2 ᠳ᠋ᠤᠭᠠᠷ ᠰᠠᠷ᠎ᠠ ᠶᠢᠨ 7 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠥᠬᠡᠬᠤᠲᠠ ᠳᠤ ᠪᠦᠬᠦ ᠣᠷᠣᠨ ᠤ ᠲᠠᠷᠢᠶᠠᠨ | ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠨᠢᠭᠡᠳᠦᠭᠡᠷ ᠱᠠᠲᠤ ᠦᠶ᠎ᠡ ᠶᠢᠨ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ ᠬᠤᠷᠠᠯ ᠬᠤᠷᠠᠯᠳᠤᠭᠤᠯᠵᠤ᠂ ᠡᠬᠢᠨ ᠤ ᠬᠤᠭᠤᠴᠠᠭᠠᠨ ᠤ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠲᠣᠭᠤᠷᠢᠭ︶ ᠤ ᠲᠥᠯᠥᠪᠵᠢᠭᠦᠯᠭᠡ ᠶᠢᠨ ᠰᠠᠭᠤᠷᠢ ᠲᠤᠭ᠎ᠠ ᠶᠢ ᠲᠠᠭᠯᠠᠨ ᠮᠡᠳᠡᠭᠦᠯᠦᠭᠰᠡᠨ | ᠰᠠᠭᠤᠷᠢᠨ ᠳᠡᠭᠡᠷ᠎ᠡ᠂ ᠲᠤᠬᠠᠶ ᠶᠢᠨ ᠲᠠᠯᠠᠪᠠᠶ ᠳᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ | ᠲᠠᠭᠯᠠᠨ ᠮᠡᠳᠡᠭᠦᠯᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠡᠢ᠃ | | | | | | 2022 ᠣᠨ ᠤ 10 ᠳ᠋ᠤᠭᠠᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠬᠠᠮᠲᠤᠷᠠᠨ ᠪᠥᠬᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠬᠠᠮᠲᠤᠷᠠᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠪᠥᠬᠦ ᠣᠷᠣᠨ ᠤ ᠲᠠᠷᠢᠶᠠᠨ ᠭᠠᠵᠠᠷ | ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠥᠯᠭᠢᠨ | ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠢ ᠡᠭᠦᠷᠭᠡᠯᠡᠨ᠂ ᠲᠥᠪ ᠤᠨ ᠬᠤᠯᠪᠣᠭᠳᠠᠯ ᠪᠦᠬᠦᠢ | ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶᠡᠴᠢᠯᠡᠨ ᠪᠠᠶᠢᠷᠢᠯᠠᠭᠤᠯᠤᠨ᠂ ᠲᠠᠷᠢᠶᠠᠯᠠᠬᠤ ᠮᠠᠯᠵᠢᠬᠤ | ᠣᠷᠣᠨ ᠤ ᠤᠰᠤ ᠬᠠᠩᠭᠠᠬᠤ ᠶᠠᠮᠤᠨ ︵ᠤᠰᠤᠯᠠᠬᠤ ᠪᠠ ᠤᠰᠤ ᠵᠠᠯᠠᠬᠤ ᠶᠠᠮᠤᠨ︶ ᠲᠦᠷᠦᠭᠦᠯᠡᠨ᠂ᠥᠪᠥᠷ ᠮᠣᠩᠭᠤᠯ | ᠤᠨ ᠤᠰᠤᠨ ᠠᠰᠢᠭᠯᠠᠯᠲᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ | ᠤᠨ ᠠᠵᠢᠯᠲᠠᠨ ᠬᠠᠮᠵᠢᠯᠴᠠᠭᠰᠠᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠠᠵᠢᠯ ᠤᠨ | ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠣᠳᠠᠲᠠᠶ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠢ | ᠬᠠᠷᠢᠭᠤᠴᠠᠵᠠᠢ᠃ | ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ | ᠲᠤᠰᠠᠳᠠ᠂ ᠲᠤᠰ ᠤᠳᠠᠭᠠᠨ ᠤ ᠬᠤᠷᠠᠯ ᠳᠤ ᠭᠤᠤᠯᠳᠠᠭᠤ ︽ᠬᠤᠰᠢᠭᠤ ᠰᠢᠶᠠᠨ ︵ᠲᠣᠭᠤᠷᠢᠭ︶ ᠳᠡᠭᠡᠭᠰᠢ ᠮᠡᠳᠡᠭᠦᠯᠬᠦ᠂ | ᠠᠶᠢᠮᠠᠭ ᠬᠤᠲᠠ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠳᠠᠬᠢᠨ ᠬᠢᠨᠠᠬᠤ︾ ᠠᠵᠢᠯ ᠤᠨ ᠠᠷᠭ᠎ᠠ | ᠮᠠᠶ᠋ᠢᠭ ᠢ ᠠᠪᠴᠤ᠂ ᠠᠶᠢᠮᠠᠭ ᠬᠤᠲᠠ ᠶᠢᠨ ᠬᠠᠷᠢᠭᠤᠴᠠᠯᠭᠠᠲᠠᠨ ᠠᠴᠠ ᠬᠤᠰᠢᠭᠤ ᠰᠢᠶᠠᠨ︵ᠲᠣᠭᠤᠷᠢᠭ︶ ᠤ ᠲᠠᠭᠯᠠᠨ | ᠮᠡᠳᠡᠭᠦᠯᠦᠭᠰᠡᠨ ᠲᠤᠭ᠎ᠠ ᠪᠠᠷᠢᠮᠲᠠ ᠶᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠬᠠᠮᠤᠭ ᠡᠴᠦᠰ ᠤᠨ | ᠦᠷ᠎ᠡ ᠳ᠋ᠦᠩ ᠢ ᠲᠣᠭᠲᠠᠭᠠᠭᠰᠠᠨ ᠤ ᠳᠠᠷᠠᠭ᠎ᠠ᠂ ᠠᠶᠢᠮᠠᠭ ᠬᠤᠲᠠ ᠪᠠᠷ ᠨᠢᠭᠡᠴᠢ ᠪᠣᠯᠭᠠᠨ ᠥᠪᠡᠷᠲᠡᠭᠡᠨ ᠵᠠᠰᠠᠬᠤ | ᠣᠷᠣᠨ ᠤ ᠲᠥᠷᠥᠯ ᠵᠦᠶᠯ ᠤᠨ ᠳᠤᠭᠤᠶᠢᠯᠠᠩ ᠳᠤ ᠲᠤᠰᠢᠶᠠᠵᠤ ᠳᠠᠬᠢᠨ ᠬᠢᠨᠠᠭᠤᠯᠤᠨ᠎ᠠ᠂ ᠳᠠᠬᠢᠨ ᠬᠢᠨᠠᠬᠤ ᠶᠢ | ᠪᠡᠶᠡᠯᠡᠭᠦᠯᠦᠭᠰᠡᠭᠡᠷ ᠬᠤᠷᠠᠯ ᠠᠴᠠ ᠰᠠᠯᠵᠤ ᠪᠣᠯᠤᠨ᠎ᠠ᠂ ᠨᠢᠭᠡ ᠶᠢ ᠲᠠᠭᠯᠠᠭᠰᠠᠭᠠᠷ ᠨᠢᠭᠡ ᠪᠦᠲᠦᠬᠦ ᠶᠡᠷᠦᠩᠬᠡᠶ ᠬᠠᠷᠠᠯᠲᠠ | ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠤ ᠴᠢᠬᠤᠯᠠ ᠰᠠᠭᠤᠷᠢ ᠶᠢ ᠲᠠᠯᠪᠢᠵᠠᠢ᠃ | ᠲᠤᠬᠠᠶ ᠶᠢᠨ ᠲᠠᠯᠠᠪᠠᠶ ᠳᠤ ᠳᠠᠬᠢᠨ ᠬᠢᠨᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ ᠬᠤᠲᠠ᠂ ᠬᠤᠰᠢᠭᠤ | ᠰᠢᠶᠠᠨ ︵ᠲᠣᠭᠤᠷᠢᠭ︶ ᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠣᠯᠤᠨ ᠲᠥᠷᠥᠯ ᠵᠦᠶᠯ ᠤᠨ | ᠳᠤᠭᠤᠶᠢᠯᠠᠩ ᠤᠨ ᠠᠵᠢᠯᠲᠠᠳ ᠢᠳᠡᠪᠬᠢᠲᠡᠶ ᠨᠡᠪᠲᠡᠷᠡᠯᠴᠡᠵᠦ᠂ ᠲᠥᠯᠥᠪᠵᠢᠭᠦᠯᠭᠡ ᠶᠢᠨ ᠮᠡᠷᠭᠡᠵᠢᠯ ᠤᠨ ᠬᠥᠲᠥᠯᠪᠦᠷᠢ | ᠶᠢᠨ ᠳᠠᠭᠠᠯᠳᠤᠭᠤᠯᠤᠯ ᠬᠦᠰᠦᠨᠦᠭᠲᠦ ᠶᠢᠨ ᠲᠤᠭ᠎ᠠ ᠪᠠᠷᠢᠮᠲᠠ ᠶᠢᠨ ᠠᠭᠤᠯᠭ᠎ᠠ᠂ ᠤᠬᠠᠭᠳᠠᠬᠤᠨ ᠤ ᠲᠣᠭᠤᠷᠢᠨ ᠳᠤ | ᠭᠦᠨᠵᠡᠭᠡᠶ ᠶᠠᠷᠢᠯᠴᠠᠵᠤ᠂ ᠰᠡᠳᠬᠢᠮᠵᠢ ᠪᠠᠨ ᠲᠣᠳᠣᠷᠬᠠᠶ ᠪᠣᠯᠭᠠᠨ᠂ ᠯᠣᠭᠢᠭ ᠢ ᠰᠢᠯᠤᠭᠤᠳᠬᠠᠵᠤ᠂ ᠲᠤᠭ᠎ᠠ ᠪᠠᠷᠢᠮᠲᠠ | ᠶᠢ ᠲᠠᠭᠯᠠᠨ ᠮᠡᠳᠡᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠢᠶᠳᠪᠦᠷᠢᠯᠡᠵᠦ᠂ ᠲᠤᠭ᠎ᠠ | ᠪᠠᠷᠢᠮᠲᠠ ᠶᠢᠨ ᠢᠷᠡᠯᠲᠡ ᠨᠢ ᠦᠨᠳᠦᠰᠦᠯᠡᠯ ᠲᠠᠢ᠂ ᠶᠠᠰᠤ ᠴᠢᠨᠠᠷ ᠨᠢ ᠨᠡᠯᠢᠶᠡᠳ ᠯᠠᠪᠳᠠᠭᠤᠨ ᠪᠠᠲᠤᠲᠠᠶ ᠪᠣᠯᠵᠠᠶ᠃ | ᠰᠣᠯᠢᠯᠴᠠᠭ᠎ᠠ ᠪᠠᠷ ᠳᠡᠮᠵᠢᠨ᠂ ᠲᠠᠭᠯᠠᠨ ᠮᠡᠳᠡᠭᠦᠯᠬᠦ ᠠᠵᠢᠯᠲᠠᠨ ᠤ ᠲᠥᠯᠥᠪᠵᠢᠭᠦᠯᠭᠡ ᠶᠢᠨ ᠴᠢᠬᠤᠯᠠ ᠴᠢᠨᠠᠷ ᠤᠨ | ᠲᠤᠬᠠᠶ ᠲᠠᠨᠢᠯᠲᠠ ᠪᠠ ᠡᠭᠦᠷᠭᠡᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢᠨ ᠬᠠᠮᠲᠤ᠂ ᠲᠥᠯᠥᠪᠵᠢᠭᠦᠯᠭᠡ ᠨᠠᠶᠢᠷᠠᠭᠤᠯᠤᠨ | ᠵᠣᠬᠢᠶᠠᠬᠤ ᠳᠤᠭᠤᠶᠢᠯᠠᠩ ᠤᠨ ᠭᠠᠵᠠᠷ ᠣᠷᠣᠨ ᠤ ᠪᠣᠳᠠᠲᠤ ᠪᠠᠶᠢᠳᠠᠯ ᠤᠨ ᠲᠤᠬᠠᠶ ᠭᠦᠨᠵᠡᠭᠡᠶ ᠣᠶᠢᠯᠠᠭᠠᠯᠲᠠ ᠶᠢ | ᠭᠦᠨᠵᠡᠭᠡᠶᠢᠷᠡᠭᠦᠯᠵᠦ᠂ ᠳᠡᠭᠡᠷ᠎ᠡ ᠳᠣᠤᠷ᠎ᠠ ᠨᠢᠭᠲᠠ ᠬᠠᠷᠢᠯᠴᠠᠬᠤ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ | ᠭᠦᠶᠴᠡᠳ ᠪᠣᠶ ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ᠂ | ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡ ᠶᠢᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠲᠤᠨ ᠭᠤᠤᠯ ᠤᠨ ᠳ᠋ᠧᠩᠺᠧᠦ ᠤᠰᠤᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠥᠪ ᠵᠢᠴᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠤ | ᠤᠰᠤᠨ ᠠᠰᠢᠭᠯᠠᠯᠲᠠ ︵ᠶᠠᠪᠤᠳᠠᠯ︶ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠳ ᠵᠢᠴᠢ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠬᠤᠶᠠᠷ ᠵᠠᠭᠤ ᠭᠠᠷᠤᠶ ᠬᠥᠮᠦᠨ ᠬᠤᠷᠠᠯ ᠳᠤ ᠣᠷᠣᠯᠴᠠᠵᠠᠶ᠃ | | | | | | | |