ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠳᠠᠯᠠᠩ ᠬᠠᠰᠢᠯᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠠ | ᠭᠤᠤᠯ ᠤᠨ ᠭᠤᠯᠳᠤᠷᠢᠯ ᠢ ᠵᠠᠰᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠬᠤ | ᠶᠢᠨ ᠲᠤᠰᠠᠳᠠ᠂ 3 ᠳ᠋ᠤᠭᠠᠷ ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ | ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ | ᠶᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠬᠤᠯᠪᠣᠭᠳᠠᠯ ᠪᠥᠬᠦᠶ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ | ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠶᠡᠷᠦᠩᠬᠡᠶ ᠢᠨᠵᠧᠨᠧᠷ ᠵᠣᠣ ᠬᠠᠶ ᠴᠦᠨ | ᠬᠤᠷᠠᠯ ᠳᠤ ᠣᠷᠣᠯᠴᠠᠵᠠᠶ᠃ | | | | | | ᠬᠤᠷᠠᠯ ᠠᠴᠠ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠺᠣᠮᠫᠠᠨᠢ | ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤ ᠴᠠᠬᠢᠯᠭᠠᠨ ᠤ ᠬᠠᠶᠢᠨ | ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠢᠨᠵᠧᠨᠧᠷᠢᠩ ᠤᠨ ᠬᠤᠯᠪᠤᠭᠳᠠᠯ ᠪᠦᠬᠦᠢ | ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠱᠧᠩ ᠰᠢᠶᠤᠤ ᠶᠢᠦ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠬᠠᠰᠢᠯᠭ᠎ᠠ ᠶᠢ ᠪᠠᠷᠢᠮᠵᠢᠶ᠎ᠠ ᠳᠤ | ᠬᠦᠷᠦᠭᠦᠯᠬᠦ ᠪᠠ ᠭᠤᠤᠯ ᠤᠨ ᠭᠤᠯᠳᠤᠷᠢᠯ ᠢ ᠵᠠᠰᠠᠬᠤ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠣᠯ ᠶᠡᠷᠦᠩᠬᠡᠶ | ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠ ᠬᠠᠲᠤᠨ | ᠭᠤᠤᠯ ᠤᠨ ᠥᠪᠥᠷ ᠮᠣᠩᠭᠤᠯ ᠤᠨ ᠬᠡᠰᠡᠭ ᠤᠨ ᠣᠷᠳᠣ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠲᠠᠨᠢᠯᠲᠠ ᠪᠠᠨ | ᠳᠡᠭᠡᠭᠰᠢᠯᠡᠭᠦᠯᠦᠨ᠂ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠭᠦᠯᠵᠦ᠂ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠬᠤ ᠬᠡᠷᠡᠭᠲᠡᠶ ᠭᠡᠵᠦ ᠬᠡᠯᠡᠵᠡᠢ᠃ | ᠱᠧᠩ ᠰᠢᠶᠤᠤ ᠶᠢᠦ᠂ ᠲᠥᠷᠥᠯ ᠵᠦᠶᠯ ᠤᠨ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠵᠤ ᠵᠣᠬᠢᠴᠠᠭᠤᠯᠬᠤ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠮᠥᠷᠳᠡᠨ ᠬᠢᠨᠠᠨ ᠵᠢᠯᠣᠭᠤᠳᠬᠤ ᠪᠠᠨ ᠴᠢᠩᠭᠠᠳᠬᠠᠨ᠂ ᠠᠬᠢᠴᠠ ᠶᠢ | ᠪᠥᠬᠦ ᠲᠠᠯ᠎ᠠ ᠪᠠᠷ ᠡᠵᠡᠮᠰᠢᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ | ᠬᠡᠷᠡᠭᠲᠡᠶ᠃ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠨᠢ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ | ᠴᠤᠪᠤᠷᠠᠯ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠠᠷᠢᠯᠢᠬᠵᠢᠭᠤᠯᠤᠨ ᠰᠢᠯᠢᠳᠡᠭᠵᠢᠭᠦᠯᠵᠦ ᠲᠥᠷᠥᠯ | ᠵᠦᠶᠯ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠢᠳᠡᠪᠬᠢᠲᠡᠶ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠱᠧᠩ ᠰᠢᠶᠤᠤ ᠶᠢᠦ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠤᠯᠤᠯᠴᠠᠭ᠎ᠠ ᠵᠣᠬᠢᠴᠠᠭᠤᠯᠭ᠎ᠠ ᠪᠠᠨ | ᠴᠢᠨᠠᠭᠰᠢᠳᠠ ᠴᠢᠩᠭᠠᠳᠬᠠᠵᠤ᠂ ᠨᠢᠭᠲᠠ ᠬᠠᠮᠵᠢᠯᠴᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠦᠨᠡᠨ ᠬᠦ ᠪᠦᠷᠢᠨ᠂ ᠪᠣᠳᠠᠲᠠᠢ᠂ ᠨᠠᠷᠢᠯᠢᠭ᠂ ᠭᠦᠨᠵᠡᠭᠡᠢ ᠬᠢᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠤᠨ ᠶᠠᠰᠤ ᠴᠢᠨᠠᠷ ᠪᠣᠯᠤᠨ ᠭᠦᠨᠴᠡ ᠶᠢ ᠦᠨᠡᠨ ᠬᠦ ᠪᠠᠲᠤᠯᠠᠵᠤ᠂ ᠡᠷᠲᠡᠬᠡᠨ ᠠᠵᠢᠯ ᠡᠬᠢᠯᠡᠭᠦᠯᠦᠨ ᠪᠦᠳᠦᠭᠡᠨ | ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠭᠡᠷ᠂ ᠡᠳ᠋ ᠤᠨ ᠵᠠᠰᠠᠭ ᠤᠨ ᠭᠠᠵᠠᠷ ᠤᠨ ᠬᠠᠷᠢᠭᠤᠴᠠᠯᠭᠠᠲᠠᠨ | ᠨᠠᠷ ᠬᠤᠷᠠᠯ ᠳᠤ ᠣᠷᠣᠯᠴᠠᠪᠠ᠃ | |