3 ᠳ᠋ᠤᠭᠠᠷ ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠠᠵᠢᠯ ᠤᠨ ᠬᠤᠷᠠᠯ ᠬᠤᠷᠠᠯᠳᠤᠭᠤᠯᠪᠠ᠃ | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠵᠠᠳᠠᠯᠵᠤ᠂ 2023 ᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠪᠠᠶᠢᠷᠢᠯᠠᠭᠤᠯᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ | ᠵᠣᠣ ᠴᠠᠩ ᠴᠢᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠦᠩ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠪᠣᠯᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠯᠤᠰ ᠲᠦᠷᠦ ᠶᠢᠨ ᠬᠢᠨᠠᠯᠲᠠ ᠶᠢ | ᠴᠢᠩᠭᠠᠳᠬᠠᠬᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠰᠢᠨ᠎ᠡ ᠰᠤᠷᠲᠠᠯ ᠢ ᠪᠤᠢ ᠪᠣᠯᠭᠠᠬᠤ ᠵᠡᠷᠭᠡ ᠲᠠᠯ᠎ᠠ ᠪᠠᠷ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2022 ᠣᠨ ᠳᠤ ᠤᠰᠤᠨ ᠠᠰᠢᠭᠯᠠᠯᠲᠠ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠶᠢᠨ ᠪᠠᠶᠢᠷᠢᠯᠠᠭᠤᠯᠤᠯᠲᠠ ᠪᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠯ᠎ᠡ ᠵᠦᠢᠯ ᠤᠨ | ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ | ᠭᠦᠶᠴᠡᠳᠬᠡᠬᠦ ᠭᠦᠢᠴᠡᠳᠭᠡᠵᠦ ︽ᠤᠯᠤᠰ ᠤᠨ ᠶᠡᠭᠡ ᠶᠠᠪᠤᠳᠠᠯ︾ ᠳᠤ ᠠᠩᠬᠠᠷᠤᠯ ᠢᠶᠠᠨ ᠲᠦᠪᠯᠡᠷᠡᠭᠦᠯᠦᠨ ᠤᠯᠤᠰ | ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠤᠨ | ᠪᠦᠷᠢᠯᠳᠦᠬᠦᠨ ᠵᠡᠷᠭᠡ ᠵᠠᠩᠭᠢᠯᠠᠭ᠎ᠠ ᠶᠢᠨ ᠴᠥᠭᠡᠨ ᠲᠣᠭᠠᠨ ᠤ ᠬᠦᠮᠦᠨ ᠢ ᠠᠳᠬᠤᠨ ᠡᠳᠦᠷ ᠲᠤᠳᠤᠮ ᠤᠨ ᠬᠢᠨᠠᠯᠲᠠ | ᠪᠠᠨ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ | ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠦᠨᠵᠡᠭᠡᠶ ᠦᠷᠨᠢᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠨᠠᠷᠢᠨ ᠬᠢᠨᠠᠮᠠᠭᠠᠢ | ᠬᠠᠮᠵᠢᠯᠴᠠᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠪᠠ ᠲᠤᠰᠬᠠᠢ ᠲᠣᠭᠤᠷᠢᠨ ᠪᠠᠶᠢᠴᠠᠭᠠᠯᠲᠠ ᠦᠷᠨᠢᠭᠦᠯᠦᠨ᠂ | ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ | ᠠᠷᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ | ᠶᠢᠨ ᠣᠨ ᠤ ᠰᠢᠷᠢᠰ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ | ᠰᠠᠶᠢᠵᠢᠷᠠᠭᠤᠯᠤᠨ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ | ᠠᠳᠬᠤᠭᠰᠠᠨ ᠠᠴᠠ ᠤᠰᠤᠨ ᠠᠰᠢᠭᠯᠠᠯᠲᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢᠨ ᠪᠠᠶᠢᠳᠠᠯ | ᠰᠠᠶᠢᠨ ᠲᠡᠶᠢᠰᠢ ᠲᠠᠰᠤᠷᠠᠯᠲᠠ ᠦᠭᠡᠢ ᠪᠠᠬᠢᠵᠢᠪᠡ᠃ | ᠬᠤᠷᠠᠯ ᠠᠴᠠ ᠴᠢᠬᠤᠯᠠᠴᠢᠯᠠᠬᠤ ᠳᠤ ᠪᠠᠨ ︽ᠲᠤᠮᠤ ᠨᠠᠮ ᠤᠨ ᠥᠪᠡᠷᠮᠢᠴᠡ ᠪᠡᠷᠬᠡ ᠠᠰᠠᠭᠤᠳᠠᠯ ᠢ | ᠰᠢᠢᠳᠪᠦᠷᠢᠯᠡᠬᠦ ᠰᠡᠷᠭᠡᠭ ᠴᠢᠨᠠᠷ ᠪᠣᠯᠤᠨ ᠡᠷᠡᠰ ᠪᠠᠲᠤ ᠴᠢᠨᠠᠷ ᠢ ᠡᠷᠬᠡᠪᠰᠢ ᠴᠠᠭ ᠢᠮᠠᠭᠲᠠ ᠪᠠᠲᠤᠯᠠᠬᠤ︾ ᠶᠢᠨ | ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠲᠤᠭᠲᠠᠯᠴᠠᠭ᠎ᠠ ᠵᠢᠪᠦ᠋ᠷᠢᠨᠰᠢᠬᠦᠯᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠰᠤᠷᠲᠠᠯ | ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠪᠣᠯᠤᠨ ᠢᠯᠵᠡᠷᠡᠯ ᠢ ᠡᠰᠡᠷᠭᠦᠴᠡᠬᠦ | ᠠᠵᠢᠯ ᠤᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ | ᠭᠦᠨᠵᠡᠭᠡᠢ ᠲᠠᠨᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭᠠᠨ ᠤ ᠪᠠᠶᠢᠯᠳᠤᠬᠤ | ᠪᠤᠳᠤᠯᠭ᠎ᠠ ᠪᠤᠯᠤᠨ ᠥᠨᠢᠳᠡ ᠶᠢᠨ ᠰᠡᠳᠦᠪ ᠪᠣᠯᠭᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ | ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠨᠢᠭᠡ ᠳᠤ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠪᠣᠯᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯ | ᠤᠨ ᠱᠠᠭᠠᠷᠳᠠᠯᠭ᠎ᠠ ᠲᠠᠢ ᠲᠤᠯᠭᠠᠨ ᠪᠠᠷᠢᠮᠵᠢᠶᠠᠯᠠᠵᠤ ᠲᠣᠭᠲᠠᠴᠠ ᠪᠠᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠠᠵᠢᠯ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠬᠢᠨᠠᠯᠲᠠ ᠶᠢ | ᠭᠦᠨᠵᠡᠭᠡᠶᠢᠷᠡᠭᠦᠯᠵᠦ᠂ ᠡᠳᠦᠷ ᠲᠤᠲᠤᠮ ᠤᠨ ᠬᠢᠨᠠᠯᠲᠠ ᠶᠢ ᠪᠣᠳᠠᠲᠠᠶᠢᠵᠢᠭᠤᠯᠵᠤ᠂ ᠤᠰᠤᠨ ᠠᠰᠢᠭᠯᠠᠯᠲᠠ ᠶᠢᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠯᠲᠠ | ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠤ᠂ ᠲᠦᠪ ᠰᠤᠷᠲᠠᠯ | ᠴᠢᠩᠭ᠎ᠠ ᠰᠠᠬᠢᠯᠭ᠎ᠠ ᠪᠠᠲᠤ ᠶᠢ ᠦᠨᠢ ᠡᠭᠦᠷᠢᠳᠡᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠬᠦ᠂ | ᠬᠠᠮᠢᠶᠠᠷᠬᠤ᠂ ᠬᠢᠨᠠᠯᠲᠠ ᠲᠠᠯᠪᠢᠬᠤ ᠴᠢᠳᠠᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠤᠰᠤᠨ ᠠᠰᠢᠭᠯᠠᠯᠲᠠ ᠶᠢᠨ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ᠬᠤᠶᠠᠷ ᠲᠤ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ | ᠲᠦᠷᠢᠮ ᠤᠨ ᠬᠥᠮᠦᠵᠢᠯ ᠢ ᠶᠡᠭᠡ ᠪᠠᠷ ᠠᠬᠢᠭᠤᠯᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ | ᠠᠬᠢᠭᠤᠯᠬᠤ ᠲᠠᠢ ᠤᠶᠠᠯᠳᠤᠭᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠴᠢᠩᠭᠠᠳᠬᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠣᠯᠭᠠᠨ᠂ ᠨᠠᠮ ᠤᠨ ᠭᠡᠰᠢᠭᠦᠨ ᠺᠠᠳ᠋ᠷᠴᠦᠳ | ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠭᠤᠷᠪᠠ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ | ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠱᠠᠲᠤᠨ ᠤ ᠨᠠᠮ | ᠤᠨ ᠵᠣᠬᠢᠶᠠᠨ ᠪᠠᠶᠢᠭᠤᠯᠤᠯᠲᠠ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠠᠮ ᠢ | ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠢᠭᠤᠴᠠᠯᠭ᠎ᠠ ᠶᠢ | ᠬᠤᠪᠢᠶᠠᠷᠢᠯᠠᠬᠤ᠂ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠬᠤ ᠶᠢ ᠱᠠᠳᠤ ᠱᠠᠳᠤ ᠪᠠᠷ ᠡᠷᠴᠢᠮᠵᠢᠭᠦᠯᠵᠦ᠂ ᠰᠠᠬᠢᠯᠭ᠎ᠠ | ᠪᠠᠲᠤ ᠪᠠᠶᠢᠴᠠᠭᠠᠬᠤ ᠪᠠᠶᠢᠭᠤᠯᠭ᠎ᠠ ᠶᠢᠨ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠡᠬᠡᠮᠵᠢᠯᠡᠬᠦ ᠲᠤᠭᠲᠠᠯᠴᠠᠭᠠᠨ ᠤ | ᠰᠦᠷᠳᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠭᠦᠷᠢᠳᠡ ᠵᠤᠬᠰᠤᠰᠢ ᠦᠭᠡᠢ | ᠪᠠᠶᠢᠬᠤ ᠪᠠᠶᠢᠯᠳᠤᠬᠤ ᠪᠤᠳᠤᠯᠭ᠎ᠠ ᠶᠢᠨ ᠬᠦᠴᠦᠨ ᠢ ᠪᠠᠲᠤᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠠᠭ | ᠢᠮᠠᠭᠲᠠ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠤᠰᠤᠨ | ᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠵᠡᠢ᠃ | ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠢᠩᠬᠢᠮ ᠤᠨ | ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ | ᠲᠢᠩᠬᠢᠮ ᠤᠨ ᠪᠠᠶᠢᠭᠤᠯᠭ᠎ᠠ ᠶᠢᠨ ᠡᠯ᠎ᠡ ᠨᠠᠮ ᠤᠨ ᠡᠭᠦᠷ ᠤᠨ ᠱᠦᠵᠢ᠂ ᠨᠠᠮ ᠤᠨ ᠡᠭᠦᠷ ᠤᠨ ᠰᠠᠬᠢᠯᠭ᠎ᠠ ᠪᠠᠲᠤ | ᠪᠠᠶᠢᠴᠠᠭᠠᠬᠤ ᠭᠡᠰᠢᠭᠦᠨ᠂ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠲᠢᠩᠬᠢᠮ ᠤᠨ ᠬᠠᠷᠢᠶ᠎ᠠ ᠨᠢᠭᠡᠴᠢ ᠶᠢᠨ ᠨᠠᠮ | ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠨᠢᠭᠡᠴᠢ ᠶᠢᠨ | ᠭᠤᠣᠯ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠨᠠᠮ ᠤᠨ ᠭᠡᠰᠢᠭᠦᠨ ᠺᠠᠳ᠋ᠷ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠲᠢᠩᠬᠢᠮ | ᠤᠨ ᠬᠠᠷᠢᠶᠠᠨ ᠤ ᠭᠠᠳᠠᠷ ᠤᠷᠤᠨ ᠳᠤ ᠰᠠᠭᠤᠭ᠎ᠠ ᠡᠯ᠎ᠡ ᠨᠢᠭᠡᠴᠢ ᠶᠢᠨ ᠨᠠᠮ ᠤᠨ ᠬᠤᠷᠢᠶᠠᠨ ᠤ ᠱᠦᠵᠢ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠭᠡᠰᠢᠭᠦᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠢᠩᠬᠢᠮ ᠤᠨ ᠪᠠᠶᠢᠭᠤᠯᠭ᠎ᠠ ᠶᠢᠨ ᠪᠦᠬᠦ | ᠠᠯᠪᠠᠲᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | ︵ᠡᠬᠡ ᠪᠢᠴᠢᠭ ᠢ ᠲᠢᠩᠭᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠬᠠᠩᠭᠠᠪᠠ︶ | |