ᠡᠪᠦᠯ ᠤᠨ ᠤᠯᠠᠷᠢᠯ ᠳᠤ ᠬᠠᠬᠢᠷ ᠬᠦᠢᠲᠡᠨ ᠪᠠᠶᠢᠭᠰᠠᠨ ᠴᠤ᠂ ᠮᠥᠰᠥ ᠴᠠᠰᠤᠨ ᠤ ᠦᠪᠡᠳᠡᠭᠰᠢ ᠴᠤᠭᠯᠠᠭᠠᠨ ᠤ | ᠬᠠᠯᠠᠭᠤᠨ ᠰᠡᠳᠭᠢᠯᠭᠡ ᠤᠷᠭᠢᠯᠤᠮ᠎ᠠ ᠬᠠᠯᠠᠭᠤᠨ ᠰᠡᠳᠭᠢᠯᠭᠡ ᠪᠢᠯᠬᠠᠨ᠎ᠠ︕ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠰᠡᠳᠬᠢᠯᠭᠡ | ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠡᠷᠡᠭᠦᠯ ᠴᠣᠪᠣᠭᠤᠯᠢᠭ᠂ ᠢᠳᠡᠪᠬᠢᠲᠡᠶ ᠥᠭᠡᠳᠡᠯᠡᠨ ᠳᠠᠪᠰᠢᠬᠤ ᠠᠵᠢᠯ | ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 30 ᠤ ᠡᠳᠦᠷ᠂ ᠬᠠᠲᠤᠨ ᠭᠤᠤᠯ | ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠤᠨ ᠮᠥᠰᠥ | ᠴᠠᠰᠤᠨ ᠤ ᠲᠠᠮᠢᠷ ᠤᠨ ᠴᠤᠭᠯᠠᠭᠠᠨ ᠢ ᠰᠠᠨ ᠱᠧᠩ ᠬᠥᠩ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠳᠤ | ᠦᠷᠨᠢᠭᠦᠯᠵᠤ᠂ ᠺᠠᠳ᠋ᠷ ᠠᠵᠢᠯᠲᠠᠨ ᠠᠵᠢᠯᠴᠢᠨ 170 ᠭᠠᠷᠤᠶ ᠬᠥᠮᠦᠨ ᠣᠷᠣᠯᠴᠠᠪᠠ᠃ | | | | | | ᠬᠥᠳᠡᠯᠭᠡᠭᠡᠨ ᠨᠢ ᠴᠠᠰᠤᠨ ᠳᠡᠭᠡᠷᠡᠬᠢ ᠳᠡᠭᠡᠰᠦ ᠲᠠᠲᠠᠬᠤ ᠪᠠᠷ ᠬᠥᠰᠢᠭᠡ ᠪᠠᠨ ᠰᠡᠬᠦᠵᠦ᠂ ᠴᠠᠰᠤᠨ ᠳᠡᠭᠡᠷᠡᠬᠢ | ᠯᠤᠤᠲᠤ ᠣᠩᠭᠤᠴᠠ᠂ ᠴᠠᠰᠤᠨ ᠪᠥᠮᠪᠦᠭᠡ᠂ ᠮᠥᠰᠥᠨ ᠲᠡᠷᠭᠡᠨ ᠤ ᠪᠤᠤᠬᠢᠶ᠎ᠠ᠂ ᠬᠤᠷᠬᠢᠷᠠᠬᠤ ᠴᠠᠭᠠᠷᠢᠭ ᠤᠨ | ᠳᠠᠮᠵᠢᠯᠭ᠎ᠠ ᠁ ᠪᠡᠶ᠎ᠡ ᠴᠢᠭᠢᠷᠠᠭᠵᠢᠭᠤᠯᠬᠤ ᠴᠢᠨᠠᠷ᠂ ᠰᠣᠨᠢᠷᠬᠠᠯᠲᠤ ᠴᠢᠨᠠᠷ ᠪᠠ ᠣᠷᠣᠯᠴᠠᠬᠤ ᠴᠢᠨᠠᠷ ᠢ | ᠨᠢᠭᠡᠳᠭᠡᠭᠰᠡᠨ ᠲᠣᠭᠯᠠᠭᠠᠮ ᠤᠨ ᠤᠷᠤᠯᠳᠤᠭᠠᠨ ᠤ ᠲᠥᠷᠥᠯ ᠵᠦᠢᠯ ᠪᠠᠶᠢᠵᠤ᠂ ᠣᠨᠳᠣᠣ ᠶᠠᠩᠵᠤ ᠶᠢᠨ ᠲᠠᠮᠢᠷ ᠤᠨ | ᠬᠥᠳᠡᠯᠭᠡᠭᠡᠨ ᠤ ᠬᠡᠯᠪᠡᠷᠢ ᠪᠠᠷ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠰᠣᠨᠢᠷᠬᠠᠯ ᠪᠠ ᠪᠠᠶᠠᠷ ᠪᠠᠶᠠᠰᠤᠯ ᠢ | ᠣᠯᠠᠨ ᠳᠤ ᠬᠠᠨᠲᠠᠯ᠎ᠠ ᠡᠳ᠋ᠯᠡᠭᠦᠯᠵᠦ᠂ ᠤᠷᠤᠯᠳᠤᠭᠠᠨ ᠳᠤ ᠣᠷᠣᠯᠴᠠᠭᠰᠠᠨ ︽ᠲᠠᠮᠢᠷᠴᠢᠳ︾ ᠨᠢᠭᠡ ᠨᠢᠭᠡ ᠪᠠᠷ ᠢᠶᠠᠨ | ᠬᠤᠷᠴᠠ ᠱᠠᠯᠠᠮᠠᠭᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠦ᠂ ᠲᠡᠷᠢᠭᠦᠨ ᠳᠤ ᠣᠷᠣᠬᠤ ᠪᠠᠷ ᠮᠡᠷᠡᠶᠢᠨ | ᠴᠢᠷᠮᠠᠶᠢᠵᠠᠭᠠᠨ᠎ᠠ︕ ᠤᠷᠤᠯᠳᠤᠭᠠᠨ ᠤ ᠲᠤᠬᠠᠶ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ ᠤᠷᠤᠯᠳᠤᠭᠠᠨ ᠤ | ᠣᠷᠭᠢᠯ ᠤᠨ ᠥᠷᠨᠢᠯᠲᠡ ᠵᠠᠯᠭᠠᠭ᠎ᠠ ᠪᠠᠷ ᠭᠠᠷᠴᠤ᠂ ᠤᠷᠤᠯᠳᠤᠭᠠᠨ ᠳᠤ ᠣᠷᠤᠯᠴᠠᠭᠰᠠᠳ ᠡᠷᠡᠯᠬᠡᠭᠯᠡᠨ ᠲᠡᠮᠡᠴᠡᠵᠦ | ᠵᠤᠷᠢᠭᠲᠠᠢ ᠪᠠᠷ ᠢᠯᠡᠬᠤ᠂ ᠪᠦᠯᠬᠦᠮᠳᠡᠨ ᠲᠡᠮᠡᠴᠡᠬᠦ᠂ ᠦᠪᠡᠷ ᠢ ᠪᠠᠨ ᠳᠠᠪᠠᠭ᠋ᠤ᠂ ᠥᠨᠳᠥᠷ ᠣᠷᠭᠢᠯ ᠳᠤ ᠵᠤᠷᠢᠭᠲᠠᠢ ᠪᠠᠷ | ᠠᠪᠠᠷᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠤᠯᠳᠤᠭᠠᠨ ᠤ ᠲᠠᠯᠠᠪᠤᠷ ᠲᠤ ᠥᠨᠳᠥᠷ ᠬᠢᠷᠢ ᠲᠦᠪᠰᠢᠨ ᠲᠠᠢ᠂ | ᠵᠢᠩᠬᠢᠨᠢ ᠨᠥᠬᠦᠷᠯᠡᠯ ᠲᠠᠢ᠂ ᠰᠢᠨ᠎ᠡ ᠳᠦᠷᠰᠦ ᠪᠠᠶᠢᠳᠠᠯ ᠲᠠᠢ ᠪᠤᠯᠵᠠᠢ᠃ | ᠳᠡᠭᠡᠰᠦ ᠲᠠᠲᠠᠬᠤ ᠤᠷᠤᠯᠳᠤᠭᠠᠨ | | | | | | ᠴᠠᠰᠤᠨ ᠳᠡᠭᠡᠷᠡᠬᠢ ᠯᠤᠤᠲᠤ ᠣᠩᠭᠤᠴᠠ | | | | | | ᠬᠤᠷᠬᠢᠷᠠᠬᠤ ᠴᠠᠭᠠᠷᠢᠭ ᠤᠨ ᠳᠠᠮᠵᠢᠯᠭ᠎ᠠ | | | | | | ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠺᠠᠳ᠋ᠷ ᠠᠵᠢᠯᠳᠠᠨ ᠠᠵᠢᠯᠴᠢᠨ ᠤ ᠨᠢᠭᠲᠠᠷᠠᠯ ᠤᠨ | ᠬᠦᠴᠦᠨ ᠪᠠ ᠲᠦᠪᠯᠡᠷᠡᠩᠭᠦᠢ ᠬᠦᠴᠦᠨ ᠢ ᠴᠢᠩᠭᠠᠷᠠᠭᠤᠯᠵᠤ᠂ ᠰᠠᠯᠠᠭ᠎ᠠ ᠲᠠᠰᠤᠭ ᠤᠨ ᠬᠤᠭᠤᠷᠣᠨᠳᠣᠬᠢ ᠰᠣᠯᠢᠯᠴᠠᠭ᠎ᠠ | ᠶᠢ ᠨᠡᠮᠡᠭᠳᠡᠭᠦᠯᠵᠦ᠂ ᠺᠠᠳ᠋ᠷ ᠠᠵᠢᠯᠳᠠᠨ ᠠᠵᠢᠯᠴᠢᠨ ᠢ ᠬᠥᠳᠤᠯᠤᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ | ᠠᠮᠢᠳᠤᠷᠠᠯ᠂ ᠪᠠᠶᠠᠷ ᠪᠠᠶᠠᠰᠤᠯ ᠲᠠᠢ ᠠᠵᠢᠯᠯᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠰᠢᠨ᠎ᠡ ᠨᠢᠭᠡᠨ ᠵᠢᠯ ᠳᠤ | ᠡᠷᠡᠭᠦᠯ ᠴᠢᠭᠢᠷᠠᠭ ᠪᠡᠶ᠎ᠡ ᠮᠠᠬᠠᠪᠣᠳ᠂ ᠴᠤᠭ ᠪᠠᠳᠠᠷᠠᠩᠭᠤᠢ ᠤᠶᠤᠨ ᠴᠢᠳᠠᠯ ᠢᠶᠠᠷ ᠠᠵᠢᠯ ᠤᠨ ᠣᠷᠭᠢᠯᠤᠮ᠎ᠠ ᠰᠡᠳᠬᠢᠯᠭᠡ | ᠪᠠᠨ ᠥᠨᠢᠳᠡ ᠬᠠᠳᠠᠭᠠᠯᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠺᠠᠳ᠋ᠷ ᠠᠵᠢᠯᠲᠠᠳ ᠤᠨ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠳᠤ ᠤᠷᠮ᠎ᠠ ᠪᠠᠬ᠎ᠠ ᠶᠢ ᠪᠦᠲᠦᠮᠵᠢᠲᠡᠶ ᠬᠥᠭᠵᠢᠭᠡᠵᠦ᠂ ᠨᠠᠩ ᠣᠯᠠᠨ ᠬᠥᠮᠦᠰ ᠢ ᠢᠳᠡᠪᠬᠢᠲᠡᠶ | ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠮᠥᠰᠥ ᠴᠠᠰᠤᠨ ᠤ ᠮᠡᠳᠡᠯᠭᠡ ᠶᠢ | ᠲᠦᠭᠡᠮᠡᠯᠵᠢᠭᠦᠯᠵᠦ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ | ᠪᠤᠯᠭᠠᠭᠰᠠᠨ ᠪᠠᠶᠢᠨ᠎ᠠ᠃ | ᠴᠠᠰᠤᠨ ᠪᠥᠮᠪᠦᠭᠡ | | | | | | ᠮᠥᠰᠥᠨ ᠲᠡᠷᠭᠡᠨ ᠤ ᠪᠤᠤᠬᠢᠶ᠎ᠠ | | | | | | ᠲᠠᠷᠠᠭᠠᠴᠢ ᠶᠢᠨ ᠠᠯᠬᠤᠮ ᠳᠤ᠂ ᠬᠠᠮᠢᠶᠠᠷᠤᠯᠲᠠ ᠶᠢᠨ ᠲᠥᠪ ᠦᠷᠭᠦᠯᠵᠢᠯᠡᠨ ᠰᠢᠨ᠎ᠡ ᠶᠢ ᠡᠭᠦᠳᠦᠨ ᠡᠷᠡᠯᠬᠡᠭᠯᠡᠨ | ᠤᠷᠤᠭᠰᠢᠯᠠᠵᠤ᠂ ᠠᠵᠢᠯᠳᠠᠨ ᠠᠵᠢᠯᠴᠢᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠨᠢᠭᠦᠯᠦᠨ᠂ ᠠᠵᠢᠯᠳᠠᠨ ᠠᠵᠢᠯᠴᠢᠨ ᠤ ᠰᠣᠯᠢᠯᠴᠠᠭ᠎ᠠ ᠶᠢ ᠨᠡᠮᠡᠭᠳᠡᠭᠦᠯᠵᠦ᠂ ᠠᠵᠢᠯᠳᠠᠨ ᠠᠵᠢᠯᠴᠢᠨ | ᠤ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠠᠬᠢᠭᠤᠯᠤᠨ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠬᠡᠬᠦᠳᠡᠭ | ᠳᠦᠭᠦᠷᠡᠩ ᠵᠣᠷᠢᠭ ᠰᠠᠨᠠᠭ᠎ᠠ᠂ ᠴᠢᠷᠮᠠᠶᠢᠨ ᠲᠡᠮᠡᠴᠡᠬᠦ ᠰᠥᠰᠥ ᠵᠣᠷᠢᠭ ᠢᠶᠠᠷ ᠠᠵᠢᠯ ᠬᠢᠵᠦ ᠦᠢᠯᠡᠰ ᠪᠤᠰᠬᠠᠬᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠣᠳᠠᠲᠠᠢ ᠠᠵᠢᠯ ᠤᠨ ᠳᠤᠮᠳᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ | | |