︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ︾ ᠶᠢ ᠬᠢᠨᠠᠮᠠᠭᠠᠶ | ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠤᠰᠤ | ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ᠎ᠠ᠂ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ | ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠂ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠠᠴᠠ ᠪᠣᠯᠤᠭᠰᠠᠨ ᠤᠰᠤ ᠰᠢᠷᠣᠢ ᠶᠢᠨ ᠵᠣᠷᠢᠭᠤᠳᠠ | ᠢᠳᠡᠭᠳᠡᠯ ᠢ ᠴᠢᠩᠭ᠎ᠠ ᠬᠢᠵᠠᠭᠠᠷᠯᠠᠨ᠎ᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠰᠢᠮᠳᠠᠭᠤᠯᠵᠤ | ᠪᠠᠶᠢᠭᠠᠳ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠭᠦᠢᠴᠡᠳᠭᠡᠯᠭᠡᠬᠦ ᠬᠡᠷᠡᠭᠲᠡᠶ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠳᠤ ᠬᠢᠨᠠᠯᠲᠠ | ᠲᠠᠯᠪᠢᠵᠤ ᠬᠠᠮᠢᠶᠠᠷᠬᠤ ᠠᠷᠭ᠎ᠠ ︵ᠰᠠᠨᠠᠯ ᠬᠤᠷᠢᠶᠠᠬᠤ ᠨᠤᠤᠷᠠᠭ︶︾ ᠶᠢ ᠲᠤᠭᠤᠷᠪᠢᠪᠠ᠂ ᠣᠳᠣ ᠨᠡᠶᠢᠭᠡᠮ ᠠᠴᠠ ᠰᠠᠨᠠᠯ | ᠬᠤᠷᠢᠶᠠᠵᠤ ᠪᠠᠶᠢᠨ᠎ᠠ᠃ | ᠤᠲᠠᠰᠤ᠂ ᠢᠮᠧᠯ ᠵᠡᠷᠭᠡ ᠠᠷᠭ᠎ᠠ ᠮᠠᠶ᠋ᠢᠭ ᠢᠶᠠᠷ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ | ᠪᠠᠶᠢᠨ᠎ᠠ᠃ ᠢᠯᠡ ᠪᠠᠷ ᠰᠠᠨᠠᠯ ᠬᠤᠷᠢᠶᠠᠬᠤ ᠴᠠᠭ ᠨᠢ 2024 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ | ᠦᠷᠭᠦᠯᠵᠢᠯᠡᠨ᠎ᠡ᠃ | | ᠰᠢᠤᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠰᠠᠶᠢᠬᠠᠨ ᠲᠣᠭᠤᠷᠢᠭ ᠤᠨ ᠬᠥᠯᠥᠨ ᠪᠤᠶᠢᠷ ᠡᠮᠦᠨ᠎ᠡ ᠵᠠᠮ ᠤᠨ 119 ᠳ᠋ᠦ᠋ᠭᠡᠷ ᠲᠣᠭᠠᠲᠤ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤ ᠬᠠᠮᠠᠭᠠᠯᠠᠬᠤ ᠭᠠᠵᠠᠷ︶ | ᠬᠠᠷᠢᠯᠴᠠᠬᠤ ᠬᠥᠮᠦᠨ᠄ ᠶᠠᠨ ᠵᠧ | ᠰᠢᠦᠳᠠᠨ ᠳ᠋ᠤᠭᠠᠷ᠄ 010020 | ᠤᠲᠠᠰᠤ᠄ 0471 – 5259976 | ᠢᠮᠧᠯ᠄ nmsbcli@163.com | | ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ | ᠠᠷᠭ᠎ᠠ ︵ᠰᠠᠨᠠᠯ ᠬᠤᠷᠢᠶᠠᠬᠤ ᠨᠤᠤᠷᠠᠭ︶︾ | | 2023 ᠣᠨ ᠤ 12 ᠳ᠋ᠤᠭᠠᠷ ᠰᠠᠷ᠎ᠠ ᠶᠢᠨ 8 ᠤ ᠡᠳᠦᠷ | | |