11 ᠳ᠋ᠦ᠋ᠭᠡᠷ ᠰᠠᠷ᠎ᠠ ᠶᠢᠨ 7 ᠤ ᠡᠳᠦᠷ᠂ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠤᠰᠤᠨ | ᠰᠢᠨᠵᠢᠯᠡᠭᠡᠨ ᠤ ᠬᠠᠶᠢᠨ ᠬᠡᠮᠵᠢᠯᠲᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ | ᠭᠤᠸᠠᠩᠳᠦ᠋ᠩ ᠤᠨ ᠱᠣᠤᠭᠤᠸᠠᠨ ᠳᠤ ᠡᠬᠢᠯᠡᠪᠡ᠃ ᠲᠣᠰ ᠬᠤᠭᠤᠴᠠᠭᠠᠨ ᠤ ᠤᠷᠤᠯᠳᠤᠭᠠᠨ ᠢ ᠤᠰᠤᠨ | ᠠᠰᠢᠭᠯᠠᠯᠲᠠ ᠶᠢᠨ ᠶᠠᠮᠤᠨ ᠤ ᠠᠵᠢᠯᠲᠠᠨ ᠤ ᠶᠠᠪᠤᠳᠠᠯ ᠤᠨ ᠵᠤᠷᠭᠠᠨ᠂ ᠳᠤᠮᠳᠠᠳᠤ ᠤᠯᠤᠰ ᠤᠨ ᠠᠵᠢᠯ ᠣᠯᠭᠤᠯᠲᠠ ᠶᠢᠨ | ᠪᠣᠯᠪᠠᠰᠤᠷᠠᠯ ᠤᠨ ᠮᠡᠷᠭᠡᠵᠢᠯ ᠤᠨ ᠵᠢᠯᠣᠭᠤᠳᠬᠤ ᠲᠥᠪ᠂ ᠳᠤᠮᠳᠠᠳᠤ ᠤᠯᠤᠰ ᠤᠨ ᠲᠠᠷᠢᠶᠠᠯᠠᠩ ᠣᠶ ᠰᠢᠭᠤᠶ ᠤᠰᠤᠨ | ᠠᠰᠢᠭᠯᠠᠯᠲᠠ ᠴᠠᠭ ᠠᠭᠤᠷ ᠤᠨ ᠠᠵᠢᠯᠴᠢᠨ ᠤ ᠡᠪᠯᠡᠯ ᠤᠨ ᠪᠥᠬᠦ ᠤᠯᠤᠰ ᠤᠨ ᠬᠤᠷᠢᠶ᠎ᠠ ᠠᠴᠠ ᠬᠠᠮᠲᠤᠷᠠᠨ ᠡᠷᠭᠢᠯᠡᠵᠦ᠂ | ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠤᠰᠤᠨ ᠠᠰᠢᠭᠯᠠᠯᠲᠠ ᠶᠢᠨ ᠶᠠᠮᠤᠨ ᠤ ᠤᠰᠤᠨ ᠰᠢᠨᠵᠢᠯᠡᠭᠡᠨ ᠤ | ᠵᠤᠷᠭᠠᠨ ᠪᠠ ᠤᠰᠤᠨ ᠠᠰᠢᠭᠯᠠᠯᠲᠠ ᠶᠢᠨ ᠶᠠᠮᠤᠨ ᠤ ᠠᠵᠢᠯᠲᠠᠨ ᠤ ᠶᠠᠪᠤᠳᠠᠯ ᠤᠨ ᠵᠤᠷᠭᠠᠨ ᠬᠠᠮᠲᠤᠷᠠᠨ ᠡᠷᠭᠢᠯᠡᠵᠦ᠂ | ᠭᠤᠸᠠᠩᠳᠦ᠋ᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠳᠠᠭᠠᠭᠠᠨ ᠡᠷᠭᠢᠯᠡᠪᠡ᠃ | ᠤᠷᠤᠯᠳᠤᠭᠠᠨ ᠢ ᠣᠨᠣᠯ ᠤᠨ ᠮᠡᠳᠡᠯᠭᠡ᠂ ᠳᠣᠲᠣᠭᠠᠳᠤ ᠠᠵᠢᠯ ᠤᠨ ᠰᠢᠯᠭᠠᠯᠲᠠ ᠪᠠ ᠭᠠᠳᠠᠭᠠᠳᠤ ᠠᠵᠢᠯ ᠤᠨ | ᠠᠵᠢᠯᠯᠠᠭ᠎ᠠ ᠭᠡᠵᠦ ᠬᠤᠶᠠᠷ ᠬᠡᠰᠡᠭ ᠬᠤᠪᠢᠶᠠᠨ᠎ᠠ᠂ ᠡᠭᠦᠨ ᠳᠤ ᠭᠠᠳᠠᠭᠠᠳᠤ ᠠᠵᠢᠯ ᠤᠨ ᠠᠵᠢᠯᠯᠠᠭ᠎ᠠ ᠳᠤ ᠵᠢᠯᠣᠭᠤᠴᠢ | ᠥᠬᠡᠶ ᠨᠢᠰᠬᠡᠯ ᠤᠨ ᠤᠷᠤᠰᠬᠠᠯ ᠢ ᠬᠡᠮᠵᠢᠬᠦ᠂ ᠳᠡᠭᠡᠰᠦᠨ ᠵᠠᠮ ᠤᠨ ᠤᠷᠤᠰᠬᠠᠯ ᠢ ᠬᠡᠮᠵᠢᠬᠦ᠂ ᠪᠣᠷᠣᠭᠠᠨ ᠤ ᠬᠡᠮᠵᠢᠶ᠎ᠡ ᠶᠢ | ᠬᠢᠨᠠᠨ ᠬᠡᠮᠵᠢᠬᠦ ᠬᠡᠮᠵᠢᠭᠦᠷᠯᠢᠭ ᠤᠭᠰᠠᠷᠠᠵᠤ ᠲᠤᠷᠰᠢᠬᠤ᠂ ᠤᠰᠤᠨ ᠤ ᠴᠢᠨᠠᠷ ᠢ ᠬᠢᠨᠠᠨ ᠬᠡᠮᠵᠢᠬᠦ ᠪᠠ ᠡᠯᠡᠰᠦ | ᠰᠢᠪᠠᠷ ᠠᠴᠠ ᠥᠯᠢᠭᠡᠷ ᠠᠪᠬᠤ᠂ ᠤᠰᠤᠨ ᠵᠦᠶ ᠶᠢᠨ ᠬᠡᠮᠵᠢᠯᠲᠡ ᠬᠢᠬᠦ ᠵᠡᠷᠭᠡ ᠤᠷᠤᠯᠳᠤᠭᠠᠨ ᠪᠠᠭᠲᠠᠨ᠎ᠠ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠨᠢᠭᠡᠳᠦᠭᠡᠷ ᠹᠷᠣᠨᠲ ᠤᠨ | ᠮᠡᠷᠭᠡᠵᠢᠯ ᠴᠢᠳᠠᠪᠤᠷᠢ ᠶᠢᠨ ᠠᠵᠢᠯ ᠤᠨ 80 ᠲᠠᠮᠢᠷᠴᠢᠨ ᠤᠷᠤᠯᠳᠤᠭᠠᠨ ᠳᠤ ᠣᠷᠣᠯᠴᠠᠵᠠᠶ᠃ ᠤᠷᠤᠯᠳᠤᠭᠠᠨ ᠳᠤ | ᠣᠷᠣᠯᠴᠠᠭᠰᠠᠨ ᠲᠠᠮᠢᠷᠴᠢᠳ ᠤᠨ ᠲᠡᠷᠢᠭᠦᠨ ᠤ ᠪᠠ ᠡᠩ ᠤᠨ ᠭᠤᠣᠯ ᠪᠣᠯᠬᠤ ᠬᠡᠮᠵᠢᠨ ᠪᠠᠶᠢᠴᠠᠭᠠᠬᠤ | ᠲᠥᠬᠦᠭᠡᠷᠦᠮᠵᠢ ᠶᠢᠨ ᠪᠣᠯᠪᠠᠰᠤᠷᠠᠩᠭᠤᠶ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠨ ᠬᠡᠮᠵᠢᠯᠲᠡ ᠪᠠ | ᠡᠩ ᠤᠨ ᠬᠡᠮᠵᠢᠨ ᠪᠠᠶᠢᠴᠠᠭᠠᠯᠲᠠ ᠵᠡᠷᠭᠡ ᠶᠡᠷᠦᠩᠬᠡᠶᠢᠯᠡᠭᠰᠡᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠴᠢᠬᠤᠯᠠᠴᠢᠯᠠᠨ | ᠰᠢᠯᠭᠠᠨ᠎ᠠ᠃ | ᠵᠢᠯᠣᠭᠤᠴᠢ ᠥᠬᠡᠶ ᠨᠢᠰᠬᠡᠯ ᠤᠨ ᠤᠷᠤᠰᠬᠠᠯ ᠢ ᠬᠡᠮᠵᠢᠬᠦ ᠪᠣᠯ ᠲᠣᠰ ᠬᠤᠭᠤᠴᠠᠭᠠᠨ ᠤ ᠤᠷᠤᠯᠳᠤᠭᠠᠨ ᠤ ᠨᠢᠭᠡᠨ | ᠰᠢᠨ᠎ᠡ ᠲᠥᠷᠥᠯ ᠵᠦᠢᠯ ᠪᠣᠯᠤᠨ᠎ᠠ᠂ ᠲᠣᠰ ᠲᠥᠷᠥᠯ ᠵᠦᠢᠯ ᠪᠣᠯ ᠵᠢᠯᠣᠭᠤᠴᠢ ᠥᠬᠡᠶ ᠨᠢᠰᠬᠡᠯ ᠤᠨ ᠮᠡᠷᠭᠡᠵᠢᠯ ᠪᠣᠯᠤᠨ | ᠤᠰᠤᠨ ᠵᠦᠶ ᠶᠢᠨ ᠪᠤᠳᠤᠬᠤ ᠠᠷᠭ᠎ᠠ ᠶᠢ ᠬᠠᠷᠢᠯᠴᠠᠨ ᠤᠶᠠᠯᠳᠤᠭᠤᠯᠵᠤ᠂ ᠦᠶᠡᠷ ᠤᠨ ᠦᠶ᠎ᠡ ᠳᠤ ᠪᠤᠶᠤ ᠪᠤᠰᠤᠳ | ᠰᠢᠯᠭᠠᠯᠲᠠ ᠥᠬᠡᠶ ᠨᠥᠬᠦᠴᠡᠯ ᠳᠤᠤᠷ᠎ᠠ ᠬᠦᠷᠦᠯᠴᠡᠬᠦ ᠬᠡᠯᠪᠡᠷᠢ ᠶᠢᠨ ᠪᠤᠰᠤ ᠤᠷᠤᠰᠴᠠ ᠶᠢᠨ ᠬᠢᠨᠠᠨ ᠬᠡᠮᠵᠢᠯᠲᠡ ᠶᠢ | ᠪᠡᠶᠡᠯᠡᠭᠦᠯᠦᠨ᠎ᠡ᠂ ᠵᠢᠯᠣᠭᠤᠴᠢ ᠥᠬᠡᠶ ᠨᠢᠰᠬᠡᠯ ᠤᠨ ᠤᠷᠤᠰᠬᠠᠯ ᠢ ᠬᠡᠮᠵᠢᠬᠦ ᠨᠢ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠠ ᠬᠢᠨᠠᠨ ᠬᠡᠮᠵᠢᠬᠦ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠳᠤ ᠠᠰᠢᠭᠲᠠᠶ ᠶᠤᠮ᠃ | ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠤᠷ᠎ᠠ | ᠴᠢᠳᠠᠪᠤᠷᠢ ᠶᠢᠨ ᠤᠷᠤᠯᠳᠤᠭᠠᠨ ᠨᠢ 1992 ᠣᠨ ᠠᠴᠠ ᠡᠬᠢᠯᠡᠨ ᠶᠠᠪᠤᠭᠳᠠᠵᠤ᠂ 5 ᠵᠢᠯ ᠪᠦᠷᠢ ᠨᠢᠭᠡ ᠬᠤᠭᠤᠴᠠᠭ᠎ᠠ | ᠶᠠᠪᠤᠭᠳᠠᠵᠤ᠂ ᠪᠥᠬᠦ ᠤᠯᠤᠰ ᠤᠨ ᠤᠰᠤᠨ ᠰᠢᠨᠵᠢᠯᠡᠭᠡᠨ ᠤ ᠰᠢᠰᠲ᠋ᠧᠮ ᠤᠨ ᠡᠩᠨᠡᠭᠡ ᠪᠠᠨ ᠳᠠᠪᠲᠠᠨ | ᠪᠣᠯᠪᠠᠰᠤᠷᠠᠭᠤᠯᠵᠤ᠂ ᠦᠷ᠎ᠡ ᠪᠦᠲᠦᠭᠡᠯ ᠢᠶᠠᠨ ᠰᠣᠯᠢᠯᠴᠠᠵᠤ᠂ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ | ᠤᠯᠠᠮᠵᠢᠯᠠᠯᠲᠤ ᠨᠠᠷᠠᠲᠤ ᠲᠡᠮᠳᠡᠭᠲᠦ ᠤᠷᠤᠯᠳᠤᠭᠠᠨ ᠪᠣᠯᠤᠨ᠎ᠠ᠃ | |