2 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢ ᠠᠶᠢᠮᠠᠭ ᠬᠤᠲᠠ ᠶᠢᠨ ᠬᠤᠭᠤᠷᠣᠨᠳᠣ | ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠬᠦ ᠬᠤᠷᠠᠯ ᠬᠤᠷᠠᠯᠳᠤᠭᠤᠯᠪᠠ᠃ | ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠱᠧᠩ ᠰᠢᠶᠤᠤ ᠶᠢᠤ ᠬᠤᠷᠠᠯ ᠡᠷᠭᠢᠯᠡᠵᠦ᠂ ᠲᠢᠩᠬᠢᠮ ᠤᠨ ᠳᠡᠳ᠋ ᠳᠠᠷᠤᠭ᠎ᠠ ᠯᠢ ᠪᠢᠨ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ᠂ ᠥᠪᠥᠷ ᠮᠣᠩᠭᠤᠯ | ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ | ᠰᠢᠯᠢᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠭᠦᠯᠦᠯᠲᠡ ᠶᠢᠨ | ᠲᠥᠪ ᠤᠨ ᠡᠷᠬᠢᠯᠡᠭᠴᠢ ᠵᠠᠩ ᠭᠤᠸᠠᠩ ᠮᠢᠩ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ | ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦ᠋ | ᠰᠦᠸᠧ ᠯᠦᠩ ᠬᠤᠷᠠᠯ ᠳᠤ ᠤᠷᠤᠯᠴᠠᠪᠠ᠃ | | | | | | ᠬᠤᠷᠠᠯ ᠠᠴᠠ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠠᠶᠢᠮᠠᠭ ᠬᠤᠲᠠ ᠶᠢᠨ | ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠤᠨ ᠵᠢᠯᠣᠭᠤᠳᠬᠤ ᠰᠠᠨᠠᠯ ᠢ | ᠮᠡᠳᠡᠭᠳᠡᠵᠦ᠂ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠤᠨ | ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠷᠠᠯ ᠳᠤ ᠣᠷᠣᠯᠴᠠᠭᠰᠠᠨ ᠨᠥᠬᠦᠳ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠠᠷᠢᠯᠴᠠᠬᠤ ᠶᠠᠷᠢᠶ᠎ᠠ ᠲᠠᠯᠪᠢᠵᠤ᠂ ᠱᠧᠩ ᠰᠢᠶᠤᠤ ᠶᠢᠤ | ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ | ᠶᠢ ᠠᠶᠢᠮᠠᠭ ᠬᠤᠲᠠ ᠶᠢᠨ ᠬᠤᠭᠤᠷᠣᠨᠳᠣ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠣᠯ | ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠠᠲᠤᠨ ᠭᠤᠤᠯ ᠤᠨ | ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠪᠣᠯᠤᠨ᠎ᠠ᠃ ᠬᠡᠳᠦᠨ ᠵᠢᠯ ᠤᠨ ᠲᠤᠷᠰᠢ᠂ ᠮᠠᠨ ᠤ ᠣᠷᠣᠨ ᠬᠤᠶᠠᠳᠤᠭᠠᠷ ᠬᠤᠭᠤᠴᠠᠭᠠᠨ ᠤ ᠤᠰᠤᠨ | ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠬᠦ ᠶᠢᠨ ᠲᠣᠭᠤᠷᠢᠨ ᠳᠤ ᠶᠡᠭᠡ | ᠬᠡᠮᠵᠢᠶᠡᠨ ᠤ ᠰᠠᠭᠤᠷᠢ ᠠᠵᠢᠯ ᠢ ᠬᠢᠵᠦ᠂ ᠢᠨᠵᠧᠨᠧᠷᠢᠩ ᠢ ᠬᠡᠷᠡᠭᠵᠢᠭᠦᠯᠬᠦ ᠬᠠᠮᠢᠶ᠎ᠠ ᠪᠦᠬᠦᠢ ᠨᠤᠲᠠᠯᠠᠯᠲᠠ ᠪᠠ ᠡᠮᠦᠨᠡᠬᠢ | ᠬᠤᠭᠤᠴᠠᠭᠠᠨ ᠤ ᠠᠵᠢᠯ ᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠨᠡᠪᠲᠡᠷᠡᠯᠴᠡᠨ ᠵᠣᠬᠢᠴᠠᠭᠤᠯᠬᠤ ᠪᠠᠨ | ᠴᠢᠩᠭᠠᠳᠬᠠᠵᠤ᠂ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ | ᠡᠬᠢᠯᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ ᠣᠶᠢᠷ᠎ᠠ ᠳᠤ᠂ ᠬᠠᠲᠤᠨ ᠭᠤᠤᠯ ᠤᠨ ᠤᠰᠤᠨ ᠠᠰᠢᠭᠯᠠᠯᠲᠠ | ᠶᠢᠨ ᠵᠥᠪᠯᠡᠯ ᠠᠴᠠ ᠮᠠᠨ ᠤ ᠣᠷᠣᠨ ᠤ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢ ᠠᠶᠢᠮᠠᠭ | ᠬᠤᠲᠠ ᠶᠢᠨ ᠬᠤᠭᠤᠷᠣᠨᠳᠣ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠶᠢ | ᠵᠠᠷᠴᠢᠮ ᠳᠡᠭᠡᠷ᠎ᠡ ᠪᠠᠨ ᠵᠦᠪᠰᠢᠶᠡᠷᠡᠵᠠᠢ᠂ ᠡᠨᠡ ᠨᠢ ᠮᠠᠨ ᠤ ᠣᠷᠣᠨ ᠤ ᠤᠰᠤᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠳᠣᠭᠢᠷᠠᠭᠤᠯᠬᠤ᠂ ᠲᠠᠷᠢᠶᠠᠯᠠᠩ ᠤᠨ ᠭᠦᠨ ᠤᠰᠤ ᠠᠷᠪᠢᠯᠠᠵᠤ ᠤᠰᠤ ᠶᠢ ᠡᠵᠡᠮᠳᠡᠬᠦ ᠶᠢ ᠠᠬᠢᠭᠤᠯᠬᠤ | ᠳᠤ ᠲᠤᠶᠢᠯ ᠤᠨ ᠴᠢᠬᠤᠯᠠ ᠦᠶᠯᠡᠳᠦᠯ ᠦᠵᠡᠭᠦᠯᠬᠦ ᠪᠣᠯᠤᠨ᠎ᠠ᠃ | | | | | | ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ | ᠵᠣᠬᠢᠴᠠᠭᠤᠯᠭ᠎ᠠ ᠬᠠᠮᠵᠢᠯᠴᠠᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ | ᠠᠬᠢᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠡ | ᠨᠦᠭᠦᠳ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠦᠭᠬᠦ ᠢᠨᠵᠧᠨᠧᠷᠢᠩ ᠤᠨ ᠲᠤᠷᠰᠢᠯᠭ᠎ᠠ | ᠪᠠᠷ ᠭᠦᠢᠴᠡᠳ ᠲᠣᠯᠢ ᠪᠣᠯᠭᠠᠵᠤ᠂ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠷᠣ ᠲᠦᠯᠦᠪ ᠢ ᠲᠦᠷᠭᠡᠳᠬᠡᠨ | ᠪᠠᠶᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠠᠷᠭ᠎ᠠ ᠮᠠᠶ᠋ᠢᠭ | ᠵᠢᠴᠢ ᠠᠷᠭ᠎ᠠ ᠵᠠᠮ ᠢ ᠲᠣᠭᠲᠠᠭᠠᠨ᠂ ᠨᠢᠭᠡᠨᠲᠡ ᠴᠣᠬᠤᠯᠠᠪᠤᠷᠢᠯᠠᠭᠰᠠᠨ ᠢᠨᠵᠧᠨᠧᠷᠢᠩ ᠳᠤ ᠪᠠᠷᠢᠯᠭ᠎ᠠ ᠪᠠᠷᠢᠬᠤ ᠳᠤ | ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠨ ᠥᠷᠨᠢᠭᠦᠯᠵᠦ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠰᠠᠶᠢᠲᠤᠷ ᠠᠳᠬᠤᠬᠤ ᠬᠡᠷᠡᠭᠲᠡᠶ᠃ ᠵᠢᠷᠤᠭ | ᠲᠦᠯᠦᠪᠡᠯᠭᠡ ᠶᠢᠨ ᠨᠢᠭᠡᠴᠡ ᠨᠦᠭᠦᠳ ᠠᠵᠢᠯᠲᠠᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠴᠢᠨᠠᠷ | ᠰᠠᠶᠢᠲᠠᠶ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ ᠢ ᠴᠠᠭ ᠲᠤᠬᠠᠶ ᠳᠤᠨᠢ ᠬᠠᠩᠭᠠᠵᠤ᠂ ᠪᠠᠷᠢᠯᠭ᠎ᠠ ᠶᠢᠨ | ᠠᠵᠢᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ | ᠶᠢ ᠲᠦᠷᠭᠡᠳᠬᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ᠃ ᠲᠢᠩᠬᠢᠮ ᠤᠨ ᠪᠠᠶᠢᠭᠤᠯᠭ᠎ᠠ ᠶᠢᠨ ᠡᠯ᠎ᠡ | ᠬᠤᠯᠪᠣᠭᠳᠠᠯ ᠪᠦᠬᠦᠢ ᠭᠠᠵᠠᠷ ᠲᠠᠰᠤᠭ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠮᠵᠢᠯᠴᠠᠨ ᠵᠣᠬᠢᠴᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠠᠨᠨᠠᠭᠤᠷ ᠬᠤᠲᠠ ᠪᠥᠬᠦ ᠣᠷᠣᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠬᠤᠶᠠᠳᠤᠭᠠᠷ ᠬᠤᠭᠤᠴᠠᠭᠠᠨ ᠤ | ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠢᠶᠠᠨ ᠬᠠᠮᠵᠢᠯᠴᠠᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠲᠠᠷᠢᠶᠠᠯᠠᠩ ᠤᠨ ᠤᠰᠤ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠪᠠ ᠪᠠᠶᠠᠨᠨᠠᠭᠤᠷ ᠤᠨ ᠤᠯᠤᠰ ᠤᠨ | ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠤᠷᠤᠨ ᠤ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠳᠤ 1.2 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠭᠦᠶᠴᠡᠳᠬᠡᠯ ᠲᠤᠭ᠎ᠠ ᠶᠢᠨ ᠲᠤᠯᠭᠠᠭᠤᠷᠢᠯᠠᠯ ᠬᠠᠩᠭᠠᠬᠤ | ᠬᠡᠷᠡᠭᠲᠡᠶ᠃ | ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠰᠤᠷᠪᠤᠯᠵᠢ ᠶᠢᠨ ᠭᠠᠵᠠᠷ᠂ ᠡᠳ᠋ ᠤᠨ ᠶᠠᠪᠤᠳᠠᠯ | ᠤᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠭᠠᠵᠠᠷ᠂ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ︵ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠭᠠᠵᠠᠷ ᠡᠬᠡ ᠨᠣᠤᠷᠠᠭ | ᠬᠠᠩᠭᠠᠪᠠ︶ | |