ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠶᠢ ᠵᠦᠪᠰᠢᠶᠡᠷᠡᠬᠦ ᠳᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/26
  ᠬᠡᠯᠬᠢᠶᠡᠰᠦᠨ ᠨᠣᠮᠧᠷ᠄ 000014348/2023-0589  ᠭᠤᠣᠯ ᠰᠡᠳᠦᠪ ᠤᠨ ᠠᠩᠭᠢᠯᠠᠯ᠄ ᠤᠰᠤᠨ ᠠᠰᠢᠬᠯᠠᠯᠳᠠ  ᠨᠡᠶᠢᠲᠡᠯᠡᠭᠰᠡᠨ ᠪᠠᠶᠢᠭᠤᠯᠤᠮᠵᠢ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ  ᠪᠢᠴᠢᠭ ᠤᠨ ᠳ᠋ᠤᠭᠠᠷ᠄ ᠥᠪᠥᠷ ᠤᠰᠤᠨ ᠤ ᠡᠬᠢ ᠪᠠᠶᠠᠯᠢᠭ ᠤᠨ ᠤᠨ ᠲᠤᠭᠳᠠᠭᠠᠯ ﹇ 2023 ﹈ 13 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄2023-10-24  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠦᠬᠠᠶ ᠬᠤᠲᠠ ᠶᠢᠨ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ ᠵᠢᠯ ᠳᠤ 300 ᠲᠦᠮᠡᠨ t ᠨᠡᠭᠦᠷᠡᠰᠦ ᠤᠬᠢᠶᠠᠬᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠣᠷᠪᠤᠰ ᠤᠨ ᠨᠢᠭᠡᠳᠦᠭᠡᠷ ᠵᠦᠢᠯ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠣᠷᠪᠤᠰ ᠤᠨ ︵ᠨᠢᠭᠡ︶ ᠵᠦᠢᠯ ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠦᠬᠠᠶ ᠬᠤᠲᠠ ᠶᠢᠨ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯ ᠳᠤ 300 ᠲᠦᠮᠡᠨ t ᠨᠡᠭᠦᠷᠡᠰᠦ ᠤᠬᠢᠶᠠᠬᠤ ᠦᠢᠯᠡᠳᠪᠦᠷᠢ ᠶᠢᠨ ᠲᠥᠷᠥᠯ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ 2009 ᠣᠨ ᠳᠤ ᠠᠰᠢᠭᠯᠠᠯᠲᠠ ᠳᠤ ᠣᠷᠣᠵᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠳᠤ ᠬᠠᠷᠢᠶᠠᠯᠠᠭᠳᠠᠨ᠎ᠠ᠃  ᠲᠥᠷᠥᠯ ᠵᠦᠢᠯ ᠨᠢ ᠲᠡᠮᠡᠭᠡᠲᠤ ᠠᠭᠤᠯᠠ ᠶᠢᠨ ᠨᠡᠭᠦᠷᠡᠰᠦᠨ ᠠᠭᠤᠷᠬᠠᠢ ᠶᠢᠨ ᠰᠡᠶᠢᠷᠡᠭ ᠬᠠᠭᠤᠷᠠᠶ ᠤᠰᠤ ︵ᠦᠬᠠᠶ ᠶᠢᠨ ᠳᠠᠯᠠᠶ ᠶᠢᠨ ᠤᠰᠤᠨ ᠤ ᠪᠡᠯᠡ ᠣᠷᠣᠭᠤᠯᠤᠯᠲᠠ ᠶᠢᠨ ᠺᠣᠮᠫᠠᠨᠢ ᠠᠴᠠ ᠤᠰᠤ ᠬᠠᠩᠭᠠᠨ᠎ᠠ︶᠂ ᠬᠠᠲᠤᠨ ᠭᠤᠤᠯ ᠤᠨ ᠭᠤᠣᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢᠨ ᠰᠢᠯᠵᠢᠭᠦᠯᠦᠨ ᠥᠭᠬᠦ ᠭᠦᠢᠴᠡᠳᠭᠡᠯ ᠲᠤᠭ᠎ᠠ ᠶᠢ ᠬᠠᠪᠴᠢᠭ ᠭᠤᠤ ᠤᠰᠤ ᠬᠠᠩᠭᠠᠬᠤ ᠢᠨᠵᠧᠨᠧᠷᠢᠩ ᠤᠨ ᠨᠢᠭᠡᠳᠦᠯᠲᠡᠶ ᠤᠰᠤ ᠬᠠᠩᠭᠠᠨ᠎ᠠ︶ ᠪᠠᠷ ᠳᠠᠮᠵᠢᠭᠤᠯᠤᠨ ᠦᠢᠯᠡᠳᠪᠦᠷᠢᠯᠡᠯ ᠢᠶᠠᠷ ᠤᠰᠤ ᠲᠠᠲᠠᠬᠤ ᠤᠰᠤᠨ ᠰᠤᠷᠪᠤᠯᠵᠢ ᠪᠣᠯᠭᠠᠵᠤ᠂ ᠦᠬᠠᠶ ᠬᠤᠲᠠ ᠶᠢᠨ ᠬᠠᠶᠢᠷᠤᠪ ᠤᠨ ᠲᠣᠬᠤᠢ ᠶᠢᠨ ᠬᠤᠲᠠ ᠶᠢᠨ ᠤᠰᠤ ᠬᠠᠩᠭᠠᠬᠤ ᠺᠣᠮᠫᠠᠨᠢ ᠶᠢᠨ ᠭᠠᠵᠠᠷ ᠳᠣᠤᠷᠠᠬᠢ ᠤᠰᠤ ᠪᠠᠷ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠤᠨ ᠶᠡᠷᠦᠩᠬᠡᠶ ᠤᠰᠤ ᠠᠪᠬᠤ ᠬᠡᠮᠵᠢᠶ᠎ᠡ 17.04 ᠲᠦᠮᠡᠨ m3 / a ᠬᠢᠨᠠᠨ ᠲᠣᠭᠲᠠᠭᠠᠵᠤ᠂ ᠡᠭᠦᠨ ᠳᠤ ᠦᠢᠯᠡᠳᠪᠦᠷᠢᠯᠡᠯ ᠤᠨ ᠤᠰᠤ ᠠᠪᠬᠤ ᠬᠡᠮᠵᠢᠶ᠎ᠡ 14.00 ᠲᠦᠮᠡᠨ m3/a ︵ᠨᠡᠭᠦᠷᠡᠰᠦᠨ ᠳᠠᠪᠬᠤᠷᠭ᠎ᠠ ᠶᠢᠨ ᠤᠰᠤ ᠠᠪᠬᠤ ᠬᠡᠮᠵᠢᠶ᠎ᠡ 9.00 ᠲᠦᠮᠡᠨ m3/a ᠪᠤᠢ ᠃ ᠬᠠᠲᠤᠨ ᠭᠤᠣᠯ ᠤᠨ ᠤᠰᠤᠨ ᠤ ᠬᠡᠮᠵᠢᠶ᠎ᠡ 5.00 ᠲᠦᠮᠡᠨ m3/a︶᠂ ᠠᠮᠢᠳᠤᠷᠠᠯ ᠤᠨ ᠤᠰᠤ ᠠᠪᠬᠤ ᠬᠡᠮᠵᠢᠶ᠎ᠡ 3.04 ᠲᠦᠮᠡᠨ m3 / a ︵ᠲᠦᠭᠡᠭᠡᠯ ᠤᠰᠤ︶ ᠪᠠᠶᠢᠬᠤ ᠶᠢ ᠬᠢᠨᠠᠨ ᠲᠣᠭᠲᠠᠭᠠᠪᠠ᠃ ᠨᠢᠭᠡᠴᠢ ᠶᠢᠨ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ ᠨᠢ 0.053m3/t ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶᠠᠲᠤ ᠠᠵᠢᠯ ᠲᠦᠷᠦᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T385 - 2020︶ ᠶᠢᠨ ᠳᠠᠭᠠᠭᠤᠯᠬᠤ ᠬᠡᠮᠵᠢᠭᠳᠡᠯ ᠠᠴᠠ ᠳᠠᠪᠠᠭᠤᠯᠢᠭ ᠲᠠᠢ ᠪᠠᠶᠢᠵᠤ᠂ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠬᠥᠮᠦᠨ ᠳᠤᠮᠳᠠᠴᠢ ᠶᠢᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ 123.82L/ ︵ᠬᠥᠮᠦᠨ · d︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠦᠷᠦᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385 - 2020︶ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠤ ᠪᠠᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠪᠦᠬᠦᠨ ᠢ ᠲᠣᠰ ᠲᠥᠷᠥᠯ ᠵᠦᠢᠯ ᠳᠤ ᠬᠡᠷᠡᠭᠯᠡᠵᠦ᠂ ᠠᠮᠢᠳᠤᠷᠠᠯ ᠤᠨ ᠪᠣᠬᠢᠷ ᠤᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠣᠬᠢᠷ ᠤᠰᠤ ᠶᠢ ᠰᠣᠷᠣᠬᠤ ᠲᠡᠷᠭᠡ ᠪᠠᠷ ᠳᠠᠮᠵᠢᠨ ᠦᠬᠠᠶ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠭᠡᠨ᠎ᠡ᠃  ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714-2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠲᠥᠬᠦᠭᠡᠷᠦᠮᠵᠢ ᠪᠣᠯᠤᠨ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃  ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠦᠬᠠᠶ ᠬᠤᠲᠠ ᠶᠢᠨ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯ ᠳᠤ 300 ᠲᠦᠮᠡᠨ t ᠨᠡᠭᠦᠷᠡᠰᠦ ᠤᠬᠢᠶᠠᠬᠤ ᠦᠢᠯᠡᠳᠪᠦᠷᠢ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠭᠰᠠᠨ ᠰᠠᠨᠠᠯ︾ ᠤᠨ ᠲᠤᠬᠠᠶ ᠮᠡᠳᠡᠭᠦᠯᠦᠯᠲᠡ.pdf

 

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号