ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/11/14
  ᠬᠡᠯᠬᠢᠶᠡᠰᠦᠨ ᠨᠣᠮᠧᠷ᠄ 000014348/2023—06483  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠡᠬᠢ ᠪᠠᠶᠠᠯᠢᠭ ᠵᠦᠪᠰᠢᠶᠡᠷᠡᠯ ᠲᠤᠭᠲᠠᠭᠠᠯ ﹇2023﹈ 17 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 11 ᠳ᠋ᠦ᠋ᠭᠡᠷ ᠰᠠᠷ᠎ᠠ ᠶᠢᠨ 12 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠣᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ﹇2020﹈ 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠤᠰᠤᠨ ᠤ ᠶᠠᠪᠤᠳᠠᠯ ᠤᠨ ᠵᠥᠪᠯᠡᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠠᠪᠬᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ         ᠵᠠᠬᠢᠳᠠᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ PTMEG᠂ PBAT ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ  ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ 2023 ᠣᠨ ᠤ 5 ᠳ᠋ᠤᠭᠠᠷ ᠰᠠᠷ᠎ᠠ ᠳᠤ᠂ ᠲᠣᠰ ᠲᠥᠷᠥᠯ ᠵᠦᠢᠯ ᠪᠠᠶᠢᠭᠤᠯᠬᠤ ᠰᠠᠯᠠᠭ᠎ᠠ ᠮᠥᠴᠢᠷ ᠪᠣᠯᠬᠤ ᠦᠬᠠᠶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠣᠰ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠭᠠᠷᠭᠠᠪᠠ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠳ᠋ᠦ᠋ᠭᠡᠷ ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠣᠯᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠣᠯᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ PTMEG᠂ PBAT ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠲᠥᠪᠯᠡᠷᠡᠯ ᠤᠨ ᠬᠤᠶᠢᠲᠤ ᠲᠣᠭᠤᠷᠢᠭ ᠲᠤ ᠪᠠᠶᠢᠷᠢᠯᠠᠵᠤ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ ᠬᠠᠷᠢᠶᠠᠯᠠᠭᠳᠠᠨ᠎ᠠ᠃ ᠲᠥᠷᠥᠯ ᠵᠦᠢᠯ ᠢ ᠨᠢᠭᠡᠨᠲᠡ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠠᠩᠰᠠᠯᠠᠭᠤᠯᠵᠤ᠂ ᠲᠥᠷᠥᠯ ᠵᠦᠢᠯ ᠤᠨ ᠨᠣᠮᠧᠷ ᠨᠢ 2105—150303—04—01 —928202᠃ ᠲᠣᠰ ᠲᠥᠷᠥᠯ ᠵᠦᠢᠯ ᠢ ᠨᠡᠶᠢᠲᠡ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠂ ᠡᠭᠦᠨ ᠳᠤ ᠨᠢᠭᠡᠳᠦᠭᠡᠷ ᠬᠤᠭᠤᠴᠠᠭᠠᠨ ᠤ ᠭᠤᠤᠯᠳᠠᠭᠤ ᠵᠢᠯ ᠳᠤ 1 × 10.4 ᠲᠦᠮᠡᠨ ᠲᠣᠨ / ᠵᠢᠯ ᠤᠨ BDO ᠲᠣᠨᠣᠭᠯᠠᠯ᠂ 2 × 4.6 ᠲᠦᠮᠡᠨ ᠲᠣᠨ / ᠵᠢᠯ ᠤᠨ PTMEG ᠲᠣᠨᠣᠭᠯᠠᠯ᠂ 28000 ᠪᠠᠷᠢᠮᠵᠢᠶᠠᠲᠤ ᠪᠣᠰᠤᠭ᠎ᠠ ᠳᠥᠷᠪᠡᠯᠵᠢᠨ ᠮᠧᠲᠷ / ᠴᠠᠭ ᠤᠨ ᠪᠠᠶᠢᠭᠠᠯᠢ ᠶᠢᠨ ᠰᠢᠲᠠᠮᠠᠬᠠᠶ ᠬᠡᠶ ᠪᠠᠷ ᠤᠰᠤᠲᠥ᠋ᠷᠥᠭᠴᠢ ᠦᠢᠯᠡᠳᠬᠦ ᠲᠣᠨᠣᠭᠯᠠᠯ᠂ 1 × 24 ᠲᠦᠮᠡᠨ ᠲᠣᠨ / ᠵᠢᠯ ᠤᠨ ᠮᠧᠲ᠋ᠢᠯ ᠠᠯᠳᠧᠭᠢᠳ᠋ ᠤᠨ ᠲᠣᠨᠣᠭᠯᠠᠯ ᠵᠢᠴᠢ ᠬᠡᠰᠡᠭ ᠢᠵᠢ ᠪᠦᠷᠢᠳᠦᠭᠦᠯᠬᠦ ᠲᠦᠭᠦᠬᠡᠶ ᠮᠠᠲ᠋ᠧᠷᠢᠶᠠᠯ ᠤᠨ ᠦᠢᠯᠡᠳᠪᠦᠷᠢ ᠶᠢᠨ ᠲᠠᠰᠤᠭ᠂ ᠬᠥᠳᠡᠯᠭᠡᠬᠦ ᠬᠦᠴᠦᠨ ᠤ ᠦᠢᠯᠡᠳᠪᠦᠷᠢ ᠶᠢᠨ ᠲᠠᠰᠤᠭ᠂ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠪᠠ ᠲᠤᠰᠠᠯᠠᠬᠤ ᠪᠡᠯᠡᠳᠬᠡᠮᠵᠢ ᠪᠥᠲᠥᠭᠡᠨ ᠪᠠᠶᠢᠭᠤᠯᠤᠨ᠎ᠠ᠃  ᠲᠥᠷᠥᠯ ᠵᠦᠢᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ ᠲᠤᠭ᠎ᠠ᠂ ᠥᠪᠥᠷ ᠮᠣᠩᠭᠤᠯ ᠤᠨ ᠪᠧᠶ ᠺᠦᠩ ᠵᠢᠩ ᠲᠠᠢ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠤᠯᠠ ᠪᠠᠶᠢᠭ᠎ᠠ ᠤᠰᠤ ᠶᠢ ᠰᠢᠢᠳᠪᠦᠷᠢᠯᠡᠬᠦ ᠭᠦᠢᠴᠡᠳᠭᠡᠯ ᠲᠤᠭ᠎ᠠ ᠪᠠᠭᠲᠠᠨ᠎ᠠ︶ ᠪᠠᠷ ᠦᠢᠯᠡᠳᠪᠦᠷᠢᠯᠡᠯ ᠤᠨ ᠤᠰᠤ ᠲᠠᠲᠠᠬᠤ ᠤᠰᠤᠨ ᠰᠤᠷᠪᠤᠯᠵᠢ ︵ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠳᠤᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠲᠤᠨ ᠭᠤᠤᠯ ᠤᠨ ᠤᠰᠤ ᠲᠠᠲᠠᠬᠤ ᠢᠨᠵᠧᠨᠧᠷᠢᠩ ᠠᠴᠠ ᠤᠰᠤ ᠬᠠᠩᠭᠠᠬᠤ︶ ᠪᠣᠯᠭᠠᠵᠤ᠂ ᠬᠦᠷᠢᠶᠡᠯᠡᠩ ᠲᠣᠭᠤᠷᠢᠭ ᠤᠨ ᠲᠦᠭᠡᠭᠡᠯ ᠤᠰᠤ ᠪᠠᠷ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ ᠵᠥᠪᠰᠢᠶᠡᠷᠡᠪᠡ᠃ ᠤᠰᠤ ᠳᠠᠮᠵᠢᠭᠤᠯᠬᠤ ᠪᠠ ᠴᠡᠪᠡᠷᠵᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠤᠨ ᠤᠰᠤ ᠲᠠᠲᠠᠬᠤ ᠶᠡᠷᠦᠩᠬᠡᠶ ᠬᠡᠮᠵᠢᠶ᠎ᠡ ᠨᠢ 173.23 ᠲᠦᠮᠡᠨ m 3 / a᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ ᠨᠢ 169.94 ᠲᠦᠮᠡᠨ m 3 / a᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ ᠨᠢ 3.29 ᠲᠦᠮᠡᠨ m 3 / a ᠪᠣᠯᠤᠨ᠎ᠠ᠃ ᠭᠤᠤᠯ ᠪᠣᠯᠬᠤ ᠨᠢᠭᠡᠴᠢ ᠦᠢᠯᠡᠳᠭᠦᠨ ᠤ ᠰᠢᠨ᠎ᠡ ᠤᠰᠤᠨ ᠤ ᠬᠡᠮᠵᠢᠶ᠎ᠡ ᠶᠢ ᠬᠠᠷᠭᠤᠭᠤᠯᠤᠨ ᠲᠣᠭᠲᠠᠭᠠᠬᠤ ᠳᠤ ᠲᠣᠰ ᠲᠣᠰ᠄ BDO 10.78 m 3 / t᠂ PTMEG 