ᠬᠦᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2023 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2023/2/22
  ︽ᠢᠯᠡ᠂ ᠡᠷᠬᠡ ᠲᠡᠭᠰᠢ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2023 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃  ᠨᠢᠭᠡ᠂ ᠲᠥᠷᠥᠯ ᠵᠦᠶ᠋ᠯ ᠤᠨ ᠲᠦᠢᠮᠣᠴᠢᠯᠠᠯ  1. ᠲᠥᠷᠥᠯ ᠵᠦᠶ᠋ᠯ ᠤᠨ ᠨᠡᠷᠡᠶᠢᠳᠦᠯ᠄ ᠬᠦᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2023 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠬᠤ  2. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠬᠦᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2023 ᠣᠨ ᠤ ᠭᠠᠵᠠᠷ ᠳᠣᠣᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ᠂ ᠤᠰᠤᠨ ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ᠂ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠵᠡᠷᠭᠡ ᠲᠤᠰᠬᠠᠶ ᠵᠦᠶ᠋ᠯ ᠤᠨ ᠪᠠᠯᠠ ᠮᠥᠩᠭᠦ ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠣᠷᠣᠯᠠᠨ ᠭᠦᠶ᠋ᠴᠡᠳᠬᠡᠬᠦ ᠲᠤᠬᠠᠶᠢᠯᠠᠭᠰᠠᠨ ᠠᠵᠢᠯ ᠢ ᠬᠠᠷᠢᠭᠤᠴᠠᠵᠤ᠂ ᠬᠡᠷᠪᠡ ᠴᠢᠬᠤᠯᠠ ᠶᠡᠭᠡ ᠬᠤᠪᠢᠷᠠᠯᠲᠠ ᠲᠠᠢ ᠪᠣᠯ᠂ ᠬᠥᠬᠡ ᠲᠠᠯ᠎ᠠ ᠶᠢᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠴᠠᠭ ᠲᠤᠬᠠᠶ ᠳᠤᠨᠢ ᠳᠠᠭᠤᠰᠬᠠᠬᠤ ᠬᠡᠷᠡᠭᠲᠡᠶ᠃  3. ᠪᠡᠶᠡᠯᠡᠭᠦᠯᠬᠦ ᠴᠠᠭ ᠪᠠ ᠭᠠᠵᠠᠷ᠄ 2023 ᠣᠨ᠂ ᠬᠦᠬᠡᠬᠤᠲᠠ ᠳᠤ  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠡᠪᠴᠢᠶᠠᠨ ᠳᠤ ᠲᠠᠩᠰᠠᠯᠠᠭᠤᠯᠵᠦ᠂ ᠲᠤᠰᠠᠭᠠᠷ ᠬᠠᠤᠯᠢ ᠶᠢᠨ ᠡᠷᠭᠡᠲᠡᠨ ᠤ ᠬᠢᠷᠢ ᠬᠡᠮ ᠲᠠᠢ ᠪᠠᠶᠢᠬᠤ ᠪᠦᠬᠡᠳ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠤᠨ ᠤᠷᠲᠤᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠲᠤᠭᠠᠷ ᠵᠦᠢᠯ ᠤᠨ ᠲᠤᠭᠲᠠᠭᠠᠯ ᠳᠤ ᠨᠡᠶᠢᠴᠡᠨ᠎ᠡ᠄  ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ  ︵2︶ ᠰᠠᠢᠨ ᠰᠠᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠲᠠᠢ  ︵3︶ ᠭᠡᠷ᠎ᠡ ᠶᠢ ᠭᠦᠢᠴᠡᠳᠭᠡᠬᠦ ᠳᠤ ᠬᠡᠷᠡᠭᠰᠡᠬᠦ ᠲᠥᠬᠦᠭᠡᠷᠦᠮᠵᠢ ᠪᠣᠯᠤᠨ ᠲᠤᠰᠭᠠᠢ ᠮᠡᠷᠭᠡᠵᠢᠯ ᠤᠨ ᠴᠢᠳᠠᠪᠤᠷᠢ ᠲᠠᠢ  ︵4︶ ᠭᠠᠶᠢᠯᠢ ᠲᠠᠲᠠᠪᠤᠷᠢ ᠪᠠ ᠨᠡᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠱᠢᠶᠠᠭᠰᠠᠨ ᠰᠠᠢᠨ ᠰᠠᠢᠬᠠᠨ ᠲᠡᠮᠳᠡᠭᠯᠡᠯ ᠲᠠᠢ  ︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠬᠦᠨᠳᠦ ᠶᠡᠭᠡ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ  ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠨ᠎ᠡ  2. ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠤᠨ ᠲᠣᠪᠴᠢᠶ᠎ᠠ ︵2016 ᠣᠨ︶ ᠤᠨ 125 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠬᠤᠳᠠᠯᠳᠤᠭ᠎ᠠ ᠬᠠᠩᠭᠠᠭᠴᠢ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn︶ ᠵᠡᠷᠭᠡ ᠠᠷᠭ᠎ᠠ ᠵᠠᠮ ᠢᠶᠠᠷ ᠢᠲᠡᠭᠡᠯ ᠢᠶᠠᠨ ᠠᠯᠳᠠᠭᠰᠠᠨ ᠭᠦᠢᠴᠡᠳᠬᠡᠭᠳᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶᠢᠲᠠᠶ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ ᠨᠡᠷᠡᠰ ᠲᠤ ᠵᠢᠭᠰᠠᠭᠠᠨ ᠣᠷᠣᠯᠠᠭᠳᠠᠭᠰᠠᠨ᠂ ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠣᠢᠷ᠎ᠠ ᠶᠢᠨ ᠭᠤᠷᠪᠠᠨ ᠵᠢᠯ ᠳᠤ ᠬᠡᠭᠡᠯᠢ ᠲᠦᠯᠬᠢᠭᠰᠡᠨ ᠶᠠᠯᠠᠲᠤ ᠬᠡᠷᠡᠭ ᠤᠨ ᠲᠡᠮᠳᠡᠭᠯᠡᠯ ᠲᠠᠢ ᠪᠠᠶᠢᠪᠠᠯ ᠲᠤᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃  3. ᠲᠤᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ ᠦᠭᠡᠶ᠃ ᠨᠢᠭᠡᠴᠡ ᠶᠢᠨ ᠬᠠᠷᠢᠭᠤᠴᠠᠯᠭᠠᠲᠠᠨ ᠨᠢ ᠠᠳᠠᠯᠢ ᠨᠢᠭᠡᠨ ᠬᠥᠮᠦᠨ ᠪᠤᠶᠤ ᠰᠢᠭᠤᠳ ᠬᠤᠪᠢ ᠡᠵᠡᠮᠳᠡᠵᠦ ᠪᠠᠶᠢᠭ᠎ᠠ᠂ ᠬᠠᠮᠢᠶᠠᠷᠤᠯᠲᠠ ᠶᠢᠨ ᠬᠠᠷᠢᠴᠠᠭ᠎ᠠ ᠪᠦᠬᠦᠢ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ᠂ ᠠᠳᠠᠯᠢ ᠨᠢᠭᠡ ᠳᠠᠭᠠᠭᠠᠴᠢᠯᠠᠯᠲᠠ ᠳᠤ ᠣᠷᠣᠬᠤ ᠪᠤᠶᠤ ᠬᠤᠪᠢᠶᠠᠷᠢᠯᠠᠨ ᠳᠠᠭᠠᠭᠠᠴᠢᠯᠠᠭᠤᠯᠤᠭᠰᠠᠨ ᠤᠢᠭᠡᠢ ᠠᠳᠠᠯᠢ ᠨᠢᠭᠡ ᠳᠠᠭᠠᠭᠠᠴᠢᠯᠠᠯᠲᠠ ᠵᠠᠷᠯᠠᠬᠤ ᠵᠦᠢᠯᠡᠰ ᠤᠨ ᠳᠠᠭᠠᠭᠠᠴᠢᠯᠠᠯᠲᠠ ᠳᠤ ᠣᠷᠣᠵᠤ ᠪᠣᠯᠬᠤ ᠤᠢᠭᠡᠢ᠃  4. ᠭᠡᠷ᠎ᠡ ᠭᠦᠶ᠋ᠴᠡᠳᠬᠡᠬᠦ ᠲᠤᠰᠬᠠᠶ ᠮᠡᠷᠭᠡᠵᠢᠯ ᠤᠨ ᠲᠥᠬᠦᠭᠡᠷᠦᠮᠵᠢ ᠵᠢᠴᠢ ᠲᠠᠯᠠᠪᠤᠷ ᠭᠠᠵᠠᠷ ᠢ ᠭᠡᠷᠡᠴᠢᠯᠡᠬᠦ ᠮᠠᠲ᠋ᠧᠷᠢᠶᠠᠯ ᠪᠠᠶᠢᠬᠤ ᠬᠡᠷᠡᠭᠲᠡᠶ᠃  ᠭᠤᠷᠪᠠ᠂ ᠨᠡᠷ᠎ᠡ ᠮᠡᠳᠡᠭᠦᠯᠬᠦ ᠦᠶᠡᠰ ᠬᠠᠩᠭᠠᠬᠤ ᠴᠢᠬᠤᠯᠠᠲᠠᠢ ᠮᠠᠲ᠋ᠧᠷᠢᠶᠠᠯ  1 . ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠡᠬᠡ᠂ ᠬᠠᠭᠤᠯᠪᠤᠷᠢ ᠮᠠᠲ᠋ᠧᠷᠢᠶᠠᠯ ᠢᠶᠠᠨ     ᠬᠠᠩᠭᠠᠨ᠎ᠠ᠃  2 . ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ      ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃  3 . ᠤᠯᠤᠰ ᠤᠨ ᠠᠵᠤ ᠦᠶ᠋ᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃  4. ᠣᠶᠢᠷ᠎ᠠ ᠶᠢᠨ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠭᠤᠷᠪᠠᠨ ᠰᠠᠷ᠎ᠠ ᠳᠠᠷᠠᠭᠠᠯᠠᠨ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ᠂ ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠭᠠᠶᠢᠯᠢ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃  5. 2022 ᠣᠨ ᠪᠤᠶᠤ 2021 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠠᠴᠠ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠶᠢᠨ ᠢᠲᠡᠭᠡᠮᠵᠢ ᠠᠯᠳᠠᠭᠰᠠᠨ ᠭᠦᠶ᠋ᠴᠡᠳᠬᠡᠭᠳᠡᠭᠴᠢ ᠪᠣᠯᠤᠨ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠲᠡᠮᠳᠡᠭᠯᠡᠯ ᠤᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ ᠶᠢᠨ ᠨᠡᠷ᠎ᠡ ᠮᠡᠳᠡᠭᠦᠯᠦᠭᠰᠡᠨ ᠵᠢᠷᠤᠭ ᠠᠴᠠ ᠦᠵᠡᠪᠡᠯ ᠣᠶᠢᠷ᠎ᠠ ᠶᠢᠨ ᠭᠤᠷᠪᠠᠨ ᠵᠢᠯ ︵2020 ᠣᠨ ᠤ 1 ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ︶ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠵᠢᠷᠤᠭ ᠪᠠᠶᠢᠬᠤ ᠥᠬᠡᠶ᠃  ᠠᠩᠬᠠᠷ᠄ ᠳᠡᠭᠡᠷᠡᠬᠢ ᠪᠤᠶ ᠪᠦᠬᠦᠢ ᠮᠠᠲ᠋ᠧᠷᠢᠶᠠᠯ ᠢ ᠴᠥᠮ ᠡᠬᠡ ᠮᠠᠲ᠋ᠧᠷᠢᠶᠠᠯ ︵ᠨᠧᠲ ᠨᠢᠭᠤᠷ ᠤᠨ ᠵᠢᠷᠤᠭ ᠠᠴᠠ ᠪᠤᠰᠤᠳ︶ ᠵᠢᠴᠢ ᠬᠠᠭᠤᠯᠪᠤᠷᠢ ︵ᠨᠢᠭᠡ ᠢᠵᠢ︶ ᠶᠢ ᠬᠠᠩᠭᠠᠬᠤ ᠴᠢᠬᠤᠯᠠ ᠲᠠᠢ ᠪᠣᠯ ᠨᠢᠭᠡᠴᠡ ᠶᠢᠨ ᠲᠠᠮᠠᠭ᠎ᠠ ᠶᠢ ᠳᠠᠷᠤᠬᠤ ᠬᠡᠷᠡᠭᠲᠡᠶ᠂ ᠲᠡᠶᠢᠮᠦ ᠪᠢᠰᠢ ᠪᠣᠯ ᠬᠦᠴᠦᠨ ᠦᠭᠡᠶ᠃  ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2023 ᠣᠨ ᠤ 2 ᠳ᠋ᠤᠭᠠᠷ ᠰᠠᠷ᠎ᠠ ᠶᠢᠨ 22 ᠤ ᠡᠳᠦᠷ ᠠᠴᠠ 2023 ᠣᠨ ᠤ 2 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 ᠠᠴᠠ 12᠄ 00᠂ ᠦᠳᠡ ᠶᠢᠨ ᠬᠤᠶᠢᠨᠠᠬᠢ 14᠄ 30 ᠠᠴᠠ 17᠄ 00 ᠴᠠᠭ ᠤᠨ ᠬᠤᠭᠤᠷᠣᠨᠳᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠠᠮ ᠤᠨ ᠯᠢᠩ ᠬᠠᠢ ᠶᠡᠭᠡ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠠᠯᠪᠠᠨ ᠭᠡᠷ  ᠰᠢᠦᠳᠠᠨ ᠳ᠋ᠤᠭᠠᠷ᠄ 010010  ᠬᠠᠷᠢᠯᠴᠠᠬᠤ ᠬᠥᠮᠦᠨ᠄ ᠴᠧᠨ ᠵᠢᠩ  ᠬᠠᠷᠢᠯᠴᠠᠬᠤ ᠤᠲᠠᠰᠤ᠄ 157 5497 6747 
 
ᠢᠷᠡᠯᠲᠡ᠄ ᠬᠦᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号