ᠰᠤᠷᠪᠤᠯᠵᠢᠯᠠᠭᠴᠢ ᠲᠥᠪ ᠤᠨ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠨᠢ᠄ ᠬᠦᠢᠲᠡᠨ ᠤᠷᠤᠰᠬᠠᠯ | ᠪᠠ ᠲᠠᠷᠠᠭᠠᠴᠢ ᠶᠢᠨ ᠬᠦᠢᠲᠡᠨ ᠠᠭᠠᠷ ᠤᠨ ᠨᠥᠯᠥᠭᠡ ᠠᠴᠠ ᠪᠣᠯᠵᠣ᠂ ᠢᠷᠡᠬᠦ ᠨᠢᠭᠡ ᠭᠠᠷᠠᠭ ᠲᠤ ᠮᠠᠨ ᠤ ᠤᠯᠤᠰ ᠤᠨ | ᠶᠡᠬᠡᠩᠬᠢ ᠭᠠᠵᠠᠷ ᠤᠨ ᠠᠭᠠᠷ ᠤᠨ ᠳᠤᠯᠠᠭᠠᠨ ᠦᠷᠭᠦᠯᠵᠢᠯᠡᠨ ᠳᠤᠤᠷ᠎ᠠ ᠪᠣᠯᠤᠨ᠎ᠠ᠃ 12 ᠤᠨ ᠡᠳᠦᠷ ᠤᠨ ᠰᠥᠨᠢ ᠠᠴᠠ | 16 ᠤ ᠡᠳᠦᠷ ᠪᠣᠯᠲᠠᠯ᠎ᠠ ᠮᠠᠨ ᠤ ᠤᠯᠤᠰ ᠤᠨ ᠶᠡᠬᠡᠩᠬᠢ ᠭᠠᠵᠠᠷ ᠲᠤ ᠶᠡᠭᠡ ᠰᠠᠯᠬᠢ ᠰᠠᠯᠬᠢᠯᠠᠵᠤ ᠬᠦᠢᠲᠡᠷᠡᠪᠡ᠃ | ᠣᠳᠣᠬᠠᠨ ᠳᠤ᠂ ᠬᠡᠳᠦ᠋ᠢᠪᠡᠷ ᠬᠦᠴᠦᠲᠡᠶ ᠬᠦᠢᠲᠡᠨ ᠤᠷᠤᠰᠬᠠᠯ ᠤᠨ ᠶᠠᠪᠤᠴᠠ ᠨᠢᠭᠡᠨᠲᠡ ᠳᠠᠭᠤᠰᠤᠭᠰᠠᠨ ᠪᠣᠯᠪᠠᠴᠤ | ᠮᠠᠨ ᠤ ᠤᠯᠤᠰ ᠤᠨ ᠶᠡᠬᠡᠩᠬᠢ ᠬᠡᠰᠡᠭ ᠨᠢ ᠮᠥᠨ ᠯᠡ ᠬᠦᠴᠦᠷᠬᠡᠭ ᠶᠡᠭᠡ ᠬᠦᠢᠲᠡᠨ ᠥᠨᠳᠥᠷ ᠳᠠᠷᠤᠯᠲᠠᠲᠤ ᠭᠤᠤᠯ | ᠴᠣᠭᠴᠠ ᠳᠤ ᠡᠵᠡᠮᠰᠢᠭᠳᠡᠵᠦ ᠪᠠᠶᠢᠨ᠎ᠠ᠂ 18 ᠤ ᠡᠳᠦᠷ ᠠᠴᠠ 20 ᠤ ᠡᠳᠦᠷ ᠪᠣᠯᠲᠠᠯ᠎ᠠ ᠪᠠᠰᠠ ᠨᠢᠭᠡ ᠪᠦᠯᠦᠭ | ᠨᠡᠯᠢᠶᠡᠳ ᠴᠢᠩᠭ᠎ᠠ ᠬᠦᠢᠲᠡᠨ ᠠᠭᠠᠷ ᠬᠤᠶᠢᠨ᠎ᠠ ᠠᠴᠠ ᠡᠮᠦᠨᠡᠰᠢ ᠮᠠᠨ ᠤ ᠤᠯᠤᠰ ᠤᠨ ᠳᠤᠮᠳᠠ ᠵᠡᠭᠦᠨ ᠬᠡᠰᠡᠭ ᠤᠨ | ᠭᠠᠵᠠᠷ ᠣᠷᠣᠨ ᠢ ᠨᠥᠯᠥᠭᠡᠯᠡᠬᠦ ᠪᠣᠯᠤᠨ᠎ᠠ᠃ | 17 ᠤ ᠡᠳᠦᠷ᠂ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ | ᠵᠥᠪᠯᠡᠯ ᠮᠡᠳᠡᠭᠳᠡᠯ ᠪᠠᠭᠤᠯᠭᠠᠵᠤ᠂ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ | ᠠᠷᠭᠠᠴᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠡᠯ᠎ᠡ ᠲᠥᠷᠥᠯ ᠤᠨ ᠭᠡᠨᠡᠳᠲᠡ | ᠡᠭᠦᠰᠦᠭᠰᠡᠨ ᠠᠶᠤᠯ ᠲᠦᠭᠰᠢᠭᠦᠷᠢ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠵᠠᠢ᠃ ᠱᠠᠨ ᠰᠢ ᠶᠢᠨ ᠬᠦᠢᠲᠡᠨ ᠤᠷᠤᠰᠬᠠᠯ᠂ ᠪᠣᠷᠣᠭᠠᠨ ᠴᠠᠰᠤ ᠮᠥᠰᠥᠲᠦᠯ ᠤᠨ ᠭᠠᠮᠰᠢᠭ ᠠᠴᠠ | ᠠᠪᠤᠷᠠᠬᠤ ᠠᠵᠢᠯ ᠢ ᠰᠠᠶᠢᠲᠤᠷ ᠬᠢᠬᠦ ᠶᠢ ᠳᠡᠮᠵᠢᠬᠦ ᠶᠢᠨ ᠲᠥᠯᠥᠭᠡ᠂ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠠᠵᠢᠯᠯᠠᠬᠤ ᠳᠤᠭᠤᠶᠢᠯᠠᠩ ᠲᠣᠮᠢᠯᠠᠨ ᠱᠠᠨ ᠰᠢ ᠮᠤᠵᠢ ᠶᠢᠨ ᠶᠤᠸᠠᠨ ᠴᠢᠦᠶ ᠰᠢᠶᠠᠨ ᠳᠤ | ᠭᠦᠨᠵᠡᠭᠡᠶᠢᠷᠡᠨ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠪᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠤᠯᠤᠰ ᠤᠨ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠲᠠᠢ | ᠬᠠᠮᠲᠤᠷᠠᠨ ᠱᠠᠨ ᠰᠢ ᠳᠤ 1 ᠲᠦᠮᠡᠨ ᠵᠠᠬ᠎ᠠ ᠬᠥᠪᠥᠩ ᠳᠠᠬᠤ᠂ 1 ᠲᠦᠮᠡᠨ ᠬᠥᠪᠥᠩ ᠬᠥᠨᠵᠢᠯᠡ ᠵᠡᠷᠭᠡ ᠲᠥᠪ ᠤᠨ | ᠭᠠᠮᠰᠢᠭ ᠠᠴᠠ ᠠᠪᠤᠷᠠᠬᠤ ᠡᠳ᠋ ᠪᠣᠳᠠᠰ ᠵᠢᠴᠢ 5000 ᠢᠵᠢ ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠭᠡᠷᠡᠯᠲᠦᠭᠦᠯᠭᠡ ᠶᠢᠨ ᠲᠥᠬᠦᠭᠡᠷᠦᠮᠵᠢ ᠶᠢ ᠪᠠᠴᠢᠮ ᠲᠤᠬᠢᠷᠠᠭᠤᠯᠵᠦ᠂ 17 ᠤ ᠡᠳᠦᠷ ᠪᠦᠬᠦᠨ ᠢ ᠶᠤᠸᠠᠨ ᠴᠢᠦᠢ᠂ ᠸᠧᠨ | ᠰᠢ᠂ ᠴᠠᠩ ᡁᠢ ᠵᠡᠷᠭᠡ ᠭᠠᠮᠰᠢᠭᠳᠠᠭᠰᠠᠨ ᠣᠷᠣᠨ ᠳᠤ ᠬᠦᠷᠭᠡᠪᠡ᠃ | ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠨᠢ᠄ 17 ᠤ ᠡᠳᠦᠷ᠂ ᠬᠠᠲᠤᠨ | ᠭᠤᠤᠯ ᠤᠨ ᠳᠤᠤᠷᠠᠳᠤ ᠤᠷᠤᠰᠬᠠᠯ ᠤᠨ ᠲᠤᠤ ᠴᠧᠩ ᠫᠦ᠋ ᠶᠢᠨ ᠡᠵᠡᠮᠳᠡᠨ ᠵᠢᠯᠣᠭᠤᠳᠬᠤ ᠢᠨᠵᠧᠨᠧᠷᠢᠩ ︵ | ᠱᠠᠨᠳᠦ᠋ᠩ ᠤᠨ ᠯᠢᠶᠣᠤ ᠴᠧᠩ ᠶᠠᠩ ᠬᠥ᠋︶ ᠠᠴᠠ ᠳᠣᠭᠤᠭᠰᠢᠬᠢ ᠭᠤᠤᠯ ᠤᠨ ᠬᠡᠰᠡᠭ ᠤᠨ ᠪᠥᠬᠦ ᠱᠤᠭᠤᠮ ᠤᠨ | ᠬᠠᠯᠢᠶ᠎ᠠ᠂ ᠬᠠᠲᠤᠨ ᠭᠤᠤᠯ ᠤᠨ ᠳᠡᠭᠡᠳᠦ ᠤᠷᠤᠰᠬᠠᠯ ᠤᠨ ᠥᠪᠥᠷ ᠮᠣᠩᠭᠤᠯ ᠤᠨ ᠭᠤᠤᠯ ᠤᠨ ᠬᠡᠰᠡᠭ ᠤᠨ | ᠪᠢᠲᠡᠭᠦᠮᠵᠢᠯᠡᠯ ᠦᠷᠭᠦᠯᠵᠢᠯᠡᠨ ᠬᠥᠭᠵᠢᠪᠡ᠃ ᠤᠰᠤᠨ ᠠᠰᠢᠭᠯᠠᠯᠲᠠ ᠶᠢᠨ ᠶᠠᠮᠤᠨ ᠠᠵᠢᠯᠯᠠᠬᠤ ᠳᠤᠭᠤᠶᠢᠯᠠᠩ ᠲᠣᠮᠢᠯᠠᠨ | ᠬᠠᠳᠤᠨ ᠭᠤᠤᠯ ᠤᠨ ᠱᠠᠨᠳᠦ᠋ᠩ ᠭᠤᠤᠯ ᠤᠨ ᠬᠡᠰᠡᠭ ᠲᠤ ᠣᠴᠢᠭᠤᠯᠵᠤ ᠣᠷᠣᠨ ᠨᠤᠲᠤᠭ ᠤᠨ ᠬᠠᠮᠢᠶ᠎ᠠ ᠪᠦᠬᠦᠢ | ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠱᠠᠯᠠᠪᠳᠠᠭᠤᠯᠪᠠ᠃ | ᠲᠢᠶᠠᠨᠵᠢᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︽ᠬᠤᠲᠠ ᠲᠣᠭᠤᠷᠢᠭ ᠵᠡᠭᠡᠯᠢ ︵ᠰᠢᠶᠠᠩ | ᠪᠠᠯᠭᠠᠰᠤ︶ ᠲᠣᠰᠬᠤᠨ ︵ᠰᠠᠭᠤᠭᠠᠯᠢ︶ ᠤ ᠵᠥᠪᠯᠡᠯ︾ ᠳᠥᠷᠪᠡᠨ ᠱᠠᠲᠤᠨ ᠤ ᠠᠪᠤᠷᠠᠨ ᠲᠤᠰᠠᠯᠠᠬᠤ ᠰᠦᠯᠵᠢᠶ᠎ᠡ ᠶᠢ | ᠡᠬᠢᠯᠡᠭᠦᠯᠵᠦ᠂ ᠲᠦᠷᠭᠡᠨ ᠠᠪᠤᠷᠠᠨ ᠲᠤᠰᠠᠯᠠᠬᠤ ᠠᠷᠭ᠎ᠠ ᠵᠠᠮ ᠢ ᠰᠢᠯᠤᠭᠤᠳᠬᠠᠪᠠ᠃ ᠲᠢᠶᠠᠨᠵᠢᠨ ᠤ ᠬᠤᠳᠠᠯᠳᠤᠭᠠᠨ ᠤ | ᠶᠠᠪᠤᠳᠠᠯ ᠤᠨ ᠰᠠᠯᠠᠭ᠎ᠠ ᠮᠥᠴᠢᠷ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠴᠢᠮ ᠪᠠᠶᠢᠳᠠᠯ ᠢ | ᠠᠷᠭᠠᠴᠠᠬᠤ ᠡᠳᠦᠷ ᠤᠨ ᠬᠢᠨᠠᠨ ᠬᠡᠮᠵᠢᠬᠦ ᠲᠣᠭᠲᠠᠴᠠ ᠶᠢ ᠡᠬᠢᠯᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠨᠢ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠵᠡᠷᠭᠡ 5 ᠠᠶᠢᠮᠠᠭ ᠬᠤᠲᠠ ᠳᠤ | ᠬᠦᠢᠲᠡᠨ ᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ 4.05 ᠲᠦᠮᠡᠨ ᠬᠤᠪᠢ ᠤᠨ ᠪᠠᠷᠠᠭ᠎ᠠ ᠶᠢ ᠤᠷᠢᠳᠴᠢᠯᠠᠨ | ᠲᠣᠬᠢᠷᠠᠭᠤᠯᠤᠨ᠎ᠠ᠃ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠥᠪᠯᠡᠯ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠤᠯᠪᠣᠭᠠᠯᠠᠨ ᠵᠥᠪᠳᠡᠯᠴᠡᠬᠦ ᠪᠠ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠠᠮ | ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ | ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | |