3 ᠳ᠋ᠤᠭᠠᠷ ᠰᠠᠷ᠎ᠠ ᠶᠢᠨ 10 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠭᠤᠤᠯ ᠳᠤᠭᠤᠶᠢᠯᠠᠩ 2023 ᠣᠨ ᠤ ᠭᠤᠷᠪᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠪᠠ᠃ | | | | | | ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠵᠥᠷᠢᠴᠡᠭᠰᠡᠨ ᠨᠠᠮ ᠤᠨ ᠭᠡᠰᠢᠭᠦᠨ ᠳᠤ ᠰᠢᠢᠳᠭᠡᠯ ᠥᠭᠬᠦ ᠶᠢ ᠵᠥᠪᠰᠢᠶᠡᠷᠡᠬᠦ ᠡᠷᠬᠡ ᠶᠢᠨ ᠬᠢᠵᠠᠭᠠᠷ | ᠪᠠ ᠵᠢᠷᠤᠮ ᠤᠨ ᠲᠤᠬᠠᠶ ᠲᠣᠭᠲᠠᠭᠠᠯ︾᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ | ᠤᠨ ᠬᠤᠷᠢᠶᠠᠨ ᠤ ᠠᠯᠪᠠᠨ ᠲᠢᠩᠬᠢᠮ ᠤᠨ ︽ᠡᠬᠢ ᠪᠠᠶᠠᠯᠢᠭ ᠢ ᠠᠷᠪᠢᠯᠠᠬᠤ ᠠᠵᠢᠯ ᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠰᠠᠨᠠᠯ︾ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠶ | ᠴᠢᠬᠤᠯᠠ ᠥᠭᠦᠯᠡᠯᠲᠡ ᠶᠢ ᠰᠤᠷᠤᠯᠴᠠᠬᠤ ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠶ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ | | | | | | ᠬᠤᠷᠠᠯ ᠠᠴᠠ ᠱᠠᠭᠠᠷᠳᠠᠬᠤ ᠳᠤ ᠪᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠢ | ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠤᠷᠤᠭᠰᠠᠨ ᠢᠶᠠᠨ ᠦᠨᠡᠨ ᠬᠦ | ᠬᠡᠷᠡᠭᠯᠡᠵᠦ᠂ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠪᠠᠷ ᠤᠰᠤᠨ ᠠᠰᠢᠭᠯᠠᠯᠲᠠ ᠶᠢᠨ ᠠᠵᠢᠯ ᠢ | ᠵᠢᠯᠣᠭᠤᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠤᠰᠤᠨ ᠠᠰᠢᠭᠯᠠᠯᠲᠠ ᠶᠢᠨ ᠲᠢᠩᠬᠢᠮ ᠳᠤ ᠲᠤᠰᠢᠶᠠᠭᠰᠠᠨ ︽ᠪᠦᠲᠦᠮᠵᠢᠲᠡᠶ ᠪᠠᠯᠠ ᠣᠷᠣᠭᠤᠯᠤᠯᠲᠠ ᠶᠢ ᠨᠡᠮᠡᠭᠳᠡᠭᠦᠯᠬᠦ︾ | ᠪᠠ ︽ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ︾ ᠬᠤᠶᠠᠷ ᠵᠦᠶᠯ ᠤᠨ ᠭᠤᠤᠯᠳᠠᠯᠭ᠎ᠠ ᠲᠠᠢ | ᠡᠭᠦᠷᠭᠡ ᠶᠢᠨ ᠲᠣᠭᠤᠷᠢᠨ ᠳᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠨ ᠲᠡᠭᠦᠯᠳᠡᠷᠵᠢᠭᠦᠯᠵᠦ᠂ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠨ ᠠᠬᠢᠭᠤᠯᠵᠤ᠂ ᠵᠢᠯ ᠤᠨ ᠡᠭᠦᠷᠭᠡ ᠪᠠ ᠡᠯ᠎ᠡ | ᠵᠦᠶᠯ ᠤᠨ ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠲᠠᠢ ᠲᠤᠯᠭᠠᠨ ᠬᠠᠷᠭᠤᠭᠤᠯᠵᠦ᠂ ᠨᠢᠭᠡᠳᠦᠭᠡᠷ ᠤᠯᠠᠷᠢᠯ ᠤᠨ | ᠬᠠᠷᠠᠯᠲᠠᠲᠤ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ︽ᠬᠤᠤᠰ ᠨᠡᠭᠦᠷᠡᠰᠦᠳᠦᠷᠦᠭᠴᠢ︾ ᠶᠢᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠥᠬᠦ ᠲᠠᠯ᠎ᠠ ᠪᠠᠷ ᠠᠷᠪᠢᠯᠠᠬᠤ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠵᠦ ᠠᠷᠪᠢᠯᠠᠬᠤ | ᠠᠰᠢᠭᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠲᠠᠷᠢᠶᠠᠯᠠᠩ ᠤᠨ | ᠭᠦᠨᠵᠡᠭᠡᠢ ᠤᠰᠤ ᠠᠷᠪᠢᠯᠠᠵᠤ ᠤᠰᠤ ᠡᠵᠡᠮᠳᠡᠬᠦ ᠶᠢ ᠠᠬᠢᠭᠤᠯᠵᠤ᠂ ᠰᠠᠪᠠ ᠭᠠᠵᠠᠷ ᠤᠨ ᠤᠰᠤ ᠠᠷᠪᠢᠯᠠᠬᠤ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠶᠢᠨ ᠠᠵᠢᠯ ᠤᠨ | ᠡᠬᠡ ᠲᠠᠩᠰᠠ ᠲᠠᠢ ᠨᠢᠭᠡᠳ ᠨᠢᠭᠡ ᠪᠠᠷ ᠬᠠᠷᠭᠤᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠠᠵᠢᠯ ᠤᠨ | ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠤᠷᠢᠳᠴᠢᠯᠠᠨ ᠲᠥᠯᠥᠪᠵᠢᠭᠦᠯᠵᠦ᠂ ᠡᠷᠲᠡ ᠠᠴᠠ ᠪᠡᠯᠡᠳᠬᠡᠯ ᠬᠢᠵᠦ᠂ | ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ︔ ︽ | ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠱᠠᠯᠠᠪᠳᠠᠭᠤᠯᠤᠨ | ᠪᠠᠶᠢᠴᠠᠭᠠᠭᠰᠠᠨ ᠦᠷ᠎ᠡ ᠪᠦᠲᠦᠮᠵᠢ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠦᠨ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠶᠠᠪᠤᠳᠠᠯ ᠴᠢᠬᠤᠯᠠ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ | ᠰᠠᠨᠠᠭᠠᠨ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷ ᠠᠵᠢᠯ ᠢᠶᠠᠨ | ᠪᠠᠶᠢᠷᠢᠯᠠᠭᠤᠯᠤᠭᠰᠠᠨ ᠤ ᠳᠠᠷᠤᠢ ᠳᠤ ᠲᠦᠷᠭᠡᠨ ᠠᠬᠢᠭᠤᠯᠵᠤ᠂ ᠲᠠᠲᠠᠭᠠᠯᠵᠠᠬᠤ ᠥᠬᠡᠶ᠂ ᠬᠦᠯᠢᠶᠡᠬᠦ ᠥᠬᠡᠶ᠂ ᠪᠠᠶᠢᠳᠠᠯ ᠢ | ᠬᠠᠷᠠᠬᠤ ᠦᠭᠡᠢ ᠪᠠᠶᠢᠬᠤ ᠬᠡᠷᠡᠭᠲᠡᠢ ᠪᠦᠭᠡᠳ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠰᠤᠨ ᠠᠰᠢᠭᠯᠠᠯᠲᠠ | ᠶᠢᠨ ᠡᠯ᠎ᠡ ᠵᠦᠶᠯ ᠤᠨ ᠠᠵᠢᠯ ᠤᠨ ᠶᠠᠰᠤ ᠴᠢᠨᠠᠷ ᠪᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ | ᠠᠬᠢᠭᠤᠯᠵᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ | ᠭᠤᠶᠢᠪᠢᠰᠢ ᠥᠬᠡᠶ ᠠᠬᠢᠭᠤᠯᠬᠤ ᠬᠡᠷᠡᠭᠲᠡᠶ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠪᠦᠷᠢᠯᠳᠦᠬᠦᠨ | ᠬᠤᠷᠠᠯ ᠳᠤ ᠣᠷᠣᠯᠴᠠᠵᠠᠢ᠃ | |