ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠶᠢ ᠵᠦᠪᠰᠢᠶᠡᠷᠡᠬᠦ ᠳᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/10/27
  ᠬᠡᠯᠬᠢᠶᠡᠰᠦᠨ ᠨᠣᠮᠧᠷ᠄ 000014348/2023-05926  ᠭᠤᠣᠯ ᠰᠡᠳᠦᠪ ᠤᠨ ᠠᠩᠭᠢᠯᠠᠯ᠄ ᠤᠰᠤᠨ ᠠᠰᠢᠬᠯᠠᠯᠳᠠ  ᠨᠡᠶᠢᠲᠡᠯᠡᠭᠰᠡᠨ ᠪᠠᠶᠢᠭᠤᠯᠤᠮᠵᠢ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ  ᠪᠢᠴᠢᠭ ᠤᠨ ᠳ᠋ᠤᠭᠠᠷ᠄ ᠥᠪᠥᠷ ᠤᠰᠤᠨ ᠤ ᠡᠬᠢ ᠪᠠᠶᠠᠯᠢᠭ ᠤᠨ ᠲᠤᠭᠳᠠᠭᠠᠯ ﹇2023﹈ 15 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023-10-26  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ   ᠠᠯᠠᠱᠠ ᠶᠢᠨ ᠳ᠋ᠠ ᠺᠠᠩ ᠭᠤᠷᠪᠠ ᠳᠦᠷᠪᠡ ᠾᠯᠣᠷᠲᠤ ᠡᠲ᠋ᠧᠨ ᠤ ᠬᠢᠵᠠᠭᠠᠷᠲᠤ ᠺᠣᠮᠫᠠᠨᠢ ᠳᠤ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠠᠪᠴᠤ ᠬᠡᠷᠡᠭᠯᠡᠬᠦ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ 3 ᠲᠦᠮᠡᠨ ᠲᠣᠨ / ᠵᠢᠯ ᠳᠤ ᠭᠤᠷᠪᠠ᠂ ᠳᠥᠷᠪᠡ ᠾᠯᠣᠷᠲᠤ ᠡᠲ᠋ᠧᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠣᠷᠪᠤᠰ ᠤᠨ ᠨᠢᠭᠡᠳᠦᠭᠡᠷ ᠵᠦᠢᠯ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠣᠷᠪᠤᠰ ᠤᠨ ︵ᠨᠢᠭᠡ︶ ᠵᠦᠢᠯ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠠᠯᠠᠱᠠ ᠶᠢᠨ ᠳ᠋ᠠ ᠺᠠᠩ ᠭᠤᠷᠪᠠ ᠳᠥᠷᠪᠡ ᠾᠯᠣᠷᠲᠤ ᠡᠲ᠋ᠧᠨ ᠤ ᠬᠢᠵᠠᠭᠠᠷᠲᠤ ᠺᠣᠮᠫᠠᠨᠢ ᠶᠢᠨ 3 ᠲᠦᠮᠡᠨ ᠲᠣᠨ / ᠵᠢᠯ ᠤᠨ ᠭᠤᠷᠪᠠ᠂ ᠳᠥᠷᠪᠡ ᠾᠯᠣᠷᠲᠤ ᠡᠲ᠋ᠧᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠳᠤ ᠬᠠᠷᠢᠶᠠᠯᠠᠭᠳᠠᠨ᠎ᠠ᠃ ᠲᠤᠰ ᠲᠥᠷᠥᠯ ᠵᠦᠢᠯ ᠨᠢ ᠭᠤᠷᠪᠠ ᠾᠯᠣᠷᠲᠤ ᠡᠲ᠋ᠧᠨ ᠵᠢᠯ ᠳᠤ 1. 