠬᠦᠮᠡᠯ ᠤᠰᠤᠨ ᠤ ᠲᠦᠪᠰᠢᠨ ᠠᠴᠠ ᠳᠡᠭᠡᠭᠰᠢ 1069 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠠᠳᠠᠭᠠᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 364 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠯᠡᠭᠦᠦ ᠪᠠᠶᠢᠬᠤ ᠪᠥᠭᠡᠳ ᠪᠠᠰᠠ ᠴᠤ 2012 ᠣᠨ ᠳᠤ ᠬᠥᠬᠡ ᠮᠥᠷᠡᠨ ᠤ ᠰᠠᠪᠠ ᠭᠠᠵᠠᠷ ᠤᠨ ᠤᠰᠤᠨ ᠴᠥᠭᠦᠷᠥᠮ ᠢ ᠬᠠᠮᠲᠤᠷᠠᠨ ᠲᠣᠬᠢᠷᠠᠭᠤᠯᠤᠭᠰᠠᠨ ᠠᠴᠠ ᠨᠠᠭᠠᠰᠢᠬᠢ ᠠᠩᠬ᠎ᠠ ᠤᠳᠠᠭ᠎ᠠ 1000 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠠᠳᠠᠭᠠᠯᠠᠭᠰᠠᠨ ᠬᠡᠮᠵᠢᠶ᠎ᠡ ᠪᠠᠶᠢᠵᠤ᠂ ᠡᠭᠦᠨ ᠳᠤ ᠳᠡᠭᠡᠳᠦ ᠤᠷᠤᠰᠬᠠᠯ ᠤᠨ 29 ᠡᠵᠡᠮᠳᠡᠯ ᠤᠨ ᠴᠢᠨᠠᠷᠲᠠᠶ ᠤᠰᠤᠨ ᠴᠥᠭᠦᠷᠥᠮ ᠨᠢᠭᠡᠨᠲᠡ ᠦᠨᠳᠦᠰᠦᠨ ᠳᠡᠭᠡᠨ ᠳᠦᠭᠦᠷᠴᠦ᠂ ᠦᠬᠦᠮᠡᠯ ᠤᠰᠤᠨ ᠲᠦᠪᠰᠢᠨ ᠠᠴᠠ ᠳᠡᠭᠡᠭᠰᠢ ᠤᠰᠤ ᠬᠠᠳᠠᠭᠠᠯᠠᠭᠰᠠᠨ ᠬᠡᠮᠵᠢᠶ᠎ᠡ 659 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠡᠨᠡ ᠡᠪᠦᠯ ᠢᠷᠡᠬᠦ ᠬᠠᠪᠤᠷ ᠤᠨ ᠤᠰᠤ ᠰᠢᠷᠭᠢᠬᠦ ᠬᠤᠭᠤᠴᠠᠭᠠᠨ ᠳᠤ ᠤᠰᠤ ᠨᠥᠬᠦᠪᠥᠷᠢᠯᠡᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号