ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠰᠢᠨ᠎ᠡ ᠠᠷᠭ᠎ᠠ ᠬᠡᠮᠵᠢᠶ᠎ᠡ ᠶᠢ ᠳᠡᠯᠭᠡᠷᠡᠭᠦᠯᠵᠦ ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢᠨ ᠰᠢᠨ᠎ᠡ ᠵᠠᠭᠪᠤᠷ ᠢ ᠡᠭᠦᠳᠦᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/11/19
  ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠢᠯᠣᠭᠤᠳᠣᠯᠭ᠎ᠠ ᠳᠤᠤᠷ᠎ᠠ᠂ ᠪᠤᠭᠤᠲᠤ ᠬᠤᠲᠠ ᠳᠡᠭᠡᠳᠦ ᠰᠤᠷᠭᠠᠭᠤᠯᠢ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠎ ᠶᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃  ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠤᠰᠤᠨ ᠠᠰᠢᠭᠯᠠᠯᠲᠠ ᠶᠢᠨ ᠶᠠᠮᠤᠨ ᠤ ᠭᠡᠷ᠎ᠡ ᠪᠠᠷ ᠤᠰᠤ ᠠᠷᠪᠢᠯᠠᠬᠤ ᠲᠦᠷᠦᠯ ᠵᠦᠢᠯ — ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠰᠢᠭᠡᠰᠦᠨ ᠰᠢᠩᠭᠡᠨ ᠢ ᠴᠤᠭᠯᠠᠭᠤᠯᠬᠤ ᠤᠰᠤ ᠠᠷᠪᠢᠯᠠᠬᠤ ᠰᠢᠰᠲ᠋ᠧᠮ ᠨᠢ ᠵᠢᠱᠢᠯᠲᠡ ᠪᠠᠷ ᠵᠢᠯ ᠪᠦᠷᠢ 1.5 ᠲᠦᠮᠡᠨ ᠲᠣᠨ ᠤᠰᠤ ᠠᠷᠪᠢᠯᠠᠬᠤ ᠪᠣᠯᠤᠨ᠎ᠠ᠃ ᠲᠣᠰ ᠰᠢᠰᠲ᠋ᠧᠮ ᠨᠢ ᠡᠷᠡᠭᠲᠡᠶ ᠰᠣᠷᠣᠭᠴᠢ ᠶᠢᠨ ᠨᠡᠶᠢᠲᠡ ᠶᠢᠨ ᠪᠠᠶᠢᠷᠢ ᠶᠢᠨ ᠵᠣᠷᠯᠣᠩ ᠤᠨ ᠰᠢᠭᠡᠬᠦ ᠲᠠᠲᠠᠭᠠᠯ ᠵᠢᠴᠢ ᠤᠰᠤ ᠵᠠᠯᠠᠬᠤ ᠰᠢᠰᠲ᠋ᠧᠮ ᠢ ᠥᠭᠡᠷᠡᠴᠢᠯᠡᠬᠦ ᠪᠠᠷ ᠳᠠᠮᠵᠢᠭᠤᠯᠤᠨ᠂ ᠰᠢᠭᠡᠰᠦ ᠶᠢ ᠨᠢᠭᠡᠳᠦᠯᠲᠡᠶ ᠴᠤᠭᠯᠠᠭᠤᠯᠵᠤ ᠰᠢᠭᠡᠰᠦ ᠶᠢ ᠢᠳᠡᠪᠬᠢᠵᠢᠭᠦᠯᠬᠦ ᠢᠰᠬᠡᠭᠦᠷ ᠤᠨ ᠲᠦᠭᠦᠬᠡᠶ ᠮᠠᠲ᠋ᠧᠷᠢᠶᠠᠯ ᠦᠢᠯᠡᠳᠪᠦᠷᠢᠯᠡᠬᠦ ᠳᠤ ᠬᠡᠷᠡᠭᠯᠡᠨ᠎ᠡ᠃ ᠠᠦ᠋ᠲ᠋ᠣ᠋ ᠡᠷᠭᠢᠯᠲᠡᠲᠦ ᠠᠷᠢᠭᠤᠳᠬᠠᠬᠤ ᠰᠢᠰᠲ᠋ᠧᠮ ᠢ ᠬᠡᠷᠡᠭᠯᠡᠨ ᠤᠬᠢᠶᠠᠵᠤ ᠠᠷᠢᠭᠤᠳᠬᠠᠭᠰᠠᠨ ᠢᠶᠠᠷ᠂ ᠠᠷᠢᠭᠤᠨ ᠴᠡᠪᠡᠷ ᠤᠨ ᠲᠠᠰᠤᠯᠭ᠎ᠠ ᠶᠢᠨ ᠵᠣᠷᠯᠣᠩ ᠴᠡᠪᠡᠷᠯᠡᠬᠦ ᠤᠰᠤ ᠶᠢ ᠲᠦᠢᠯ ᠤᠨ ᠶᠡᠭᠡ ᠪᠠᠷ ᠪᠠᠭᠠᠰᠬᠠᠵᠤ᠂ ᠤᠰᠤ ᠶᠢ ᠠᠷᠪᠢᠯᠠᠨ ᠬᠡᠷᠡᠭᠯᠡᠬᠦ ᠰᠠᠶᠢᠨ ᠦᠷ᠎ᠡ ᠪᠦᠲᠦᠮᠵᠢ ᠤᠯᠪᠠ᠃ ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠨᠡᠶᠢᠭᠡᠮ ᠤᠨ ᠬᠦᠴᠦᠨ ᠢ ᠢᠳᠡᠪᠬᠢᠲᠡᠢ ᠣᠷᠣᠭᠤᠯᠤᠨ ᠠᠪᠴᠢᠷᠠᠵᠤ᠂ ᠴᠢᠩᠳᠣᠤ ᠶᠢᠨ ᠶᠤᠸᠠᠨ ᠵᠢᠩ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠵᠢᠶᠠ ᠰᠢᠩ ᠬᠤᠲᠠ ᠶᠢᠨ ᠹᠧᠩ ᠶᠠ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠲᠠᠢ ᠰᠤᠷᠭᠠᠭᠤᠯᠢ ᠶᠢᠨ ᠬᠦᠷᠢᠶᠡᠨ ᠤ ᠰᠢᠭᠤᠳ ᠤᠤᠭᠤᠬᠤ ᠤᠰᠤᠨ ᠤ ᠰᠢᠰᠲ᠋ᠧᠮ ᠢ ᠳᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠤᠨ ᠭᠡᠷ᠎ᠡ ᠪᠣᠯᠤᠨ ᠤᠬᠢᠶᠠᠯᠭ᠎ᠠ ᠶᠢᠨ ᠲᠠᠲᠠᠭᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠦᠷᠦᠯ ᠵᠦᠢᠯ ᠤᠨ ᠭᠡᠷ᠎ᠡ ᠲᠣᠭᠲᠠᠵᠤ᠂ ᠰᠢᠭᠤᠳ ᠤᠤᠭᠤᠬᠤ ᠤᠰᠤᠨ ᠤ ᠰᠢᠰᠲ᠋ᠧᠮ ᠪᠣᠯᠤᠨ ᠤᠬᠢᠶᠠᠯᠭ᠎ᠠ ᠶᠢᠨ ᠲᠠᠲᠠᠭᠠᠯ ᠤᠨ ᠰᠢᠰᠲ᠋ᠧᠮ ᠤᠨ ᠺᠠᠷᠲ ᠢᠶᠠᠷ ᠬᠡᠷᠡᠭᠯᠡᠭᠡ ᠬᠢᠬᠦ ᠶᠢ ᠪᠡᠶᠡᠯᠡᠭᠦᠯᠵᠦ᠂ ᠤᠯᠠᠨ ᠬᠡᠷᠡᠭᠯᠡᠵᠦ ᠤᠯᠠᠨ ᠪᠤᠳᠤᠬᠤ᠂ ᠴᠥᠭᠡᠨ ᠬᠡᠷᠡᠭᠯᠡᠵᠦ ᠴᠥᠭᠡᠨ ᠪᠤᠳᠤᠬᠤ᠂ ᠬᠡᠷᠡᠭᠯᠡᠬᠦ ᠦᠭᠡᠢ ᠪᠣᠯ ᠦᠯᠦ ᠪᠤᠳᠤᠬᠤ ᠦᠷ᠎ᠡ ᠳ᠋ᠦᠩ ᠳᠤ ᠬᠦᠷᠴᠦ᠂ ᠳᠡᠭᠡᠳᠦ ᠰᠤᠷᠭᠠᠭᠤᠯᠢ ᠶᠢᠨ ᠤᠰᠤ ᠬᠡᠷᠡᠭᠯᠡᠬᠦ ᠬᠡᠮᠵᠢᠶ᠎ᠡ ᠶᠢ ᠶᠡᠭᠡ ᠪᠠᠷ ᠪᠠᠭᠠᠰᠬᠠᠵᠠᠢ᠃  ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠪᠥᠬᠦ ᠬᠤᠲᠠ ᠶᠢᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠠᠵᠢᠯ ᠢ ᠣᠯᠠᠨ ᠨᠡᠶᠢᠲᠡ ᠶᠢᠨ ᠪᠠᠶᠢᠭᠤᠯᠤᠮᠵᠢ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠤ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠥᠲᠥᠭᠡᠨ ᠪᠠᠶᠢᠭᠤᠯᠤᠯᠲᠠ᠂ ᠤᠰᠤ ᠠᠷᠪᠢᠯᠠᠬᠤ ᠮᠠᠶ᠋ᠢᠭ ᠤᠨ ᠨᠢᠭᠡᠴᠢ ︵ᠠᠵᠤ ᠠᠬᠤᠶᠢᠯᠠᠯ᠂ ᠬᠦᠷᠢᠶᠡᠯᠡᠩ ᠲᠣᠭᠤᠷᠢᠭ︶᠎ ᠶᠢ ᠡᠭᠦᠳᠦᠨ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠳᠡᠭ ᠢᠶᠠᠷ ᠰᠣᠩᠭᠤᠨ ᠨᠡᠶᠢᠲᠡᠯᠡᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠡᠯ᠎ᠡ ᠨᠢᠭᠡᠴᠢ ᠶᠢᠨ ᠤᠰᠤ ᠬᠡᠷᠡᠭᠯᠡᠬᠦ ᠵᠠᠷᠤᠯᠭ᠎ᠠ ᠶᠢ ᠪᠠᠭᠤᠷᠠᠭᠤᠯᠵᠤ᠂ ᠤᠰᠤ ᠠᠷᠪᠢᠯᠠᠬᠤ ᠥᠭᠡᠷᠡᠴᠢᠯᠡᠯᠲᠡ ᠶᠢᠨ ᠪᠠᠯᠠ ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠥᠬᠦ ᠬᠤᠲᠠ ᠶᠢᠨ ᠤᠰᠤ ᠠᠷᠪᠢᠯᠠᠬᠤ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠬᠢᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠭᠤᠷᠢ ᠲᠠᠯᠪᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号