ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2023/10/31
  ᠬᠡᠯᠬᠢᠶᠡᠰᠦᠨ ᠨᠣᠮᠧᠷ᠄ 000014348/2023— 06110  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 26᠎ ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ   ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠶᠢ ᠬᠦᠴᠦᠨ ᠥᠬᠡᠶ ᠪᠣᠯᠭᠠᠬᠤ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ︶᠎ ᠢ        ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠳᠤ ᠪᠠᠭᠤᠯᠭᠠᠵᠤ ᠳᠤᠤᠷᠠᠬᠢ ᠮᠡᠲᠦ ᠵᠠᠷᠯᠠᠪᠠ᠃  ᠨᠢᠭᠡ᠂ ᠤᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠡᠷᠡᠭᠵᠢᠭᠦᠯᠵᠦ ᠪᠠᠶᠢᠭᠰᠠᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠳᠤ᠂ ᠪᠠᠭ᠎ᠠ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ᠂ ᠡᠮᠵᠡᠭ ᠠᠶᠤᠯᠲᠠᠶ ᠤᠰᠤᠨ ᠬᠠᠭᠠᠯᠲᠠ᠂ ᠨᠦᠯᠦᠮᠡᠯ ᠭᠠᠵᠠᠷ ᠤᠨ ᠬᠠᠰᠢᠯᠭ᠎ᠠ ᠶᠢᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ ᠬᠤᠲᠠ ᠶᠢᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠪᠠᠭᠤᠯᠭᠠᠨ᠎ᠠ᠃  ᠤᠤᠯ ᠨᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠡᠷᠡᠭᠵᠢᠭᠦᠯᠵᠦ ᠪᠠᠶᠢᠭᠰᠠᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠳᠤᠮᠳᠠ᠂ ᠬᠠᠲᠤᠨ ᠭᠤᠤᠯ ᠤᠨ ᠭᠤᠤᠯ ᠤᠷᠤᠰᠬᠠᠯ ᠳᠡᠭᠡᠷᠡᠬᠢ ᠪᠠᠭ᠎ᠠ ᠬᠡᠯᠪᠡᠷᠢ ᠶᠢᠨ ᠲᠥᠷᠥᠯ ᠵᠦᠢᠯ ᠢ ᠭᠠᠷᠭᠠᠪᠠᠯ᠂ ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠳᠡᠭᠡᠷ᠎ᠡ ᠪᠠᠭ᠎ᠠ ᠬᠡᠯᠪᠡᠷᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠵᠢᠴᠢ ᠠᠶᠢᠮᠠᠭ ᠬᠤᠲᠠ ᠶᠢᠨ ᠵᠠᠭᠠᠭ ᠭᠤᠤᠯ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ᠂ ᠪᠤᠰᠤᠳ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ ᠬᠤᠲᠠ ᠳᠤ ᠪᠠᠭᠤᠯᠭᠠᠨ ᠥᠭᠭᠦᠨ᠎ᠡ᠂ ᠬᠤᠰᠢᠭᠤ ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠱᠠᠲᠤ ᠬᠤᠪᠢᠶᠠᠨ ᠬᠢᠨᠠᠨ ᠵᠥᠪᠰᠢᠶᠡᠷᠡᠬᠦ ᠡᠷᠬᠡ ᠮᠡᠳᠡᠯ ᠢ ︽︿ᠭᠤᠤᠯ ᠨᠠᠭᠤᠷ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ﹀᠎ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 63 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃  ᠤᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠡᠷᠡᠭᠵᠢᠭᠦᠯᠵᠦ ᠪᠠᠶᠢᠭᠰᠠᠨ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠳᠤ᠂ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠵᠢᠴᠢ ᠠᠶᠢᠮᠠᠭ ᠬᠤᠲᠠ ᠶᠢᠨ ᠵᠠᠭᠠᠭ ᠠᠯᠤᠰᠯᠠᠭᠰᠠᠨ ᠭᠤᠤᠯ ᠮᠥᠷᠡᠨ ᠤ ᠤᠰᠤ ᠲᠠᠲᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠭᠠᠷᠭᠠᠪᠠᠯ᠂ ᠪᠤᠰᠤᠳ ᠤᠰᠤ ᠲᠠᠲᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ ᠬᠤᠲᠠ ᠶᠢᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠪᠠᠭᠤᠯᠭᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠰᠢᠨ᠎ᠡ ᠪᠠᠷ ᠨᠡᠮᠡᠭᠳᠡᠭᠦᠯᠬᠦ ᠤᠰᠤ ᠲᠠᠲᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠤᠰᠤ ᠲᠠᠲᠠᠬᠤ ᠶᠢ ᠰᠢᠨ᠎ᠡ ᠪᠠᠷ ᠨᠡᠮᠡᠭᠳᠡᠭᠦᠯᠬᠦ ᠵᠥᠪᠰᠢᠶᠡᠷᠡᠯ ᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇ 2020﹈ 280 ᠳ᠋ᠤᠭᠠᠷ ᠲᠣᠭᠠᠲᠤ︶᠎ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃  ᠬᠤᠶᠠᠷ᠂ ᠤᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠡᠷᠡᠭᠵᠢᠭᠦᠯᠵᠦ ᠪᠠᠶᠢᠭᠰᠠᠨ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠬᠤ ᠡᠷᠬᠡ ᠮᠡᠳᠡᠯ ᠢ ᠬᠤᠰᠢᠭᠤ ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠪᠠᠭᠤᠯᠭᠠᠨ᠎ᠠ᠃  ᠭᠤᠷᠪᠠ᠂ ᠤᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠡᠷᠡᠭᠵᠢᠭᠦᠯᠵᠦ ᠪᠠᠶᠢᠭᠰᠠᠨ ᠭᠠᠵᠠᠷ ᠳᠤᠤᠷᠠᠬᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠪᠣᠯᠤᠨ ᠭᠠᠵᠠᠷ ᠳᠤᠤᠷᠠᠬᠢ ᠤᠰᠤᠨ ᠳᠤ ᠠᠰᠢᠭ ᠥᠬᠡᠶ ᠨᠥᠯᠥᠭᠡ ᠦᠵᠡᠭᠦᠯᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠥᠰᠦᠯ ᠢ ᠳᠠᠩᠰᠠᠯᠠᠭᠤᠯᠬᠤ᠂ ᠬᠢᠨᠠᠨ ᠬᠡᠮᠵᠢᠵᠦ ᠬᠠᠶᠢᠨ ᠰᠢᠨᠵᠢᠬᠦ ᠪᠠᠷ ᠵᠣᠷᠢᠯᠭ᠎ᠠ ᠪᠣᠯᠭᠠᠭᠰᠠᠨ ᠭᠠᠵᠠᠷ ᠳᠤᠤᠷᠠᠬᠢ ᠤᠰᠤ ᠲᠠᠲᠠᠬᠤ ᠪᠠᠷᠢᠯᠭ᠎ᠠ ᠶᠢ ᠳᠠᠩᠰᠠᠯᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠤᠰᠤ ᠲᠠᠲᠠᠬᠤ ︵ᠵᠠᠯᠠᠬᠤ︶᠎ ᠶᠢ ᠳᠠᠩᠰᠠᠯᠠᠭᠤᠯᠬᠤ ᠡᠷᠬᠡ ᠶᠢᠨ ᠬᠢᠵᠠᠭᠠᠷ ᠢ ᠬᠤᠰᠢᠭᠤ ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠪᠠᠭᠤᠯᠭᠠᠨ᠎ᠠ᠃  ᠳᠡᠭᠡᠳᠦ ᠱᠠᠲᠤᠨ ᠠᠴᠠ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠰᠢᠨ᠎ᠡ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠂ ᠭᠤᠶᠤᠴᠢᠯᠠᠭᠴᠢ ᠨᠢ ᠡᠷᠬᠡ ᠮᠡᠳᠡᠯ ᠲᠠᠢ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠭᠤᠳ ᠭᠤᠶᠤᠴᠢᠯᠠᠯ ᠢᠶᠠᠨ ᠳᠤᠷᠠᠳᠤᠨ᠎ᠠ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃                     2023 ᠣᠨ ᠤ 10 ᠳ᠋ᠤᠭᠠᠷ ᠰᠠᠷ᠎ᠠ ᠶᠢᠨ 26᠎ ᠤ ᠡᠳᠦᠷ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号