ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠣᠷᠣᠯᠠᠬᠤ ᠪᠠᠶᠢᠭᠤᠯᠤᠮᠵᠢ ᠶᠢ ᠳᠠᠭᠠᠭᠠᠴᠢᠯᠠᠯᠲᠠ ᠵᠠᠷᠯᠠᠬᠤ ᠨᠡᠷ᠎ᠡ ᠮᠡᠳᠡᠭᠦᠯᠬᠦ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2023/2/22
  ᠨᠢᠭᠡ᠂ ᠲᠥᠷᠥᠯ ᠵᠦᠶᠯ ᠤᠨ ᠲᠣᠶᠢᠮᠣᠴᠢᠯᠠᠯ  1. ᠲᠥᠷᠥᠯ ᠵᠦᠶᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠨᠳᠦᠰᠦᠨ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢᠨ ᠲᠠᠰ ᠳᠡᠪᠰᠢᠭᠦᠯᠬᠦ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ ︵ᠬᠤᠶᠠᠳᠤᠭᠠᠷ ᠬᠤᠭᠤᠴᠠᠭ᠎ᠠ︶᠃  2. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠤᠰᠤᠨ ᠰᠢᠨᠵᠢᠯᠡᠭᠡᠨ ᠤ ᠥᠷᠲᠡᠭᠡ 10᠂ ᠤᠰᠤᠨ ᠲᠦᠪᠰᠢᠨ ᠤ ᠥᠷᠲᠡᠭᠡ 2᠂ ᠪᠣᠷᠣᠭᠠᠨ ᠤ ᠬᠡᠮᠵᠢᠶ᠎ᠡ ᠶᠢᠨ ᠥᠷᠲᠡᠭᠡ 158 ᠶᠢ ᠲᠠᠰ ᠳᠡᠪᠰᠢᠭᠦᠯᠦᠨ᠎ᠡ᠃  3. ᠬᠥᠷᠥᠩᠭᠡ ᠣᠷᠣᠭᠤᠯᠤᠯᠲᠠ ᠶᠢᠨ ᠪᠠᠶᠢᠳᠠᠯ᠄ ᠶᠡᠷᠦᠩᠬᠡᠢ ᠬᠥᠷᠥᠩᠭᠡ ᠣᠷᠣᠭᠤᠯᠤᠯᠲᠠ2828.31 ᠲᠦᠮᠡᠨ ᠲᠥᠭᠦᠷᠢᠭ᠃  4. ᠪᠡᠶᠡᠯᠡᠭᠦᠯᠬᠦ ᠴᠠᠭ ᠪᠠ ᠭᠠᠵᠠᠷ᠄ 2023 ᠣᠨ᠂ ᠪᠦᠬᠦ ᠣᠷᠣᠨ ᠤ ᠡᠯ᠎ᠡ ᠠᠶᠢᠮᠠᠭ ᠬᠤᠲᠠ᠃   ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠬᠤ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃  2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠭᠤᠯᠤᠮᠵᠢ᠂ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ᠂ ᠭᠦᠢᠴᠡᠳ ᠭᠡᠷ᠎ᠡ ᠶᠢ ᠭᠦᠢᠴᠡᠳᠬᠡᠬᠦ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠬᠡᠷᠡᠭᠲᠡᠶ᠃  ᠭᠤᠷᠪᠠ᠂ ᠨᠡᠷ᠎ᠡ ᠮᠡᠳᠡᠭᠦᠯᠬᠦ ᠦᠶᠡᠰ ᠬᠠᠩᠭᠠᠬᠤ ᠴᠢᠬᠤᠯᠠᠲᠠᠢ ᠮᠠᠲ᠋ᠧᠷᠢᠶᠠᠯ  1 . ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠭᠠᠷᠭᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ᠃2 . ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃3 . ᠤᠯᠤᠰ ᠤᠨ ᠠᠵᠤ ᠦᠶᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃  4. ᠣᠶᠢᠷ᠎ᠠ ᠶᠢᠨ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠭᠤᠷᠪᠠᠨ ᠰᠠᠷ᠎ᠠ ᠳᠠᠷᠠᠭᠠᠯᠠᠨ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ᠂ ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠭᠠᠶᠢᠯᠢ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃  5. 2022 ᠣᠨ ᠪᠤᠶᠤ 2021 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠠᠴᠠ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ  ᠢ ᠬᠠᠩᠭᠠᠬᠤ ᠬᠡᠷᠡᠭᠲᠡᠶ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠶᠢᠨ ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ ᠪᠣᠯᠤᠨ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠵᠢᠷᠤᠭ ᠵᠢᠴᠢ ︽ᠳᠤᠮᠳᠠᠳᠤ ᠤᠯᠤᠰ  ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn︶ ᠶᠢᠨ ᠵᠠᠰᠠᠭ  ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠲᠡᠮᠳᠡᠭᠯᠡᠯ ᠤᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ ᠶᠢᠨ ᠨᠡᠷ᠎ᠡ ᠮᠡᠳᠡᠭᠦᠯᠦᠭᠰᠡᠨ ᠵᠢᠷᠤᠭ ᠠᠴᠠ ᠦᠵᠡᠪᠡᠯ ᠣᠶᠢᠷ᠎ᠠ ᠶᠢᠨ ᠭᠤᠷᠪᠠᠨ ᠵᠢᠯ ︵2020 ᠣᠨ ᠤ 1 ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ︶ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠵᠢᠷᠤᠭ ᠪᠠᠶᠢᠬᠤ ᠥᠬᠡᠶ᠃   ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2023 ᠣᠨ ᠤ 2 ᠳ᠋ᠤᠭᠠᠷ ᠰᠠᠷ᠎ᠠ ᠶᠢᠨ 23 ᠤ ᠡᠳᠦᠷ ᠠᠴᠠ 2023 ᠣᠨ ᠤ 2 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 ᠠᠴᠠ12᠄ 00᠂ ᠦᠳᠡ ᠶᠢᠨ ᠬᠤᠶᠢᠨᠠᠬᠢ 14᠄ 30 ᠠᠴᠠ17᠄ 30 ᠴᠠᠭ ᠤᠨ ᠬᠤᠭᠤᠷᠣᠨᠳᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃   ᠲᠠᠪᠤ᠂ ᠬᠠᠷᠢᠯᠴᠠᠬᠤ ᠠᠷᠭ᠎ᠠ  ᠬᠠᠷᠢᠯᠴᠠᠬᠤ ᠨᠢᠭᠡᠴᠡ᠄ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠶᠡᠭᠡ ᠰᠤᠷᠭᠠᠭᠤᠯᠢ ᠶᠢᠨ ᠵᠡᠭᠦᠨ ᠵᠠᠮ ᠤᠨ120 ᠳ᠋ᠤᠭᠠᠷ ᠤᠨ ᠬᠤᠶᠠᠳᠤᠭᠠᠷ ᠳᠠᠪᠬᠤᠷᠭ᠎ᠠ ᠶᠢᠨ209 ᠲᠠᠰᠤᠭ᠃  ᠰᠢᠦᠳᠠᠨ ᠳ᠋ᠤᠭᠠᠷ᠄ 010010  ᠬᠠᠷᠢᠯᠴᠠᠬᠤ ᠬᠥᠮᠦᠨ᠄ ᠵᠧᠦ ᠬᠠᠩ  ᠬᠠᠷᠢᠯᠴᠠᠬᠤ ᠤᠲᠠᠰᠤ᠄180 4834 0509  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号