ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2023/11/3
  ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠤᠰᠤ ᠠᠷᠪᠢᠯᠠᠬᠤ ᠲᠤᠬᠠᠶ ᠶᠠᠷᠢᠯᠴᠠᠪᠠ  ᠰᠥᠨᠢᠳ ᠵᠡᠭᠦᠨ ᠬᠤᠰᠢᠭᠤ ᠨᠢ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠤᠶᠢᠲᠤ ᠬᠡᠰᠡᠭ ᠲᠤ         ᠪᠠᠶᠢᠷᠢᠯᠠᠵᠤ᠂ ᠤᠮᠠᠷ᠎ᠠ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ 309.966 ᠺᠢᠯᠤᠮᠧᠲᠷ ᠪᠠᠶᠢᠵᠤ᠂ ᠵᠡᠭᠦᠨ ᠠᠪᠠᠭ᠎ᠠ ᠬᠤᠰᠢᠭᠤ ᠲᠠᠢ ᠬᠥᠷᠰᠢᠯᠡᠵᠦ᠂ ᠡᠮᠦᠨ᠎ᠡ ᠪᠠᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠬᠥᠪᠡᠭᠡᠲᠦ ᠰᠢᠷ᠎ᠠ ᠬᠤᠰᠢᠭᠤ ᠲᠠᠢ ᠵᠠᠯᠭᠠᠯᠳᠤᠵᠤ᠂ ᠪᠠᠷᠠᠭᠤᠨ ᠢᠶᠠᠨ ᠰᠥᠨᠢᠳ ᠪᠠᠷᠠᠭᠤᠨ ᠬᠤᠰᠢᠭᠤ᠂ ᠡᠷᠢᠶᠡᠨ ᠬᠤᠲᠠ ᠲᠠᠢ ᠵᠠᠯᠭᠠᠯᠳᠤᠵᠤ᠂ ᠡᠷᠦᠬᠡ ᠠᠮᠠ ᠶᠢᠨ ᠬᠦᠮᠦᠨ ᠠᠮᠠ ᠨᠢ 3.4 ᠲᠦᠮᠡᠨ ᠪᠠᠶᠢᠵᠤ᠂ ᠬᠢᠲᠠᠳ ᠦᠨᠳᠦᠰᠦᠲᠡᠨ 39.35%᠎ ᠶᠢ ᠡᠵᠡᠯᠡᠵᠦ᠂ ᠮᠣᠩᠭᠤᠯ ᠦᠨᠳᠦᠰᠦᠲᠡᠨ 59.72%᠎ ᠢ ᠡᠵᠡᠯᠡᠵᠦ᠂ ᠪᠤᠰᠤᠳ ᠴᠥᠭᠡᠨ ᠲᠣᠭᠠᠲᠤ ᠦᠨᠳᠦᠰᠦᠲᠡᠨ 0.93%᠎ ᠶᠢ ᠡᠵᠡᠯᠡᠵᠦ ᠪᠠᠶᠢᠨ᠎ᠠ᠃  ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 23819.35 ᠲᠦᠮᠡᠨ ᠪᠣᠰᠤᠭ᠎ᠠ ᠳᠥᠷᠪᠡᠯᠵᠢᠨ       ᠮᠧᠲᠷ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠬᠡᠮᠵᠢᠶ᠎ᠡ 172.3 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠳᠣ ᠪᠠᠶᠢᠭ᠎ᠠ ᠤᠰᠤᠨ ᠴᠥᠭᠦᠷᠥᠮ 2 ᠪᠠᠶᠢᠵᠤ᠂ ᠲᠤᠰ ᠲᠤᠰ ᠡᠩᠭᠡᠷ ᠭᠤᠣᠯ ᠤᠰᠤᠨ ᠴᠥᠭᠦᠷᠥᠮ ᠤᠨ ᠶᠡᠷᠦᠩᠬᠡᠢ ᠪᠠᠭᠲᠠᠭᠠᠮᠵᠢ 997 ᠲᠦᠮᠡᠨ ᠪᠣᠰᠤᠭ᠎ᠠ ᠳᠥᠷᠪᠡᠯᠵᠢᠨ ᠮᠧᠲᠷ᠂ ᠭᠠᠯᠳᠠᠰᠤᠲᠠᠢ ᠤᠰᠤᠨ ᠴᠥᠭᠦᠷᠥᠮ ᠤᠨ ᠶᠡᠷᠦᠩᠬᠡᠢ ᠪᠠᠭᠲᠠᠭᠠᠮᠵᠢ 59 ᠲᠦᠮᠡᠨ ᠪᠣᠰᠤᠭ᠎ᠠ ᠳᠥᠷᠪᠡᠯᠵᠢᠨ ᠮᠧᠲᠷ᠂ ᠬᠠᠷᠢᠶ᠎ᠠ ᠣᠷᠣᠨ ᠤ ᠡᠬᠢ ᠪᠠᠶᠠᠯᠢᠭ ᠤᠨ ᠴᠢᠨᠠᠷᠲᠠᠢ ᠤᠰᠤ ᠳᠤᠲᠠᠭᠳᠠᠬᠤ᠂ ᠪᠠᠷᠢᠯᠭ᠎ᠠ ᠶᠢᠨ ᠴᠢᠨᠠᠷᠲᠠᠢ ᠤᠰᠤ ᠳᠤᠲᠠᠭᠳᠠᠬᠤ ᠪᠠ ᠤᠰᠤᠨ ᠤ ᠴᠢᠨᠠᠷ ᠤᠨ ᠴᠢᠨᠠᠷᠲᠠᠢ ᠤᠰᠤ ᠵᠡᠷᠭᠡᠪᠡᠷ ᠣᠷᠣᠰᠢᠵᠤ᠂ ᠬᠥᠮᠦᠨ ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠬᠠᠷᠢᠴᠠᠩᠭᠤᠢ ᠪᠠᠷ ᠨᠡᠯᠢᠶᠡᠳ ᠴᠥᠭᠡᠨ ᠪᠠᠶᠢᠨ᠎ᠠ᠃  ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠯᠤᠰ ᠤᠨ ᠲᠥᠯᠥᠪᠵᠢᠭᠦᠯᠭᠡ ᠲᠣᠭᠲᠠᠭᠠᠬᠤ ᠬᠡᠷᠡᠭᠲᠡᠢ  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ︽ᠠᠷᠪᠠᠨ ᠵᠢᠷᠭᠤᠭᠠᠨ ᠥᠰᠥᠭ︾᠎ ᠤᠨ ᠤᠰᠤ ᠶᠢ ᠵᠠᠰᠠᠬᠤ ᠰᠡᠳᠬᠢᠮᠵᠢ ᠶᠢ ᠬᠢᠨᠠᠮᠠᠭᠠᠶ ᠦᠢᠯᠡᠳᠦᠯᠭᠡᠵᠢᠭᠦᠯᠵᠦ᠂ ᠦᠵᠡᠯᠲᠡ ᠲᠠᠨᠢᠯᠲᠠ ᠶᠢᠨ ᠤᠰᠤ ᠠᠷᠪᠢᠯᠠᠬᠤ᠂ ᠬᠠᠤᠯᠢ ᠪᠠᠷ ᠵᠠᠰᠠᠬᠤ ᠤᠰᠤ ᠠᠷᠪᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠰᠤ ᠠᠷᠪᠢᠯᠠᠬᠤ᠂ ᠦᠨ᠎ᠡ ᠬᠠᠩᠰᠢ ᠶᠢᠨ ᠤᠰᠤ ᠠᠷᠪᠢᠯᠠᠬᠤ ᠶᠢ ᠤᠰᠤ ᠠᠷᠪᠢᠯᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠳᠤ ᠣᠷᠣᠭᠤᠯᠵᠤ᠂ ︽ᠰᠥᠨᠢᠳ ᠵᠡᠭᠦᠨ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠲᠥᠰᠦᠯ︾᠎ ᠢ ᠲᠣᠭᠲᠠᠭᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ᠂ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃  ᠬᠤᠶᠠᠷ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠲᠣᠪᠤᠶᠢᠯᠭᠠᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠶᠢ ᠬᠡᠷᠡᠭᠵᠢᠭᠦᠯᠬᠦ ᠬᠡᠷᠡᠭᠲᠡᠶ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠰᠥᠨᠢᠳ ᠵᠡᠭᠦᠨ ᠬᠤᠰᠢᠭᠤ ᠶᠢ 4 ᠭᠠᠵᠠᠷ ᠰᠢᠨᠵᠢᠯᠡᠭᠡᠨ ᠤ ᠨᠢᠭᠡᠴᠢ ᠪᠣᠯᠭᠠᠨ ᠬᠤᠪᠢᠶᠠᠵᠤ᠂ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ 0.179 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠳᠣᠬᠠᠨ ᠳᠤ ᠪᠥᠬᠦ ᠬᠤᠰᠢᠭᠤᠨ ᠤ ᠭᠠᠵᠠᠷ ᠳᠣᠤᠷᠠᠬᠢ ᠤᠰᠤ ᠶᠢ ᠲᠠᠲᠠᠬᠤ ᠶᠡᠷᠦᠩᠬᠡᠶ ᠬᠡᠮᠵᠢᠶ᠎ᠡ 0.12 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃ 2022 ᠣᠨ ᠤ ᠪᠥᠬᠦ ᠬᠤᠰᠢᠭᠤᠨ ᠤ ᠪᠣᠳᠠᠲᠠᠶ ᠤᠰᠤ ᠬᠡᠷᠡᠭᠯᠡᠬᠦ ᠶᠡᠷᠦᠩᠬᠡᠶ ᠬᠡᠮᠵᠢᠶ᠎ᠡ 0.122 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠨ ᠤ ᠬᠠᠷᠠᠯᠲᠠ ᠡᠭᠦᠷᠭᠡ ᠠᠴᠠ ᠪᠠᠭ᠎ᠠ ᠪᠣᠯᠪᠠ᠃  ᠨᠢᠭᠡ ᠳᠤ᠂ ᠬᠢᠮᠢ ᠶᠢᠨ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠴᠢᠩᠭᠠᠳᠬᠠᠨ᠎ᠠ᠃  ᠤᠰᠤ ᠠᠷᠪᠢᠯᠠᠬᠤ ᠮᠠᠶ᠋ᠢᠭ ᠤᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠤᠰᠤ ᠬᠡᠷᠡᠭᠯᠡᠬᠦ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤᠨ ᠤ ᠲᠡᠩᠴᠡᠭᠦᠷᠢ ᠶᠢᠨ ᠬᠡᠮᠵᠢᠨ ᠰᠢᠯᠭᠠᠯᠲᠠ ᠬᠢᠯᠭᠡᠵᠦ᠂ ᠠᠵᠤ ᠠᠬᠤᠶᠢᠯᠠᠯ ᠢ ᠵᠣᠷᠢᠭᠵᠢᠭᠤᠯᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠴᠢᠩᠭᠠᠳᠬᠠᠵᠤ᠂ ᠤᠰᠤ ᠠᠷᠪᠢᠯᠠᠬᠤ ᠬᠡᠯᠪᠡᠷᠢ ᠶᠢᠨ 3 ᠠᠵᠤ ᠠᠬᠤᠶᠢᠯᠠᠯ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠨ᠎ᠠ᠃ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠤᠰᠤ ᠠᠷᠪᠢᠯᠠᠬᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠳᠤ ︽ᠤᠰᠤ ᠠᠷᠪᠢᠯᠠᠬᠤ ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠶᠢ ᠲᠥᠯᠥᠪᠯᠡᠭᠡ ᠲᠠᠢ ᠬᠡᠷᠡᠭᠯᠡᠬᠦ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ 2022 ᠣᠨ ᠳᠤ ᠪᠥᠬᠦ ᠬᠤᠰᠢᠭᠤᠨ ᠤ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ 0.0166 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠲᠦᠮᠡᠨ ᠲᠥᠭᠦᠷᠢᠭ ᠤᠨ GDP᠎ ᠳᠤ ᠬᠡᠷᠡᠭᠯᠡᠬᠦ ᠤᠰᠤᠨ ᠤ ᠬᠡᠮᠵᠢᠶ᠎ᠡ 26.09 ᠪᠣᠰᠤᠭ᠎ᠠ ᠳᠥᠷᠪᠡᠯᠵᠢᠨ ᠮᠧᠲᠷ ᠪᠠᠶᠢᠵᠤ᠂ 2021 ᠣᠨ ᠤ ᠬᠢ ᠠᠴᠠ 33.8%᠎ ᠪᠠᠷ ᠪᠠᠭᠤᠷᠠᠵᠤ᠂ ᠠᠵᠤ ᠠᠬᠤᠶ ᠶᠢᠨ ᠰᠠᠶᠢᠨ ᠦᠷ᠎ᠡ ᠠᠰᠢᠭ ᠪᠠ ᠨᠡᠶᠢᠭᠡᠮ ᠤᠨ ᠰᠠᠶᠢᠨ ᠦᠷ᠎ᠡ ᠠᠰᠢᠭ ᠤᠯᠪᠠ᠃  ᠬᠤᠶᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠨ᠎ᠠ ᠃ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠦᠭᠦᠷ ᠪᠡᠯᠡᠳᠬᠡᠮᠵᠢ ᠶᠢ ᠲᠦᠷᠭᠡᠳᠬᠡᠨ ᠨᠥᠬᠦᠪᠥᠷᠢᠯᠡᠵᠦ᠂ ᠡᠩᠭᠡᠷ ᠭᠤᠤᠯ ᠤᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠰᠤᠪᠠᠭ ᠢ 6 ᠺᠢᠯᠤᠮᠧᠲᠷ ᠰᠡᠯᠪᠢᠨ ᠵᠠᠰᠠᠵᠤ᠂ 1 ᠵᠠᠮ ᠥᠩᠭᠡᠷᠡᠬᠦ ᠭᠤᠯᠳᠤᠩ ᠬᠤᠭᠤᠯᠠᠶ ᠪᠠᠶᠢᠭᠤᠯᠪᠠ᠃ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠦᠳᠦᠭᠦᠯᠢᠭ ᠮᠠᠶ᠋ᠢᠭ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠥᠬᠦ ᠬᠦᠴᠦᠨ ᠢᠶᠠᠷ ᠢᠶᠠᠨ ᠬᠤᠪᠢᠷᠠᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠴᠥᠮ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠤᠰᠤ ᠠᠪᠬᠤ ᠵᠥᠪᠰᠢᠶᠡᠷᠡᠯ ᠢ ᠲᠠᠷᠬᠠᠭᠠᠬᠤ ᠶᠢᠨ ᠬᠠᠮᠲᠤ ᠤᠰᠤᠨ ᠤ ᠬᠡᠮᠵᠢᠶ᠎ᠡ ᠶᠢ ᠬᠡᠮᠵᠢᠬᠦ ᠲᠥᠬᠦᠭᠡᠷᠦᠮᠵᠢ ᠤᠭᠰᠠᠷᠠᠵᠤ᠂ 2022 ᠣᠨ ᠳᠤ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠶ᠎ᠡ 0.0875 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠪᠡ᠃  ᠭᠤᠷᠪᠠ ᠳᠤ᠂ ᠠᠮᠢᠳᠤᠷᠠᠯ ᠤᠨ ᠤᠰᠤ ᠠᠷᠪᠢᠯᠠᠬᠤ ᠠᠵᠢᠯ ᠢ ᠰᠠᠶᠢᠲᠤᠷ ᠬᠢᠪᠡ᠃ ᠤᠰᠤ ᠠᠷᠪᠢᠯᠠᠬᠤ ᠬᠡᠯᠪᠡᠷᠢ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠣᠯᠠᠨ ᠲᠦᠮᠡᠨ ᠢ ᠭᠦᠨᠵᠡᠭᠡᠶ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠵᠤ ᠡᠨᠧᠷᠭᠢ ᠠᠷᠪᠢᠯᠠᠬᠤ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠣᠨᠣᠯᠵᠢᠬᠤᠨ ᠢ ᠪᠣᠶ ᠪᠣᠯᠭᠠᠵᠤ᠂ ᠤᠰᠤ ᠠᠷᠪᠢᠯᠠᠬᠤ ᠪᠠᠭᠠᠵᠢ ᠬᠡᠷᠡᠭᠰᠡᠯ ᠤᠨ ᠵᠥᠪᠰᠢᠶᠡᠷᠡᠨ ᠣᠷᠣᠭᠤᠯᠬᠤ ᠲᠦᠷᠢᠮ ᠢ ᠬᠡᠷᠡᠭᠵᠢᠭᠦᠯᠦᠨ᠂ ᠲᠦᠭᠡᠮᠡᠯᠵᠢᠭᠦᠯᠦᠨ ᠬᠡᠷᠡᠭᠯᠡᠬᠦ ᠨᠣᠷᠮ᠎ᠠ ᠶᠢ 100%᠎ ᠳᠤ ᠬᠦᠷᠦᠭᠦᠯᠦᠨ᠎ᠡ᠃ ᠤᠰᠤ ᠠᠷᠪᠢᠯᠠᠬᠤ ᠮᠡᠷᠭᠡᠵᠢᠯ᠂ ᠤᠷ᠎ᠠ ᠮᠡᠷᠭᠡᠰᠢᠯ᠂ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠤᠰᠤ ᠶᠢ ᠡᠷᠭᠢᠯᠳᠦᠭᠦᠯᠦᠨ ᠬᠡᠷᠡᠭᠯᠡᠬᠦ᠂ ᠨᠢᠭᠡ ᠤᠰᠤ ᠶᠢ ᠣᠯᠠᠨ ᠬᠡᠷᠡᠭᠯᠡᠬᠦ᠂ ᠳᠠᠪᠬᠤᠷᠳᠠᠭᠤᠯᠤᠨ ᠠᠰᠢᠭᠯᠠᠬᠤ ᠪᠠ ᠪᠣᠬᠢᠷ ᠤᠰᠤ ᠶᠢ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠶᠢ ᠰᠠᠨᠠᠭᠠᠴᠢᠯᠠᠵᠤ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 1 ᠪᠠᠶᠢᠭᠤᠯᠵᠤ᠂ ᠰᠢᠢᠳᠪᠦᠷᠢᠯᠡᠬᠦ ᠬᠡᠪᠴᠢᠶ᠎ᠡ ᠨᠢ ᠡᠳᠦᠷ ᠪᠦᠷᠢ 2000 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠰᠢᠢᠳᠪᠦᠷᠢᠯᠡᠬᠦ ᠪᠠᠷᠢᠮᠵᠢᠶ᠎ᠠ ᠨᠢ ᠨᠢᠭᠡᠳᠦᠭᠡᠷ ᠲᠠᠰ ᠤᠨ A ᠪᠣᠯᠤᠨ᠎ᠠ᠃ 2022 ᠣᠨ ᠤ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ 0.0139 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠬᠥᠮᠥᠨ ᠤ ᠬᠦᠴᠦᠨ ᠤ ᠠᠮᠢ ᠠᠬᠤᠢ ᠶᠢᠨ ᠣᠷᠴᠢᠨ ᠲᠣᠭᠤᠷᠢᠨ ᠤ ᠨᠥᠬᠦᠪᠦᠷᠢᠯᠡᠬᠦ ᠤᠰᠤᠨ ᠤ ᠬᠡᠮᠵᠢᠶ᠎ᠡ 0.0040 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠣᠨ᠎ᠠ᠃  ᠳᠥᠷᠪᠡ ᠳᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠮᠠᠨ ᠤ ᠬᠤᠰᠢᠭᠤ ᠨᠢᠭᠡᠨᠲᠡ ᠨᠢᠭᠡ ᠲᠥᠪᠯᠡᠷᠡᠭᠦᠯᠦᠨ ᠤᠰᠤ ᠬᠠᠩᠭᠠᠬᠤ ᠤᠰᠤᠨ ᠰᠤᠷᠪᠤᠯᠵᠢ ᠶᠢᠨ ᠭᠠᠵᠠᠷ ᠢ ᠪᠠᠶᠢᠭᠤᠯᠵᠤ᠂ ᠮᠠᠨᠳᠤᠯ ᠪᠠᠯᠭᠠᠰᠤᠨ ᠤ ᠰᠠᠷᠠᠭᠤᠯᠲᠠᠯ᠎ᠠ ᠭᠠᠴᠠᠭ᠎ᠠ ᠳᠤ ᠪᠠᠶᠢᠷᠢᠯᠠᠵᠤ᠂ ᠣᠲᠣ 12 ᠤᠰᠤᠨ ᠰᠤᠷᠪᠤᠯᠵᠢ ᠶᠢᠨ ᠬᠤᠳᠳᠤᠭ ᠲᠠᠢ᠂ ᠲᠥᠯᠥᠪᠯᠡᠭᠰᠡᠨ ᠤᠰᠤ ᠬᠠᠩᠭᠠᠬᠤ ᠴᠢᠳᠠᠪᠤᠷᠢ ᠨᠢ 9600 ᠪᠣᠰᠤᠭ᠎ᠠ ᠳᠥᠷᠪᠡᠯᠵᠢᠨ ᠮᠧᠲᠷ / ᠡᠳᠦᠷ᠂ ᠤᠰᠤ ᠬᠠᠩᠭᠠᠬᠤ ᠤᠰᠤᠨ ᠤ ᠴᠢᠨᠠᠷ ᠨᠢ ᠤᠯᠤᠰ ᠤᠨ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾᠎ ᠳᠤ ᠨᠡᠶᠢᠴᠡᠵᠦ᠂ ᠤᠰᠤᠨ ᠰᠤᠷᠪᠤᠯᠵᠢ ᠶᠢᠨ ᠤᠰᠤ ᠳᠠᠮᠵᠢᠭᠤᠯᠬᠤ ᠬᠤᠭᠤᠯᠠᠶ ᠶᠢᠨ ᠲᠣᠤᠷ 29 ᠺᠢᠯᠤᠮᠧᠲᠷ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ 33.1 ᠺᠢᠯᠤᠮᠧᠲᠷ ᠬᠦᠷᠴᠡᠶ᠃  2022 ᠣᠨ ᠤ ᠡᠴᠦᠰ ᠪᠣᠯᠲᠠᠯ᠎ᠠ᠂ ᠡᠯ᠎ᠡ ᠲᠥᠷᠥᠯ ᠤᠨ ᠤᠰᠤ ᠬᠠᠩᠭᠠᠬᠤ ᠬᠤᠳᠳᠤᠭ ᠢ 5527 ᠪᠠᠶᠢᠭᠤᠯᠵᠤ᠂ ᠡᠭᠦᠨ ᠳᠤ ᠮᠠᠰᠢᠨ ᠴᠠᠬᠢᠯᠭᠠᠨ ᠬᠤᠳᠳᠤᠭ 2381᠂ ᠬᠥᠮᠦᠨ ᠤ ᠬᠦᠴᠦᠨ ᠤ ᠬᠤᠳᠳᠤᠭ 3146 ᠪᠣᠶ᠃ 2022 ᠣᠨ ᠤ ᠪᠥᠬᠦ ᠵᠢᠯ ᠤᠨ ᠤᠰᠤ ᠬᠠᠩᠭᠠᠬᠤ ᠬᠡᠮᠵᠢᠶ᠎ᠡ 132 ᠲᠦᠮᠡᠨ ᠲᠣᠨ ᠪᠠᠶᠢᠵᠤ᠂ ᠲᠥᠪᠯᠡᠷᠡᠭᠦᠯᠦᠨ ᠤᠰᠤ ᠬᠠᠩᠭᠠᠬᠤ ᠨᠣᠷᠮ᠎ᠠ 96%᠎ ᠳᠤ ᠬᠥᠷᠪᠡ᠃  ᠤᠰᠤ ᠪᠣᠯ ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ ᠰᠠᠭᠤᠷᠢ ᠮᠥᠨ᠃ ᠤᠰᠤ ᠠᠷᠪᠢᠯᠠᠬᠤ ᠠᠵᠢᠯ ᠳᠠᠭᠤᠰᠬᠤ ᠴᠠᠭ ᠦᠭᠡᠶ᠂ ᠬᠢᠬᠦ ᠦᠭᠡᠢ ᠴᠠᠭ ᠭᠡᠵᠦ ᠪᠠᠶᠢᠬᠤ ᠦᠭᠡᠶ᠃  ᠰᠥᠨᠢᠳ ᠵᠡᠭᠦᠨ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠦᠢᠯᠡᠳᠦᠯᠭᠡᠵᠢᠭᠦᠯᠵᠦ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠤᠰᠤ ᠪᠠᠷ ᠬᠡᠷᠡᠭᠴᠡᠭᠡ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠢᠬᠦ᠂ ᠤᠰᠤᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ᠤᠤᠭᠤᠬᠤ ᠤᠰᠤᠨ ᠤ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号