3 ᠳ᠋ᠤᠭᠠᠷ ᠰᠠᠷ᠎ᠠ ᠶᠢᠨ 13 ᠤ ᠡᠳᠦᠷ ᠤᠰᠤᠨ ᠰᠢᠨᠵᠢᠯᠡᠭᠡ ᠤᠰᠤᠨ ᠤ ᠡᠬᠢ ᠪᠠᠶᠠᠯᠢᠭ ᠤᠨ ᠲᠥᠪ ᠪᠥᠬᠦ | ᠣᠷᠣᠨ ᠤ ᠤᠰᠤᠨ ᠰᠢᠨᠵᠢᠯᠡᠭᠡᠨ ᠤ ᠠᠶᠤᠯᠭᠦᠢ ᠦᠶᠯᠡᠳᠪᠦᠷᠢᠯᠡᠯ ᠤᠨ ᠠᠵᠢᠯ ᠤᠨ ᠲᠧᠯᠸᠢᠰ ᠤᠳᠠᠰᠦ ︵ᠸᠢᠳᠢᠤ᠋︶ | ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ᠂ ᠤᠰᠤᠨ ᠠᠰᠢᠭᠯᠠᠯᠲᠠ ᠶᠢᠨ ᠲᠢᠩᠬᠢᠮ ᠤᠨ ᠠᠶᠤᠯᠭᠦᠢ ᠦᠶᠯᠡᠳᠪᠦᠷᠢᠯᠡᠯ ᠤᠨ ᠠᠵᠢᠯ | ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠤᠰᠤᠨ ᠰᠢᠨᠵᠢᠯᠡᠭᠡᠨ ᠤ ᠠᠶᠤᠯᠭᠦᠢ | ᠦᠶᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃ ᠨᠠᠮ ᠤᠨ ᠲᠦᠪ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ | ᠵᠢᠶᠦ᠋ᠨ ᠨᠥᠬᠦᠷ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | | | | | | ᠬᠤᠷᠠᠯ ᠠᠴᠠ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠬᠢᠨ ᠪᠠᠶᠢᠳᠠᠯ ᠢ ᠲᠣᠳᠣᠷᠬᠠᠢ | ᠲᠠᠨᠢᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ | ᠤᠰᠤᠨ ᠰᠢᠨᠵᠢᠯᠡᠭᠡᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ︽ᠴᠠᠭ | ᠢᠮᠠᠭᠲᠠ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ︽ᠠᠮᠤᠷ ᠲᠦᠪᠰᠢᠨ ᠤ ᠬᠥᠪᠴᠢ︾ | ᠶᠢ ᠴᠢᠩᠭ᠎ᠠ ᠠᠳᠬᠤᠵᠤ᠂ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠴᠢᠩᠭ᠎ᠠ ᠴᠢᠩᠭᠠᠯᠠᠬᠤ ᠬᠡᠷᠡᠭᠲᠡᠢ︔ ᠭᠦᠨ | ᠨᠦᠬᠡᠨ ᠳᠤ ᠤᠷᠤᠭᠰᠠᠨ ᠮᠡᠲᠦ᠂ ᠨᠢᠮᠭᠡᠨ ᠮᠦᠰᠦᠨ ᠳᠡᠭᠡᠷ᠎ᠡ ᠭᠢᠰᠭᠢᠬᠦ ᠮᠡᠲᠦ᠂ ᠢᠮᠠᠭᠲᠠ ᠳᠡᠭᠡᠳᠦ ᠬᠡᠮᠵᠢᠶᠡᠨ ᠤ | ᠰᠣᠨᠣᠷ ᠰᠡᠷᠡᠮᠵᠢ ᠲᠠᠢ ᠪᠠᠶᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ | ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠬᠤ ᠬᠡᠷᠡᠭᠲᠡᠢ᠃ ᠪᠣᠭᠤᠮᠲᠠ ᠠᠴᠠ ᠡᠮᠦᠨ᠎ᠡ | ᠰᠢᠯᠵᠢᠵᠦ᠂ ᠠᠮᠤᠷ ᠲᠦᠪᠰᠢᠨ ᠤ ᠵᠥᠪᠰᠢᠶᠡᠷᠡᠯ ᠤᠨ ᠪᠣᠭᠤᠮᠲᠠ ᠶᠢ ᠰᠠᠶᠢᠲᠤᠷ ᠰᠠᠬᠢᠵᠤ᠂ ᠤᠰᠤᠨ ᠰᠢᠨᠵᠢᠯᠡᠭᠡᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ᠂ ᠤᠰᠤᠨ ᠰᠢᠨᠵᠢᠯᠡᠭᠡᠨ ᠤ ᠬᠡᠮᠵᠢᠯᠲᠡ ᠶᠢᠨ | ᠦᠷᠲᠡᠭᠡᠨ ᠤ ᠠᠮᠤᠷ ᠲᠦᠪᠰᠢᠨ᠂ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂ ᠲᠡᠷᠭᠡ ᠬᠥᠰᠬᠡ ᠶᠢᠨ ᠠᠮᠤᠷ | ᠲᠦᠪᠰᠢᠨ ᠵᠡᠷᠭᠡ ᠭᠤᠤᠯᠳᠠᠯᠭ᠎ᠠ ᠶᠢᠨ ᠲᠣᠭᠤᠷᠢᠨ ᠳᠤ ︽ᠴᠠᠭ ᠢᠮᠠᠭᠲᠠ ᠳᠠᠯᠳᠠ ᠬᠡᠮ ᠢ ᠪᠠᠶᠢᠴᠠᠭᠠᠵᠤ᠂ ᠥᠴᠦᠬᠡᠨ | ᠴᠦ ᠨᠠᠶᠢᠷ ᠲᠠᠯᠪᠢᠬᠤ ᠦᠭᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ︾ ᠪᠠᠷ ᠭᠤᠤᠯᠳᠠᠭᠤᠯᠵᠤ᠂ ᠤᠰᠤᠨ | ᠰᠢᠨᠵᠢᠯᠡᠭᠡᠨ ᠤ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠠᠶᠤᠯᠭᠦᠢ | ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠬᠡᠰᠡᠭ ᠤᠨ ᠲᠤᠬᠠᠢ ᠱᠠᠯᠠᠪᠳᠠᠭᠤᠯᠤᠨ | ᠵᠢᠯᠣᠭᠤᠳᠬᠤ ᠪᠠᠨ ᠴᠢᠩᠭᠠᠳᠬᠠᠵᠤ᠂ ︽ᠡᠷᠬᠢᠨ ᠬᠠᠷᠠᠬᠤ︾᠂ ︽ᠴᠢᠩᠭᠠᠳᠬᠠᠬᠤ ᠲᠠᠷᠢᠯᠭ᠎ᠠ︾᠂ ︽ᠣᠨᠴᠠᠭᠠᠢ | ᠬᠠᠷᠠᠭᠠᠯᠵᠠᠯ ᠦᠵᠡᠭᠦᠯᠬᠦ︾ ᠵᠡᠷᠭᠡ ᠠᠷᠭ᠎ᠠ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠣᠷᠣᠨ ᠤ ᠤᠰᠤᠨ | ᠰᠢᠨᠵᠢᠯᠡᠭᠡᠨ ᠤ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠴᠦ᠂ ᠪᠦᠬᠦ ᠣᠷᠣᠨ ᠤ ᠤᠰᠤᠨ ᠰᠢᠨᠵᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ | ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠲᠥᠪ ᠤᠨ ᠪᠦᠬᠦ ᠺᠠᠳ᠋ᠷ ᠠᠵᠢᠯᠳᠠᠨ ᠭᠤᠣᠯ ᠬᠤᠷᠠᠯ ᠤᠨ | ᠲᠠᠯᠠᠪᠠᠢ ᠳᠤ᠂ ᠡᠯ᠎ᠡ ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠬᠤᠪᠢᠶᠠᠷᠢ ᠲᠦᠪ ᠤᠨ ᠤᠳᠤᠷᠢᠳᠬᠤ | ᠪᠠᠭ ᠤᠨ ᠪᠦᠷᠢᠯᠳᠦᠬᠦᠨ᠂ ᠭᠤᠭᠴᠤᠭ᠎ᠠ ᠶᠢᠨ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | | | |