ᠠᠷᠠᠳ ᠤᠨ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ  ᠤᠨ ᠱᠦᠵᠢ᠂ ᠰᠠᠶᠢᠳ ᠯᠢ ᠭᠦᠸᠧ ᠶᠢᠩ᠄ ᠳᠡᠯᠭᠡᠴᠡ ᠳᠡᠭᠡᠷᠡᠬᠢ ᠦᠭᠡ ᠶᠢ ᠰᠡᠳᠬᠢᠯ ᠳᠡᠯᠪᠢᠨ ᠰᠣᠨᠣᠰᠴᠤ᠂ ᠦᠨᠡᠨ ᠪᠤᠲᠠᠲᠠᠢ ᠪᠠᠷ ᠰᠢᠢᠳᠪᠦᠷᠢᠯᠡᠵᠦ᠂ ᠰᠦᠯᠵᠢᠶᠡᠨ ᠳᠤ ᠢᠷᠭᠡᠳ ᠤᠨ ᠦᠯᠡᠳᠡᠭᠡᠭᠰᠡᠨ ᠦᠭᠡ ᠶᠢ ᠰᠡᠳᠭᠢᠯ ᠲᠠᠯᠪᠢᠨ ᠦᠨᠡᠨ ᠰᠡᠳᠭᠢᠯ ᠠᠴᠠ ᠪᠠᠨ ᠭᠦᠢᠴᠡᠳᠭᠡᠨ᠎ᠡ
ᠨᠡᠶᠢᠲᠡᠯᠡᠭᠰᠡᠨ ᠴᠠᠭ᠄
2023/3/10
  2023 ︽ᠪᠢ ᠬᠤᠶᠠᠷ ᠬᠤᠷᠠᠯ ᠳᠤ ᠨᠢᠭᠡ ᠦᠭᠡ ᠳᠠᠮᠵᠢᠭᠤᠯᠤᠶ᠎ᠠ︾ ᠬᠡᠯᠲᠡᠰ ᠤᠨ ᠳᠠᠷᠤᠭ᠎ᠠ ᠬᠠᠷᠢᠭᠤ ᠵᠠᠬᠢᠳᠠᠯ ᠢᠯᠡᠭᠡᠪᠡ    ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠢ ᠭᠦᠸᠧ ᠶᠢᠩ᠄ ᠳᠡᠯᠭᠡᠴᠡ ᠳᠡᠭᠡᠷᠡᠬᠢ ᠦᠭᠡ ᠶᠢ ᠰᠡᠳᠬᠢᠯ ᠳᠡᠯᠪᠢᠨ ᠰᠣᠨᠣᠰᠴᠤ᠂ ᠦᠨᠡᠨ ᠪᠤᠳᠠᠳᠠᠢ ᠪᠠᠷ ᠰᠢᠢᠳᠪᠦᠷᠢᠯᠡᠵᠦ᠂ ᠰᠦᠯᠵᠢᠶᠡᠨ ᠤ ᠢᠷᠭᠡᠳ ᠤᠨ ᠦᠯᠡᠳᠡᠭᠡᠭᠰᠡᠨ ᠦᠭᠡ ᠶᠢ ᠰᠡᠳᠭᠢᠯ ᠲᠠᠯᠪᠢᠨ ᠦᠨᠡᠨ ᠰᠡᠳᠭᠢᠯ ᠠᠴᠠ ᠪᠠᠨ ᠭᠦᠢᠴᠡᠳᠭᠡᠨ᠎ᠡ᠃  ᠨᠠᠶᠢᠷᠠᠭᠤᠯᠤᠭᠴᠢ ᠶᠢᠨ ᠬᠡᠰᠡᠭ  ᠠᠷᠠᠳ ᠤᠨ ᠰᠦᠯᠵᠢᠶᠡᠨ ᠤ 2023 ᠣᠨ ᠤ ︽ᠪᠢ ᠬᠤᠶᠠᠷ ᠬᠤᠷᠠᠯ ᠳᠤ ᠨᠢᠭᠡ ᠦᠭᠡ ᠳᠠᠮᠵᠢᠭᠤᠯᠤᠶ᠎ᠠ︾ ᠰᠠᠨᠠᠯ ᠵᠥᠪᠯᠡᠯᠭᠡ ᠬᠤᠷᠢᠶᠠᠬᠤ ᠠᠵᠢᠯᠯᠠᠭ᠎ᠠ ᠣᠲᠣ ᠶᠠᠭ ᠶᠠᠪᠤᠭᠳᠠᠵᠤ ᠪᠠᠶᠢᠨ᠎ᠠ᠂ ᠥᠷᠭᠡᠨ ᠣᠯᠠᠨ ᠰᠦᠯᠵᠢᠶᠡᠨ ᠤ ᠠᠨᠳᠠ ᠡᠭᠦᠨ ᠢ ᠠᠩᠬᠠᠷᠴᠤ ᠢᠳᠡᠪᠬᠢᠲᠡᠶ ᠣᠷᠣᠯᠴᠠᠵᠤ ᠪᠠᠶᠢᠨ᠎ᠠ᠃ ᠣᠶᠢᠷ᠎ᠠ ᠳᠤ᠂ ᠬᠡᠰᠡᠭ ᠲᠥᠪ ᠤᠨ ᠶᠠᠮᠤᠨ ᠵᠦᠪᠯᠡᠯ ᠤᠨ ᠤᠳᠤᠷᠢᠳᠤᠯᠭ᠎ᠠ᠂ ᠣᠷᠣᠨ ᠨᠤᠲᠤᠭ ᠤᠨ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠳᠠᠷᠤᠭ᠎ᠠ ᠵᠠᠯᠭᠠᠭ᠎ᠠ ᠪᠠᠷ ᠠᠷᠠᠳ ᠤᠨ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠤ ᠠᠨᠳᠠ ᠨᠠᠷ ᠲᠤ ᠵᠠᠬᠢᠳᠠᠯ ᠢᠯᠡᠭᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠲᠤᠰᠬᠠᠪᠠ᠃ ᠠᠷᠠᠳ ᠤᠨ ᠰᠦᠯᠵᠢᠶ᠎ᠡ ᠦᠷᠭᠦᠯᠵᠢᠯᠡᠨ ᠨᠡᠶᠢᠲᠡᠯᠡᠬᠦ ᠪᠣᠯᠤᠨ᠎ᠠ᠃  ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ
部长.jpg
  ᠰᠦᠯᠵᠢᠶᠡᠨ ᠤ ᠠᠨᠳᠠ ᠨᠠᠷ ᠡ᠄  ᠰᠠᠶᠢᠨ ᠪᠠᠶᠢᠵᠠᠭᠠᠨ᠎ᠠ ᠦᠦ︕ ᠪᠥᠬᠦ ᠤᠯᠤᠰ ᠤᠨ ᠬᠤᠶᠠᠷ ᠬᠤᠷᠠᠯ ᠬᠤᠷᠠᠯᠳᠤᠵᠤ ᠪᠠᠶᠢᠭ᠎ᠠ ᠲᠠᠰᠢᠷᠠᠮ ᠳᠤ᠂ ᠠᠷᠠᠳ ᠤᠨ ᠰᠦᠯᠵᠢᠶ᠎ᠡ ᠪᠠᠷ ᠳᠠᠮᠵᠢᠭᠤᠯᠤᠨ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠥᠩᠭᠡᠷᠡᠭᠰᠡᠨ ᠨᠢᠭᠡ ᠵᠢᠯ ᠳᠤ ᠣᠯᠠᠨ ᠢᠶᠠᠷ ᠢᠶᠠᠨ ᠠᠷᠠᠳ ᠤᠨ ᠰᠦᠯᠵᠢᠶᠡᠨ ᠤ ︽ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ︾ ᠪᠠᠷ ᠳᠠᠮᠵᠢᠭᠤᠯᠤᠨ ᠨᠠᠳᠠ ᠳᠤ ᠮᠠᠰᠢ ᠣᠯᠠᠨ ᠦᠭᠡ ᠦᠯᠡᠳᠡᠭᠡᠵᠦ᠂ ᠮᠠᠰᠢ ᠣᠯᠠᠨ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠬᠠᠩᠭᠠᠭᠰᠠᠨ ᠪᠠᠶᠢᠨ᠎ᠠ᠃ ᠡᠨᠡ ᠬᠦ ᠲᠣᠬᠢᠶᠠᠯ  ᠢᠶᠠᠷ ᠰᠦᠯᠵᠢᠶᠡᠨ ᠤ ᠠᠨᠳᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕  ᠤᠯᠠᠨ ᠤ ᠰᠠᠨᠠᠯ ᠰᠠᠨᠠᠭᠤᠯᠭ᠎ᠠ ᠳᠤ ᠡᠬᠡ ᠤᠯᠤᠰ ᠤᠨ ᠢᠶᠠᠨ ᠭᠤᠣᠯ ᠮᠥᠷᠡᠨ ᠢ ᠴᠢᠩ ᠰᠡᠳᠬᠢᠯ ᠠᠴᠠ ᠪᠠᠨ ᠬᠠᠯᠠᠮᠵᠢᠯᠠᠵᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠤᠬᠠᠢ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠵᠡᠢ᠃ ᠪᠢᠳᠡ ᠡᠳᠡᠭᠡᠷ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠲᠤᠶᠢᠯ ᠢᠶᠠᠷ ᠴᠢᠬᠤᠯᠠᠴᠢᠯᠠᠵᠤ᠂ ᠵᠤᠷᠪᠤᠰ ᠨᠢᠭᠡᠪᠦᠷᠢ ᠶᠢ ᠨᠠᠷᠢᠨ ᠬᠢᠨᠠᠮᠠᠭᠠᠢ ᠰᠤᠳᠤᠯᠵᠦ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠤᠯᠠᠨ ᠤ ᠪᠤᠳᠤᠵᠤ ᠰᠠᠨᠠᠭᠰᠠᠨ ᠵᠦᠢᠯ ᠢ ᠠᠵᠢᠯ ᠤᠨ ᠲᠤᠬᠢᠷᠠᠭᠤᠯᠤᠯᠳᠠ ᠳᠠᠭᠠᠨ ᠠᠭᠤᠰᠬᠠᠵᠤ ᠤᠷᠤᠭᠤᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠳᠡᠭᠡᠨ ᠢᠯᠡᠷᠡᠭᠦᠯᠬᠦ ᠪᠠᠷ ᠴᠢᠷᠮᠠᠶᠢᠪᠠ᠃  ᠰᠢᠨ᠎ᠡ ᠨᠢᠭᠡᠨ ᠵᠢᠯ ᠳᠤ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠦᠯᠵᠢᠶᠡᠨ ᠳᠡᠭᠡᠷᠡᠬᠢ ᠣᠯᠠᠨ ᠲᠦᠮᠡᠨᠴᠢ ᠱᠤᠭᠤᠮ ᠢ ᠦᠷᠭᠦᠯᠵᠢᠯᠡᠨ ᠨᠠᠷᠢᠨ ᠬᠢᠨᠠᠮᠠᠭᠠᠶ ᠦᠶᠯᠡᠳᠦᠯᠭᠡᠵᠢᠭᠦᠯᠵᠦ᠂ ︽ᠳᠡᠯᠭᠡᠴᠡ ᠳᠡᠭᠡᠷᠡᠬᠢ ᠦᠭᠡ︾ ᠶᠢ ᠰᠡᠳᠬᠢᠯ ᠳᠡᠯᠪᠢᠨ ᠰᠣᠨᠣᠰᠴᠤ᠂ ᠦᠨᠡᠨ ᠪᠣᠳᠠᠲᠠᠶ ᠪᠠᠷ ᠰᠢᠶᠳᠪᠦᠷᠢᠯᠡᠵᠦ᠂ ᠰᠦᠯᠵᠢᠶᠡᠨ ᠤ ᠢᠷᠭᠡᠳ ᠤᠨ ᠦᠯᠡᠳᠡᠭᠡᠭᠰᠡᠨ ᠦᠭᠡ  ᠶᠢ ᠰᠡᠳᠬᠢᠯ ᠳᠡᠯᠪᠢᠨ ᠦᠨᠡᠨ ᠰᠡᠳᠬᠢᠯ ᠠᠴᠠ ᠪᠠᠨ ᠭᠦᠶᠴᠡᠳᠬᠡᠵᠦ᠂ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠪᠠᠷ ᠤᠯᠠᠮ ᠢᠯᠡᠭᠦᠦ ᠴᠢᠷᠮᠠᠶᠢᠵᠤ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠠᠷᠠᠳ ᠣᠯᠠᠨ ᠤ ᠠᠩᠬᠠᠷᠴᠤ ᠪᠠᠶᠢᠭ᠎ᠠ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ ᠵᠡᠷᠭᠡ ᠠᠰᠠᠭᠤᠳᠠᠯ ᠢ ᠦᠨᠡᠨ ᠪᠣᠳᠠᠲᠠᠶ ᠪᠠᠷ ᠰᠢᠶᠳᠪᠦᠷᠢᠯᠡᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ  ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢ ᠨᠠᠩ ᠣᠯᠠᠨ ᠡᠷᠭᠦᠨ᠎ᠡ᠃  ᠥᠷᠭᠡᠨ ᠣᠯᠠᠨ ᠰᠦᠯᠵᠢᠶᠡᠨ ᠤ ᠠᠨᠳᠠ ᠶᠢᠨ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠴᠢᠩ ᠰᠡᠳᠬᠢᠯ  ᠠᠴᠠ ᠪᠠᠨ ᠵᠥᠩᠨᠡᠶ᠎ᠡ︕ ᠠᠷᠠᠳ ᠤᠨ ᠰᠦᠯᠵᠢᠶ᠎ᠡ ᠶᠢ ᠤᠯᠠᠮ ᠰᠠᠶᠢᠨ ᠡᠷᠬᠢᠯᠡᠬᠦ ᠶᠢ ᠵᠥᠩᠨᠡᠶ᠎ᠡ︕               ᠯᠢ ᠭᠦᠸᠧ ᠶᠢᠩ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号