ᠠᠷᠠᠳ ᠤᠨ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ 2023 ᠣᠨ ᠤ ︽ᠳᠡᠯᠡᠬᠡᠶ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠭᠤᠤᠯ ᠰᠡᠳᠦᠪᠲᠦ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/3/10
  ᠠᠷᠠᠳ ᠤᠨ ᠰᠦᠯᠵᠢᠶ᠎ᠡ ᠶᠢᠨ ᠪᠡᠭᠡᠵᠢᠩ ᠤᠨ 3ᠳ᠋ᠤᠭᠠᠷ ᠰᠠᠷ᠎ᠠ ᠶᠢᠨ 4 ᠤ ᠡᠳᠦᠷ ᠤᠨ ᠮᠡᠳᠡᠭᠡ ︵ᠰᠤᠷᠪᠤᠯᠵᠢᠯᠠᠭᠴᠢ ᠳ᠋ᠦ᠋ ᠶᠠᠨ ᠹᠸᠢ︶ 2023 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠪᠣᠯ ᠭᠤᠴᠢᠨ ᠨᠢᠭᠡᠳᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾ ᠮᠦᠨ᠂ 3 ᠳ᠋ᠤᠭᠠᠷ ᠰᠠᠷ᠎ᠠ ᠶᠢᠨ 22 ᠤᠨ ᠡᠳᠦᠷ ᠠᠴᠠ 28 ᠤ ᠡᠳᠦᠷ ᠪᠤᠯᠲᠠᠯᠬᠢ ᠬᠤᠭᠤᠴᠠᠭ᠎ᠠ ᠪᠣᠯ ᠭᠤᠴᠢᠨ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠮᠦᠨ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ 2023 ᠣᠨ ᠤ ︽ᠳᠡᠯᠡᠬᠡᠶ ᠶᠢᠨ ᠤᠰᠤᠨ ᠤ ᠡᠳᠦᠷ︾ ᠤᠨ ᠭᠤᠣᠯ ᠰᠡᠳᠦᠪ ᠢ ︽Accelerating Change︾ ︵ᠬᠤᠪᠢᠰᠤᠯᠲᠠ ᠶᠢ ᠲᠦᠷᠭᠡᠳᠭᠡᠬᠦ︶ ᠭᠡᠵᠦ ᠲᠣᠭᠲᠠᠭᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠬᠦᠬᠡ ᠮᠦᠷᠡᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2023 ᠣᠨ ᠤ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠢ ᠳᠤᠷᠠᠰᠬᠠᠬᠤ ᠮᠠᠨ ᠤ ᠤᠯᠤᠰ ᠤᠨ ᠠᠵᠢᠯᠯᠠᠭ᠎ᠠ  ᠶᠢᠨ ᠭᠤᠣᠯ ᠰᠡᠳᠦᠪ ᠢ ︽ᠬᠠᠤᠯᠢ ᠶᠣᠰᠣᠭᠠᠷ ᠤᠰᠤ ᠵᠠᠰᠠᠬᠤ ᠶᠢ ᠴᠢᠩᠭᠠᠳᠬᠠᠵᠤ ᠡᠬᠡ ᠭᠤᠤᠯ ᠢᠶᠠᠨ ᠭᠠᠷ ᠬᠤᠯᠪᠤᠯᠴᠠᠨ ᠬᠠᠮᠲᠤ  ᠪᠠᠷ ᠬᠠᠮᠠᠭᠠᠯᠠᠶ᠎ᠠ︾ ᠭᠡᠵᠦ ᠲᠤᠭᠲᠠᠭᠠᠭᠰᠠᠨ ᠪᠥᠭᠡᠳ 2023 ᠣᠨ ᠤ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢᠨ ᠲᠥᠰᠦᠯ ᠪᠠ ᠤᠬᠠᠭᠤᠯᠭ᠎ᠠ ᠶᠢᠨ ᠤᠷᠢᠶ᠎ᠠ ᠶᠢ ᠨᠡᠶᠢᠲᠡᠯᠡᠪᠡ᠃  ᠲᠣᠬᠢᠷᠠᠭᠤᠯᠤᠯᠲᠠ ᠶᠢ ᠦᠨᠳᠦᠰᠦᠯᠡᠪᠡᠯ᠂ ︽ᠳᠡᠯᠡᠬᠡᠶ ᠶᠢᠨ ᠤᠰᠤᠨ ᠤ ᠡᠳᠦᠷ︾ ᠪᠤᠯᠤᠨ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠬᠤᠭᠤᠴᠠᠭᠠᠨ ᠳᠤ ᠤᠰᠤᠨ ᠠᠰᠢᠭᠯᠠᠯᠲᠠ ᠶᠢᠨ ᠶᠠᠮᠤᠨ ᠪᠦᠯᠬᠦᠮ ᠪᠠᠶᠢᠭᠤᠯᠤᠨ 2023 ᠣᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠰᠤᠨ ᠤ ᠶᠡᠭᠡ ᠬᠤᠷᠠᠯ ᠳᠤ ᠣᠷᠣᠯᠴᠠᠬᠤ ᠪᠣᠯᠤᠨ᠎ᠠ᠃ ᠡᠭᠦᠨ ᠤ ᠬᠠᠮᠲᠤ ᠤᠰᠤᠨ ᠠᠰᠢᠭᠯᠠᠯᠲᠠ ᠶᠢᠨ ᠶᠠᠮᠤᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠨᠤᠲᠤᠭ ᠤᠨ ᠭᠤᠤᠯ︾ ᠢ ᠡᠷᠢᠬᠦ ᠠᠵᠢᠯᠯᠠᠭ᠎ᠠ ᠶᠢᠨ ᠨᠡᠶᠢᠲᠡᠯᠡᠬᠦ ᠶᠣᠰᠣᠯᠠᠯ ᠡᠷᠬᠢᠯᠡᠨ᠎ᠡ︔ ᠬᠠᠲᠤᠨ ᠭᠤᠣᠯ ᠢ ᠬᠠᠮᠠᠭᠠᠯᠠᠬᠤ ᠬᠠᠤᠯᠢ ᠶᠢ ᠤᠬᠠᠭᠤᠯᠤᠨ ᠲᠤᠭᠤᠰᠢᠯᠠᠭᠤᠯᠬᠤ ᠲᠤᠰᠬᠠᠢ ᠰᠡᠳᠦᠪᠲᠦ ᠠᠵᠢᠯᠯᠠᠭ᠎ᠠ ᠶᠢ ᠦᠷᠨᠢᠭᠦᠯᠦᠨ᠎ᠡ︔ ᠭᠤᠤᠯ ᠰᠡᠳᠦᠪᠲᠦ ᠤᠬᠠᠭᠤᠯᠭ᠎ᠠ ᠶᠢᠨ ᠵᠢᠷᠤᠭ ᠪᠠ ᠤᠬᠠᠭᠤᠯᠭ᠎ᠠ ᠶᠢᠨ ᠤᠷᠢᠶ᠎ᠠ ᠶᠢ ᠨᠡᠶᠢᠲᠡᠯᠡᠨ᠎ᠡ︔ ᠬᠦᠬᠡ ᠮᠦᠷᠡᠨ ᠤ ᠬᠠᠮᠠᠭᠠᠯᠠᠯᠲᠠ ᠶᠢᠨ ᠬᠠᠤᠯᠢ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ ᠶᠢᠨ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠳᠤ ᠲᠤᠰᠬᠠᠶ ᠰᠡᠳᠦᠪ ᠬᠠᠷᠢᠭᠤᠯᠲᠠ ᠥᠷᠨᠢᠭᠦᠯᠵᠦ᠂ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ ᠵᠡᠷᠭᠡ ᠲᠠᠪᠴᠠᠩ ᠳᠤ ᠤᠬᠠᠭᠤᠯᠤᠨ ᠲᠤᠭᠤᠰᠢᠯᠠᠭᠤᠯᠬᠤ ᠲᠤᠰᠬᠠᠶ ᠪᠤᠯᠤᠩ ᠨᠡᠭᠡᠭᠡᠵᠦ᠂ ᠰᠦᠯᠵᠢᠶ᠎ᠡ ᠪᠠᠷ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠦᠨ᠎ᠡ︔ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠤᠰᠤ ᠠᠷᠪᠢᠯᠠᠨ ᠬᠡᠷᠡᠭᠯᠡᠬᠦ ᠮᠡᠳᠡᠯᠭᠡ ᠶᠢᠨ ᠤᠷᠤᠯᠳᠤᠭᠠᠨ᠂ ︽ᠤᠰᠤ ᠠᠷᠪᠢᠯᠠᠬᠤ ᠳᠤᠮᠳᠠᠳᠤ ᠤᠯᠤᠰ ᠪᠢᠳᠡ ᠬᠠᠮᠲᠤ ᠪᠠᠷ ᠠᠶᠠᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠬᠠᠮᠲᠤᠷᠠᠭᠰᠠᠨ ᠠᠵᠢᠯᠯᠠᠭ᠎ᠠ ᠶᠢ ᠡᠷᠬᠢᠯᠡᠨ᠎ᠡ︔ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠤᠬᠠᠭᠤᠯᠤᠨ ᠲᠤᠭᠤᠰᠢᠯᠠᠭᠤᠯᠬᠤ ᠵᠡᠷᠭᠡ ᠠᠵᠢᠯ ᠥᠷᠨᠢᠭᠦᠯᠵᠦ᠂ ᠪᠦᠬᠦ ᠨᠡᠶᠢᠭᠡᠮ ᠤᠨ ᠬᠠᠤᠯᠢ ᠶᠣᠰᠣᠭᠠᠷ ᠤᠰᠤ ᠵᠠᠰᠠᠬᠤ᠂ ᠤᠰᠤ ᠪᠠᠨ ᠨᠠᠨᠳᠢᠩᠨᠠᠵᠤ ᠤᠰᠤ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠦᠴᠦᠲᠡᠶ ᠪᠠᠲᠤᠯᠠᠭ᠎ᠠ ᠬᠠᠩᠭᠠᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号