755 ᠲᠦᠮᠡᠨ ᠲᠣᠨ ᠦᠢᠯᠡᠳᠪᠦᠷᠢᠯᠡᠨ᠂ ᠳᠥᠷᠪᠡ ᠾᠯᠣᠷᠲᠤ ᠡᠲ᠋ᠧᠨ ᠢ ᠵᠢᠯ ᠳᠤ 1.5 ᠲᠦᠮᠡᠨ ᠲᠣᠨ ᠦᠢᠯᠡᠳᠪᠦᠷᠢᠯᠡᠵᠡᠢ᠃  ᠲᠥᠷᠥᠯ ᠵᠦᠢᠯ ᠤᠨ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ ᠲᠤᠭ᠎ᠠ︶ ᠪᠠᠷ ᠦᠢᠯᠡᠳᠪᠦᠷᠢᠯᠡᠯ ᠢ ᠤᠰᠤ ᠲᠠᠲᠠᠬᠤ ᠤᠰᠤᠨ ᠰᠤᠷᠪᠤᠯᠵᠢ ︵ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠲᠤᠨ ᠭᠤᠤᠯ ᠤᠨ ᠤᠰᠤ ᠲᠠᠲᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠰᠤ ᠬᠠᠩᠭᠠᠨ᠎ᠠ︶ ᠪᠣᠯᠭᠠᠵᠤ᠂ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠭᠡᠭᠡᠯ ᠤᠰᠤ ︵ᠭᠠᠵᠠᠷ ᠳᠣᠤᠷᠠᠬᠢ ᠤᠰᠤ︶ ᠶᠢ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ ᠵᠥᠪᠰᠢᠶᠡᠷᠡᠪᠡ᠃ ᠠᠭᠤᠷ ᠤᠨ ᠭᠠᠳᠠᠨ᠎ᠠ ᠠᠴᠠ ᠬᠤᠳᠠᠯᠳᠤᠨ ᠠᠪᠤᠭᠰᠠᠨ ᠥᠪᠡᠷᠲᠡᠭᠡᠨ ᠵᠠᠰᠠᠬᠤ ᠣᠷᠣᠨ ᠤ ᠳᠠᠪᠤᠰᠤ ᠬᠠᠩᠭᠠᠬᠤ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠨᠠᠲᠷᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠠᠭᠤᠷ ᠤᠨ ᠬᠡᠷᠡᠭᠯᠡᠬᠦ ᠤᠰᠤ ᠨᠢ ᠠᠭᠤᠷ ᠬᠠᠩᠭᠠᠬᠤ ᠲᠠᠯ᠎ᠠ ᠶᠢᠨ ᠤᠰᠤᠨ ᠤ ᠬᠡᠮᠵᠢᠶ᠎ᠡ ᠳᠤ ᠪᠠᠭᠲᠠᠨ᠎ᠠ᠃ ᠤᠰᠤ ᠳᠠᠮᠵᠢᠭᠤᠯᠬᠤ ᠪᠠ ᠴᠡᠪᠡᠷᠰᠢᠭᠦᠯᠬᠦ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠤᠰ ᠲᠥᠷᠥᠯ ᠵᠦᠢᠯ ᠤᠨ ᠶᠡᠷᠦᠩᠬᠡᠢ ᠤᠰᠤ ᠠᠪᠬᠤ ᠬᠡᠮᠵᠢᠶ᠎ᠡ 18.56 ᠲᠦᠮᠡᠨ m3/a ︵ᠭᠠᠳᠠᠨ᠎ᠠ ᠠᠴᠠ ᠬᠤᠳᠠᠯᠳᠤᠨ ᠠᠪᠤᠭᠰᠠᠨ ᠠᠭᠤᠷ ᠤᠨ ᠬᠡᠮᠵᠢᠶ᠎ᠡ 6.8 ᠲᠦᠮᠡᠨ m3/a︶ ᠢ ᠪᠠᠭᠲᠠᠭᠠᠬᠤ ᠦᠭᠡᠢ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 17.96 ᠲᠦᠮᠡᠨ m3/a ᠪᠠᠶᠢᠵᠤ᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ 0.6 ᠲᠦᠮᠡᠨ m3/a ᠪᠠᠶᠢᠨ᠎ᠠ᠃ ᠠᠭᠤᠷ ᠤᠨ ᠤᠰᠤᠨ ᠤ ᠬᠡᠮᠵᠢᠶ᠎ᠡ ᠳᠤ ᠪᠤᠳᠤᠨ ᠣᠷᠣᠭᠤᠯᠤᠭᠰᠠᠨ ᠤ ᠳᠠᠷᠠᠭ᠎ᠠ᠂ ᠭᠤᠤᠯ ᠪᠣᠯᠬᠤ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ 7.715m3/t ᠢ ᠬᠢᠨᠠᠨ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶᠠᠲᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T385-2020︶ ᠲᠤ ᠭᠤᠷᠪᠠ᠂ ᠳᠥᠷᠪᠡ ᠾᠯᠣᠷᠲᠤ ᠡᠲ᠋ᠧᠨ ᠤ ᠤᠰᠤ ᠬᠡᠷᠡᠭᠯᠡᠬᠦ ᠨᠣᠷᠮ᠎ᠠ ᠲᠣᠭᠲᠠᠭᠠᠭᠰᠠᠨ ᠥᠬᠡᠶ᠂ ᠠᠳᠠᠯᠢ ᠠᠵᠢᠯ ᠲᠥᠷᠥᠯ ᠤᠨ ᠪᠤᠰᠤᠳ ᠠᠵᠤ ᠠᠬᠤᠶᠢᠯᠠᠯ ᠤᠨ ᠠᠳᠠᠯᠢ ᠲᠥᠷᠥᠯ ᠤᠨ ᠦᠢᠯᠡᠳᠬᠦᠨ ᠤ ᠤᠰᠤ ᠬᠡᠷᠡᠭᠯᠡᠬᠦ ᠬᠢᠷᠢ ᠬᠡᠮᠵᠢᠶ᠎ᠡ ᠲᠠᠢ ᠬᠠᠷᠢᠴᠠᠭᠤᠯᠬᠤ ᠪᠠᠷ ᠳᠡᠮᠵᠢᠨ᠂ ᠲᠣᠰ ᠲᠥᠷᠥᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠲᠡᠷᠢᠭᠦᠨ ᠤ ᠬᠢᠷᠢ ᠲᠦᠪᠰᠢᠨ ᠳᠤ ᠬᠦᠷᠴᠡᠶ᠃ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠤᠨ ᠤᠰᠤ ᠬᠡᠷᠡᠭᠯᠡᠬᠦ ᠭᠦᠢᠴᠡᠳᠬᠡᠯ ᠲᠤᠭ᠎ᠠ ᠨᠢ 110L ᠬᠥᠮᠦᠨ · d ᠪᠣᠯᠤᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385 - 2020︶ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠤ ᠪᠠᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠶᠢ ᠦᠢᠯᠡᠳᠪᠦᠷᠢ ᠶᠢᠨ ᠲᠣᠭᠤᠷᠢᠭ ᠤᠨ ᠥᠪᠡᠷ ᠢᠶᠠᠨ ᠪᠠᠶᠢᠭᠤᠯᠤᠭᠰᠠᠨ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠢᠶᠠᠷ ᠳᠠᠮᠵᠢᠭᠤᠯᠤᠨ ᠪᠠᠷᠢᠮᠵᠢᠶᠠᠨ ᠳᠤ ᠬᠦᠷᠦᠭᠰᠡᠨ ᠤ ᠳᠠᠷᠠᠭ᠎ᠠ᠂ ᠦᠢᠯᠡᠳᠪᠦᠷᠢ ᠶᠢᠨ ᠲᠣᠭᠤᠷᠢᠭ ᠤᠨ ᠨᠣᠭᠤᠭᠠᠷᠠᠭᠤᠯᠤᠯᠲᠠ ᠳᠤ ᠬᠡᠰᠡᠭ ᠬᠤᠪᠢᠶᠠᠨ ᠬᠡᠷᠡᠭᠯᠡᠵᠦ᠂ ᠦᠯᠡᠳᠡᠭᠰᠡᠨ ᠬᠡᠰᠡᠭ ᠢ ᠨᠡᠭᠡᠭᠡᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠵᠢᠭᠰᠠᠭᠠᠨ ᠣᠷᠤᠭᠤᠯᠤᠨ᠎ᠠ᠃  ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714-2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠲᠥᠬᠦᠭᠡᠷᠦᠮᠵᠢ ᠪᠣᠯᠤᠨ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃        ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠠᠯᠠᠱᠠ ᠶᠢᠨ ᠳ᠋ᠠ ᠺᠠᠩ ᠭᠤᠷᠪᠠ᠂ ᠳᠥᠷᠪᠡ ᠾᠯᠣᠷᠲᠤ ᠡᠲ᠋ᠧᠨ ᠤ ᠬᠢᠵᠠᠭᠠᠷᠲᠤ ᠺᠣᠮᠫᠠᠨᠢ ᠶᠢᠨ 3 ᠲᠦᠮᠡᠨ ᠲᠣᠨ / ᠵᠢᠯ ᠤᠨ ᠭᠤᠷᠪᠠ᠂ ᠳᠥᠷᠪᠡ ᠾᠯᠣᠷᠲᠤ ᠡᠲ᠋ᠧᠨ ᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠭᠰᠠᠨ ᠰᠠᠨᠠᠯ︾ ᠤᠨ ᠲᠤᠬᠠᠶ ᠮᠡᠳᠡᠭᠦᠯᠦᠯᠲᠡ.pdf    2023 ᠣᠨ ᠤ 10 ᠳ᠋ᠤᠭᠠᠷ ᠰᠠᠷ᠎ᠠ ᠶᠢᠨ 26 ᠤ ᠡᠳᠦᠷ

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号