ᠬᠡᠯᠬᠢᠶᠡᠰᠦᠨ ᠨᠣᠮᠧᠷ᠄ 000014348/2023-05897 | ᠭᠤᠣᠯ ᠰᠡᠳᠦᠪ ᠤᠨ ᠠᠩᠭᠢᠯᠠᠯ᠄ ᠤᠰᠤᠨ ᠠᠰᠢᠬᠯᠠᠯᠳᠠ | ᠨᠡᠶᠢᠲᠡᠯᠡᠭᠰᠡᠨ ᠪᠠᠶᠢᠭᠤᠯᠤᠮᠵᠢ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ | ᠪᠢᠴᠢᠭ ᠤᠨ ᠳ᠋ᠤᠭᠠᠷ᠄ ᠥᠪᠥᠷ ᠤᠰᠤᠨ ᠤ ᠡᠬᠢ ᠪᠠᠶᠠᠯᠢᠭ ᠤᠨ ᠲᠤᠭᠳᠠᠭᠠᠯ ﹇ 2023﹈ 14 ᠳ᠋ᠤᠭᠡᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023-10-24 | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠬᠦᠷᠢᠶ᠎ᠡ ᠬᠤᠰᠢᠭᠤᠨ ᠤ ᠴᠢᠶᠤᠤ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄ | ᠣᠶᠢᠷ᠎ᠠ ᠳᠤ᠂ ᠮᠠᠨ ᠤ ᠲᠢᠩᠬᠢᠮ ᠲᠠᠨ ᠤ ᠺᠣᠮᠫᠠᠨᠢ ᠶᠢᠨ ᠬᠦᠷᠢᠶ᠎ᠡ ᠬᠤᠰᠢᠭᠤᠨ ᠤ ᠭᠠᠭ᠋ᠠᠶ ᠠᠭᠤᠯᠠ ᠤᠰᠤᠨ | ᠴᠥᠭᠦᠷᠥᠮ ᠤᠨ ᠪᠠᠷᠢᠯᠭ᠎ᠠ ᠶᠢᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠪᠡ᠃ ᠮᠠᠨ ᠤ ᠲᠢᠩᠬᠢᠮ 2017 ᠣᠨ ᠤ 2 ᠳ᠋ᠤᠭᠠᠷ ᠰᠠᠷ᠎ᠠ ᠳᠤ᠂ ︽ᠥᠪᠥᠷ ᠮᠣᠩᠭᠤᠯ ᠤᠨ | ᠤᠰᠤᠨ ᠤ ᠡᠬᠢ ᠪᠠᠶᠠᠯᠢᠭ ᠤᠨ ᠲᠤᠭᠳᠠᠭᠠᠯ ﹇2017﹈ 1 ᠳ᠋ᠤᠭᠡᠷ ᠲᠣᠭᠠᠲᠤ︾ ᠶᠢᠨ ᠪᠢᠴᠢᠭ ᠮᠠᠲ᠋ᠧᠷᠢᠶᠠᠯ ᠢᠶᠠᠷ | ᠲᠣᠰ ᠪᠠᠷᠢᠯᠭ᠎ᠠ ᠶᠢᠨ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠳᠤ ᠴᠣᠬᠤᠯᠠᠪᠤᠷᠢ ᠥᠭᠪᠡ᠃ ᠲᠠᠨ ᠤ | ᠺᠣᠮᠫᠠᠨᠢ 3 ᠵᠢᠯ ᠤᠨ ᠳᠣᠲᠣᠷ᠎ᠠ ᠶᠡᠷᠦ ᠠᠴᠠ ᠪᠠᠷᠢᠯᠭ᠎ᠠ ᠡᠬᠢᠯᠡᠭᠦᠯᠦᠭᠡ ᠦᠭᠡᠢ ᠪᠣᠯᠬᠤᠷ ᠲᠤᠰ ᠤᠰᠤ ᠠᠪᠬᠤ | ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠠᠶᠠᠨᠳᠠᠭᠠᠨ ᠬᠦᠴᠦᠨ ᠦᠭᠡᠢ ᠪᠣᠯᠪᠠ᠃ ᠡᠶᠢᠮᠦ ᠠᠴᠠ᠂ | ᠲᠠᠨ ᠤ ᠺᠣᠮᠫᠠᠨᠢ ᠲᠤᠰ ᠪᠠᠷᠢᠯᠭ᠎ᠠ ᠶᠢᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢᠶᠠᠨ ᠳᠠᠬᠢᠨᠲᠠ | ᠭᠤᠶᠤᠴᠢᠯᠠᠭᠠᠷᠠᠢ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠣᠷᠪᠤᠰ ᠤᠨ ᠨᠢᠭᠡᠳᠦᠭᠡᠷ ᠵᠦᠢᠯ᠂ ︽ᠤᠰᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠣᠷᠪᠤᠰ ᠤᠨ ︵ᠨᠢᠭᠡ︶ | ᠵᠦᠢᠯ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ | ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ | ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃ | ᠭᠠᠭ᠋ᠠᠶ ᠠᠭᠤᠯᠠ ᠤᠰᠤᠨ ᠴᠥᠭᠦᠷᠥᠮ ᠨᠢ ᠲᠦᠩᠯᠢᠶᠣᠤ ᠬᠤᠲᠠ ᠶᠢᠨ ᠬᠦᠷᠢᠶ᠎ᠡ ᠬᠤᠰᠢᠭᠤᠨ ᠤ ᠬᠦᠷᠢᠶ᠎ᠡ | ᠪᠠᠯᠭᠠᠰᠤᠨ ᠤ ᠬᠢᠯᠢ ᠳᠤ ᠪᠠᠶᠢᠷᠢᠯᠠᠵᠤ᠂ ᠮᠠᠯ ᠳᠡᠵᠢᠭᠡᠪᠦᠷᠢ ᠶᠢᠨ ᠠᠵᠤ ᠠᠬᠤᠶ ᠶᠢᠨ ᠭᠤᠤᠯ ᠤᠨ ᠳᠤᠮᠳᠠ | ᠤᠷᠤᠰᠬᠠᠯ ᠳᠤ ᠪᠠᠶᠢᠷᠢᠯᠠᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠬᠠᠷᠢᠶᠠᠯᠠᠭᠳᠠᠨ᠎ᠠ᠃ ᠤᠰᠤᠨ | ᠴᠥᠭᠦᠷᠥᠮ ᠤᠨ ᠪᠠᠷᠢᠯᠭ᠎ᠠ ᠶᠢᠨ ᠡᠭᠦᠷᠭᠡ ᠨᠢ ᠡᠯᠡᠰᠦ ᠶᠢ ᠬᠠᠰᠢᠬᠤ᠂ ᠬᠤᠲᠠ ᠪᠠᠯᠭᠠᠰᠤ ᠶᠢᠨ ᠠᠮᠢᠳᠤᠷᠠᠯ ᠬᠢᠭᠡᠳ | ᠠᠵᠤ ᠦᠢᠯᠡᠳᠪᠦᠷᠢ ᠶᠢᠨ ᠤᠰᠤ ᠬᠠᠩᠭᠠᠯᠲᠠ ᠪᠠᠷ ᠭᠤᠤᠯ ᠪᠣᠯᠭᠠᠨ᠂ ᠲᠠᠷᠢᠶᠠᠯᠠᠩ ᠤᠨ ᠤᠰᠤᠯᠠᠯᠲᠠ ᠶᠢᠨ ᠤᠰᠤ | ᠬᠠᠩᠭᠠᠬᠤ᠂ ᠦᠶᠡᠷ ᠢ ᠰᠡᠷᠭᠡᠶᠢᠯᠡᠬᠦ ᠵᠡᠷᠭᠡ ᠶᠢ ᠶᠡᠷᠦᠩᠬᠡᠶᠢᠯᠡᠨ ᠠᠰᠢᠭᠯᠠᠬᠤ ᠶᠢ ᠬᠠᠮᠲᠤ ᠳᠤ ᠨᠢ ᠬᠠᠷᠠᠭᠠᠯᠵᠠᠨ᠎ᠠ᠃ | ᠭᠠᠭ᠋ᠠᠶ ᠠᠭᠤᠯᠠ ᠤᠰᠤᠨ ᠴᠥᠭᠦᠷᠥᠮ ᠤᠨ 95% ᠶᠢᠨ ᠪᠠᠲᠤᠯᠠᠭ᠎ᠠ ᠶᠢᠨ ᠨᠣᠷᠮ᠎ᠠ ᠳᠣᠤᠷᠠᠬᠢ ᠬᠤᠲᠠ | ᠪᠠᠯᠭᠠᠰᠤ ᠶᠢᠨ ᠶᠡᠷᠦᠩᠬᠡᠶᠢᠯᠡᠭᠰᠡᠨ ᠠᠮᠢᠳᠤᠷᠠᠯ ᠤᠨ ᠤᠰᠤ ᠬᠠᠩᠭᠠᠬᠤ ᠬᠡᠮᠵᠢᠶ᠎ᠡ 91.89 ᠲᠦᠮᠡᠨ m3/a᠂ ᠠᠵᠤ | ᠦᠢᠯᠡᠳᠪᠦᠷᠢ ᠶᠢᠨ ᠤᠰᠤ ᠬᠠᠩᠭᠠᠬᠤ ᠬᠡᠮᠵᠢᠶ᠎ᠡ 400.11 ᠲᠦᠮᠡᠨ m3/a᠂ 50% ᠶᠢᠨ ᠪᠠᠲᠤᠯᠠᠭ᠎ᠠ ᠶᠢᠨ | ᠨᠣᠷᠮ᠎ᠠ ᠳᠣᠤᠷ᠎ᠠ ᠲᠠᠷᠢᠶᠠᠯᠠᠩ ᠤᠨ ᠤᠰᠤᠯᠠᠯᠲᠠ ᠶᠢᠨ ᠤᠰᠤ ᠬᠠᠩᠭᠠᠬᠤ ᠬᠡᠮᠵᠢᠶ᠎ᠡ 