2 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ 2022 ᠣᠨ ᠤ ᠨᠠᠮ ᠤᠨ ᠭᠡᠰᠢᠭᠦᠨ ᠤᠳᠤᠷᠢᠳᠬᠤ | ᠺᠠᠲᠷᠴᠦᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ | ᠵᠣᠣ ᠴᠠᠩ ᠴᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠠᠷᠠᠳᠴᠢᠯᠠᠯ ᠤᠨ ᠠᠮᠢᠳᠤᠷᠠᠯ ᠤᠨ | ᠬᠤᠷᠠᠯ ᠳᠤ ᠦᠨᠡᠯᠡᠯᠲᠡ ᠬᠢᠵᠦ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠹᠠᠨ ᠵᠥᠩ | ᠴᠧᠩ ︵ᠠᠵᠢᠯ ᠡᠷᠭᠢᠯᠡᠬᠦ︶ ᠬᠤᠷᠠᠯ ᠡᠷᠭᠢᠯᠡᠪᠡ᠃ | | | | | | ᠬᠤᠷᠠᠯ ᠳᠡᠭᠡᠷ᠎ᠡ᠂ ᠹᠠᠨ ᠵᠥᠩ ᠴᠧᠩ ᠨᠥᠬᠦᠷ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠵᠢᠴᠢ ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠭᠰᠡᠨ ᠪᠥᠭᠡᠳ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ | ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠠᠷ | ᠲᠠᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠳᠠᠯᠪᠢᠵᠦ᠂ ᠰᠢᠭᠦᠮᠵᠢᠯᠡᠯ ᠪᠠ ᠥᠪᠡᠷ | ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠦᠷᠨᠢᠭᠦᠯᠵᠠᠢ᠃ | | | | | | ᠵᠤᠤ ᠴᠠᠩ ᠴᠢᠩ ᠨᠥᠬᠦᠷ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ | ᠬᠤᠷᠢᠶᠠᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠲᠡᠷᠡ | ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠬᠡᠯᠪᠡᠷᠢ ᠨᠢ | ᠲᠥᠪ ᠴᠢᠩᠭ᠎ᠠ᠂ ᠲᠡᠰ ᠳᠠᠷᠠᠭᠠᠯᠠᠯ ᠨᠢ ᠵᠢᠷᠤᠮᠵᠢᠯ ᠲᠠᠢ᠂ ᠠᠭᠤᠯᠭ᠎ᠠ ᠨᠢ ᠪᠣᠳᠠᠲᠠᠢ ᠶᠢ ᠡᠷᠬᠢᠮᠯᠡᠭᠰᠡᠨ᠂ ᠦᠷ᠎ᠡ | ᠪᠦᠲᠦᠮᠵᠢ ᠨᠢ ᠢᠯᠡᠷᠬᠡᠢ ᠴᠢᠨᠠᠷ ᠰᠠᠶᠢᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ᠃ ᠡᠭᠦᠨ ᠤ ᠬᠠᠮᠲᠤ | ᠪᠠᠰᠠ ᠬᠦᠷᠦᠯᠴᠡᠬᠦ ᠥᠬᠡᠶ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠬᠡᠳᠦᠨ ᠱᠠᠭᠠᠷᠳᠠᠯᠭ᠎ᠠ ᠳᠤᠷᠠᠳᠴᠠᠶ᠂ | ᠨᠢᠭᠡ ᠳᠤ᠂ ᠣᠭ ᠰᠠᠨᠠᠭ᠎ᠠ ᠪᠠᠨ ᠤᠯᠠᠮ ᠨᠢᠭᠡ ᠠᠯᠬᠤᠮ ᠪᠠᠷᠢᠮᠲᠠᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ | ᠬᠡᠷᠡᠭᠲᠡᠢ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠩᠬᠠᠨ ᠤ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠ ︽ᠲᠠᠪᠤ ᠶᠢ ᠲᠣᠶᠢᠯᠪᠤᠷᠢᠲᠠᠢ | ᠵᠠᠰᠠᠬᠤ︾ ᠶᠢᠨ ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠦᠭᠡᠷᠡᠴᠢᠯᠡᠬᠦ︾ ᠶᠢ ᠢᠮᠠᠭᠲᠠ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠤᠨ᠎ᠠ᠃ ᠠᠷᠢᠭᠤᠨ ᠴᠢᠬᠡᠴᠢ ᠶᠢᠨ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ | ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠲᠦᠷᠦᠭᠦᠯᠡᠨ ᠭᠦᠶᠴᠡᠳᠬᠡᠵᠦ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ | ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠵᠤᠷᠢᠭᠵᠢᠭᠤᠯᠬᠤ ᠪᠠ | ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠲᠷᠴᠦᠳ ᠤᠨ ᠠᠵᠢᠯ | ᠬᠢᠵᠦ ᠦᠶᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠦᠭᠵᠢᠭᠡᠬᠦ ᠬᠡᠷᠡᠭᠲᠡᠢ᠃ ᠭᠤᠷᠪᠠ ᠳᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠡ ᠵᠢᠯ ᠤᠨ ᠡᠯ᠎ᠡ | ᠱᠠᠲᠤ ᠦᠶ᠎ᠡ ᠶᠢᠨ ᠭᠤᠤᠯᠳᠠᠯᠭ᠎ᠠ ᠲᠠᠢ ᠡᠭᠦᠷᠭᠡ᠂ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠤᠤᠯᠳᠠᠯᠭ᠎ᠠ | ᠶᠢ ᠳᠣᠪᠣᠶᠢᠯᠭᠠᠵᠤ᠂ ᠪᠠᠲᠤᠯᠠᠭ᠎ᠠ ᠶᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ | ᠠᠰᠢᠭᠯᠠᠯᠲᠠ ᠶᠢᠨ ᠠᠵᠢᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ | ᠣᠶᠢᠯᠠᠭᠠᠵᠤ᠂ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ | ᠦᠶᠯᠡᠴᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠮᠡᠷᠭᠡᠵᠢᠯ | ᠤᠨ ᠲᠤᠯᠭᠠᠭᠤᠷᠢᠯᠠᠯ ᠪᠠᠲᠤᠯᠠᠭ᠎ᠠ ᠬᠠᠩᠭᠠᠨ᠎ᠠ᠃ | ᠹᠠᠨ ᠵᠦᠩ ᠴᠧᠩ ᠨᠥᠬᠦᠷ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠤᠰᠤᠨ ᠠᠰᠢᠭᠯᠠᠯᠲᠠ ᠶᠢᠨ | ᠲᠢᠩᠬᠢᠮ ᠤᠨ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠦᠨᠡᠯᠡᠭᠰᠡᠨ ᠰᠠᠨᠠᠯ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠶᠢ | ᠭᠦᠨᠵᠡᠭᠡᠶᠢᠷᠡᠭᠦᠯᠵᠦ᠂ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ᠡᠭᠦᠨ ᠤ ᠬᠠᠮᠲᠤ᠂ ᠤᠰᠤᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠱᠧᠩ ᠰᠢᠶᠤᠤ ᠶᠢᠦ ᠶᠢᠨ ᠳᠤᠷᠠᠳᠤᠭᠰᠠᠨ ︽ᠤᠬᠠᠭᠠᠨᠲᠠᠨ ᠤ ᠪᠦᠯᠬᠦᠮ︾ ᠤᠨ ᠦᠶᠯᠡᠳᠦᠯ ᠢ ᠭᠦᠶᠴᠡᠳ | ᠪᠠᠳᠠᠷᠠᠭᠤᠯᠵᠤ᠂ ᠤᠰᠤᠨ ᠠᠰᠢᠭᠯᠠᠯᠲᠠ ᠶᠢᠨ ᠦᠶᠯᠡᠰ ᠤᠨ ᠦᠵᠦ ᠲᠥᠯᠥᠪᠯᠡᠭᠡ ᠶᠢ ᠰᠠᠶᠢᠲᠤᠷ ᠲᠥᠯᠥᠪᠵᠢᠭᠦᠯᠵᠦ᠂ | ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠠᠬᠢᠭᠤᠯᠵᠤ᠂ | ᠥᠪᠥᠷ ᠮᠣᠩᠭᠤᠯ ᠤᠨ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠮᠡᠷᠭᠡᠵᠢᠯ ᠤᠨ ᠪᠣᠷᠣ ᠲᠥᠯᠥᠪ ᠤᠨ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ᠂ ᠤᠶᠤᠨᠲᠤ ᠭᠤᠤᠯ ᠮᠦᠷᠡᠨ | ᠨᠠᠭᠤᠷ ᠤᠨ ᠬᠢᠨᠠᠯᠲᠠ ᠬᠠᠮᠢᠶᠠᠷᠤᠯᠲᠠ᠂ ︽ᠴᠠᠬᠢᠯᠭᠠᠨ ᠢᠶᠠᠷ ᠤᠰᠤ ᠶᠢ ᠨᠤᠭᠤᠯᠬᠤ︾᠂ ᠤᠰᠤᠯᠠᠯᠲᠠ ᠶᠢᠨ ᠣᠷᠣᠨ ᠤ | ︽ᠨᠢᠭᠡ ᠵᠢᠷᠤᠭ︾ ᠵᠡᠷᠭᠡ ᠭᠤᠤᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠬᠢᠵᠦ᠂ ᠶᠡᠷᠦᠩᠬᠡᠶ ᠱᠦᠵᠢ ᠰᠢ | ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ | ᠨᠠᠶᠢᠳᠠᠪᠤᠷᠢᠵᠢᠭᠤᠯᠬᠤ ᠳᠤ ᠤᠰᠤᠨ ᠤ ᠠᠮᠤᠷ ᠲᠦᠪᠰᠢᠨ ᠬᠦᠴᠦᠲᠡᠶ ᠪᠠᠲᠤᠯᠠᠭ᠎ᠠ ᠬᠠᠩᠭᠠᠨ᠎ᠠ᠃ | ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ | ᠬᠥᠭᠵᠢᠯᠲᠡ ᠶᠢᠨ ᠲᠥᠪ ᠠᠴᠠ ᠡᠬᠡ ᠪᠢᠴᠢᠭ ᠬᠠᠩᠭᠠᠪᠠ︶ | | | |