17.35 m 3 / t ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠳᠤ ᠲᠣᠰ ᠲᠥᠷᠥᠯ ᠵᠦᠢᠯ ᠤᠨ ᠦᠢᠯᠡᠳᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠥᠬᠡᠶ ᠪᠣᠯᠬᠤᠷ᠂ ᠠᠳᠠᠯᠢ ᠠᠵᠢᠯ ᠲᠥᠷᠥᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠯᠦᠭᠡ ᠬᠠᠷᠢᠴᠠᠭᠤᠯᠪᠠᠯ᠂ ᠲᠣᠰ ᠲᠥᠷᠥᠯ ᠵᠦᠢᠯ ᠤᠨ ᠨᠢᠭᠡᠴᠢ ᠦᠢᠯᠡᠳᠭᠦᠨ ᠤ ᠤᠰᠤ ᠬᠡᠷᠡᠭᠯᠡᠬᠦ ᠬᠡᠮᠵᠢᠶ᠎ᠡ ᠨᠢ ᠠᠳᠠᠯᠢ ᠠᠵᠢᠯ ᠲᠥᠷᠥᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠴᠦ᠂ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠤᠨ ᠤᠰᠤ ᠬᠡᠷᠡᠭᠯᠡᠬᠦ ᠭᠦᠢᠴᠡᠳᠭᠡᠯ ᠲᠤᠭ᠎ᠠ ᠨᠢ 127 L / ᠬᠥᠮᠦᠨ d ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB 15 / T 3᠃ ᠲᠥᠷᠥᠯ ᠵᠦᠢᠯ ᠤᠨ ᠲᠡᠳᠡᠨ ᠠᠪᠴᠤ ᠬᠡᠷᠡᠭᠯᠡᠬᠦ ᠤᠰᠤ ᠨᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠬᠤᠷᠢᠭ᠎ᠠ ᠱᠤᠭᠤᠮ︾ ᠤᠨ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠤᠯ ᠪᠠᠷᠢᠯᠭ᠎ᠠ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠪᠣᠬᠢᠷ ᠤᠰᠤ ᠶᠢ ᠪᠦᠬᠦᠨ ᠢ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠣᠷᠣᠭᠤᠯᠤᠨ ᠰᠢᠢᠳᠪᠦᠷᠢᠯᠡᠨ᠎ᠡ᠃  ᠲᠠᠨ ᠤ ᠺᠣᠮᠫᠠᠨᠢ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ︽ᠤᠰᠤ ᠲᠠᠲᠠᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB / T 28714 - 2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠶᠢ ᠪᠠᠶᠢᠭᠤᠯᠵᠤ ᠳᠠᠭᠤᠰᠬᠠᠭᠰᠠᠨ ᠤ ᠬᠠᠮᠲᠤ ᠲᠤᠷᠰᠢᠨ ᠠᠵᠢᠯᠯᠠᠭᠤᠯᠤᠭᠠᠳ ᠪᠦᠬᠦᠯᠢ 30 ᠡᠳᠦᠷ ᠪᠣᠯᠤᠭᠰᠠᠨ ᠤ ᠳᠠᠷᠠᠭ᠎ᠠ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠣᠯᠤᠨ ︽ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠨ᠎ᠠ᠃  ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ PTMEG᠂ PBAT ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠭᠰᠠᠨ ᠰᠠᠨᠠᠯ︾ ᠤᠨ ᠲᠤᠬᠠᠶ ᠮᠡᠳᠡᠭᠦᠯᠦᠯᠲᠡ .pdf          2023 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号