484 ᠲᠦᠮᠡᠨ m3/a | ᠪᠠᠶᠢᠬᠤ ᠶᠢ ᠦᠨᠳᠦᠰᠦᠨ ᠳᠤ ᠪᠠᠨ ᠵᠥᠪᠰᠢᠶᠡᠷᠡᠨ᠎ᠡ᠃ | ᠤᠰᠤᠨ ᠴᠥᠭᠦᠷᠥᠮ ᠤᠨ ᠪᠠᠷᠢᠯᠭ᠎ᠠ ᠪᠠᠶᠢᠭᠤᠯᠤᠭᠳᠠᠭᠰᠠᠨ ᠤ ᠳᠠᠷᠠᠭ᠎ᠠ᠂ ᠲᠠᠨ ᠤ ᠺᠣᠮᠫᠠᠨᠢ ᠤᠰᠤ ᠠᠪᠬᠤ | ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ︽ᠤᠰᠤ ᠠᠪᠬᠤ ᠬᠡᠮᠵᠢᠯᠲᠡ ᠶᠢᠨ | ᠮᠡᠷᠭᠡᠵᠢᠯ ᠤᠨ ᠵᠢᠯᠣᠭᠤᠳᠬᠤ ᠳᠦᠷᠢᠮ︾ ︵GB/T28714-2012︶ ᠤᠨ ᠬᠠᠮᠢᠶ᠎ᠠ ᠪᠦᠬᠦᠢ ᠱᠠᠭᠠᠷᠳᠠᠯᠭ᠎ᠠ | ᠶᠣᠰᠣᠭᠠᠷ᠂ ᠤᠰᠤ ᠠᠪᠬᠤ ᠬᠡᠮᠵᠢᠯᠲᠡ ᠶᠢᠨ ᠲᠥᠬᠦᠭᠡᠷᠦᠮᠵᠢ ᠪᠣᠯᠤᠨ ᠰᠦᠯᠵᠢᠶᠡᠨ ᠳᠡᠭᠡᠷᠡᠬᠢ ᠬᠡᠮᠵᠢᠯᠲᠡ ᠶᠢᠨ | ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ | ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠬᠤ ᠶᠢᠨ | ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ ᠵᠥᠪᠰᠢᠶᠡᠷᠡᠯ ᠪᠠ ᠤᠰᠤᠨ ᠤ | ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠤᠰᠤ ᠠᠪᠬᠤ | ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠨ ᠤ | ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ | ᠭᠤᠶᠤᠴᠢᠯᠠᠬᠤ ᠬᠡᠷᠡᠭᠲᠡᠶ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠭᠦᠯᠦᠯᠲᠡ ᠶᠢᠨ ᠲᠥᠪ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠭ᠋ᠠᠢ | ᠠᠭᠤᠯᠠ ᠤᠰᠤᠨ ᠴᠥᠭᠦᠷᠥᠮ ᠤᠨ ᠪᠠᠷᠢᠯᠭ᠎ᠠ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ | ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠬᠤ ᠰᠠᠨᠠᠯ︾ ᠤᠨ ᠲᠤᠬᠠᠢ ᠮᠡᠳᠡᠭᠦᠯᠦᠯᠲᠡ.pdf | | 2023 ᠣᠨ ᠤ 10 ᠳ᠋ᠤᠭᠠᠷ ᠰᠠᠷ᠎ᠠ ᠶᠢᠨ 24 ᠤ ᠡᠳᠦᠷ | | |